ᠥᠪᠥᠷ ᠮᠣᠩᠭᠤᠯ ᠬᠤᠲᠠ ᠬᠦᠳᠡᠭᠡ ᠶᠢᠨ ᠬᠦᠳᠡᠯᠮᠦᠷᠢ ᠬᠦᠴᠦ ᠶᠢᠨ ᠵᠠᠬ᠎ᠠ ᠳᠡᠯᠭᠡᠭᠦᠷ ᠢ ᠨᠢᠭᠡ  ᠴᠣᠭᠴᠠᠵᠢᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2016/1/14
     ᠣᠷᠴᠢᠮᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠬᠤᠲᠠ ᠬᠦᠳᠡᠭᠡ ᠶᠢᠨ ᠬᠦᠳᠡᠯᠮᠦᠷᠢ ᠬᠦᠴᠦ ᠶᠢᠨ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠬᠤ ᠲᠣᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠥᠪᠥᠷ ᠮᠣᠩᠭᠤᠯ ᠬᠤᠲᠠ ᠬᠦᠳᠡᠭᠡ ᠶᠢᠨ ᠨᠢᠭᠡ ᠴᠣᠭᠴᠠᠵᠢᠭᠤᠯᠤᠨ ᠠᠵᠢᠯ ᠣᠯᠭᠤᠬᠤ ᠳᠦᠷᠢᠮ ᠢ ᠪᠠᠶᠢᠭᠤᠯᠬᠤ᠂ ᠬᠤᠲᠠ ᠬᠦᠳᠡᠭᠡ ᠶᠢᠨ ᠡᠷᠦᠬᠡ ᠠᠮᠠ ᠶᠢᠨ ᠳᠦᠷᠢᠮ ᠢ ᠲᠦᠯᠬᠢᠨ ᠠᠬᠢᠭᠤᠯᠬᠤ ᠵᠡᠷᠭᠡ ᠪᠠᠷ ᠳᠠᠮᠵᠢᠭᠤᠯᠤᠨ ᠬᠤᠲᠠ ᠬᠦᠳᠡᠭᠡ ᠶᠢᠨ ᠬᠦᠳᠡᠯᠮᠦᠷᠢ ᠬᠦᠴᠦ ᠶᠢᠨ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠪᠤᠢ᠃       ︽ᠰᠠᠨᠠᠯ︾᠎ ᠤᠨ ᠶᠣᠰᠤᠭᠠᠷ᠂ ᠥᠪᠥᠷ ᠮᠣᠩᠭᠤᠯ ᠠᠵᠢᠯ ᠣᠯᠭᠤᠯᠲᠠ ᠬᠢᠭᠡᠳ ᠠᠵᠢᠯ ᠠᠯᠳᠠᠯᠲᠠ ᠶᠢ ᠲᠡᠮᠳᠡᠭᠯᠡᠬᠦ ᠨᠢᠭᠡᠳᠦᠯᠲᠡᠢ ᠳᠦᠷᠢᠮ᠂ ᠵᠠᠬ᠎ᠠ ᠳᠡᠯᠭᠡᠭᠦᠷᠴᠢᠯᠡᠭᠰᠡᠨ ᠠᠵᠢᠯᠲᠠᠨ ᠠᠵᠢᠯᠴᠢᠨ ᠬᠡᠷᠡᠭᠯᠡᠬᠦ ᠨᠢᠭᠡᠳᠦᠯᠲᠡᠢ ᠳᠦᠷᠢᠮ᠂ ᠬᠤᠲᠠ ᠬᠦᠳᠡᠭᠡ ᠶᠢᠨ ᠬᠦᠳᠡᠯᠮᠦᠷᠢ ᠶᠢᠨ ᠬᠦᠯᠦᠰᠦ ᠣᠯᠭᠤᠮᠵᠢ ᠶᠢᠨ ᠨᠢᠭᠡᠳᠦᠯᠲᠡᠢ  ᠳᠦᠷᠢᠮ ᠪᠣᠯᠣᠨ ᠬᠤᠲᠠ ᠬᠦᠳᠡᠭᠡ ᠶᠢᠨ ᠪᠣᠯᠪᠠᠰᠤᠷᠠᠭᠤᠯᠤᠯ ᠤᠨ ᠨᠢᠭᠡᠳᠦᠯᠲᠡᠢ ᠳᠦᠷᠢᠮ ᠢ ᠬᠡᠷᠡᠭᠵᠢᠭᠦᠯᠵᠦ᠂ ᠬᠤᠲᠠ ᠬᠦᠳᠡᠭᠡ ᠢ ᠨᠢᠭᠡ ᠴᠣᠭᠴᠠᠵᠢᠭᠤᠯᠤᠭᠰᠠᠨ ᠠᠵᠢᠯ ᠣᠯᠭᠤᠬᠤ ᠳᠦᠷᠢᠮ ᠢ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠬᠦᠳᠡᠯᠮᠦᠷᠢ ᠬᠦᠴᠦ ᠶᠢᠨ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ  ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯᠣᠨ᠎ᠠ᠃      ᠬᠤᠶᠢᠰᠢᠳᠠ᠂ ᠬᠤᠲᠠ ᠬᠦᠳᠡᠭᠡ ᠶᠢᠨ ᠬᠦᠳᠡᠯᠮᠦᠷᠢᠴᠢᠨ ᠢ ᠡᠯᠰᠡᠨ ᠬᠡᠷᠡᠭᠯᠡᠬᠦ ᠨᠢᠭᠡᠴᠡ ᠨᠦᠭᠦᠳ᠂ ᠲᠣᠭᠲᠠᠭᠠᠯ ᠶᠣᠰᠣᠭᠠᠷ ᠬᠦᠳᠡᠯᠮᠦᠷᠢ ᠬᠦᠴᠦ ᠬᠡᠷᠡᠭᠯᠡᠬᠦ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠣᠰᠤᠭᠠᠷ ᠬᠤᠲᠠ ᠬᠦᠳᠡᠭᠡ ᠶᠢᠨ ᠬᠦᠳᠡᠯᠮᠦᠷᠢ ᠬᠦᠴᠦ ᠶᠢᠨ ᠡᠬᠢ ᠪᠠᠶᠠᠯᠢᠭ ᠢ ᠲᠣᠬᠢᠷᠠᠭᠤᠯᠵᠤ᠂ ᠬᠤᠲᠠ ᠬᠦᠳᠡᠭᠡ ᠶᠢᠨ ᠨᠢᠭᠡᠳᠦᠯᠲᠡᠢ ᠵᠠᠬ᠎ᠠ ᠳᠡᠯᠭᠡᠭᠦᠷᠴᠢᠯᠡᠭᠰᠡᠨ ᠬᠦᠮᠦᠨ ᠬᠡᠷᠡᠭᠯᠡᠬᠦ ᠳᠦᠷᠢᠮ ᠢ ᠬᠡᠷᠡᠭᠵᠢᠭᠦᠯᠦᠨ᠎ᠡ᠃        ᠡᠭᠦᠨ ᠠᠴᠠ ᠭᠠᠳᠠᠨ᠎ᠠ᠂  ᠪᠠᠰᠠ ︽ ᠱᠠᠭᠠᠷᠳᠠᠯᠭ᠎ᠠ ᠪᠠᠨ ᠳᠣᠷᠣᠭᠰᠢᠯᠠᠭᠤᠯᠬᠤ᠂ ᠲᠥᠷᠥ ᠶᠢᠨ ᠪᠣᠳᠣᠯᠭ᠎ᠠ ᠎ ᠶᠢ ᠠᠭᠤᠵᠢᠭᠤ ᠲᠠᠯᠪᠢᠬᠤ᠂ ᠭᠠᠷᠳᠠᠮ ᠢ ᠳᠦᠭᠦᠮᠴᠢᠯᠡᠬᠦ︾ ᠱᠠᠭᠠᠷᠳᠠᠯᠭ᠎ᠠ ᠶᠣᠰᠣᠭᠠᠷ᠂ ᠬᠤᠲᠠ ᠪᠣᠯᠣᠨ ᠪᠠᠶᠢᠭᠤᠯᠤᠯᠲᠠᠲᠤ ᠪᠠᠯᠭᠠᠰᠤ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠬᠠᠣᠯᠢ ᠶᠣᠰᠣᠨ ᠤ ᠲᠣᠭᠲᠠᠮᠠᠯ ᠣᠷᠣᠨ ᠰᠠᠭᠤᠴᠠ ᠲᠠᠢ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠬᠦ ᠬᠦᠮᠦᠨ ᠠᠮᠠ ᠵᠢᠴᠢ ᠭᠡᠷ ᠪᠦᠯᠢ ᠶᠢᠨ ᠪᠦᠷᠢᠯᠳᠦᠭᠦᠨ ᠨᠢ ᠣᠷᠣᠰᠢᠨ ᠰᠠᠭᠤᠭ᠎ᠠ ᠬᠤᠲᠠ ᠪᠠᠯᠭᠠᠰᠤ ᠳᠤ ᠪᠠᠶᠢᠩᠭᠤ ᠰᠠᠭᠤᠷᠢᠰᠢᠬᠤ ᠡᠷᠦᠬᠡ ᠠᠮᠠ ᠶᠢᠨ ᠳᠠᠩᠰᠠᠨ ᠳᠤ ᠳᠠᠩᠰᠠᠯᠠᠭᠤᠯᠬᠤ ᠭᠤᠶᠣᠴᠢᠯᠠᠯ ᠢ ᠨᠢ ᠵᠥᠪᠰᠢᠶᠡᠷᠡᠨ᠎ᠡ᠃ ᠬᠦᠬᠡᠬᠤᠲᠠ᠂ ᠪᠣᠭᠤᠲᠤ ᠬᠤᠲᠠ ᠶᠢᠨ ᠲᠣᠭᠤᠷᠢᠭ ᠵᠢᠴᠢ ᠪᠤᠰᠤᠳ ᠬᠤᠲᠠ᠂ ᠪᠠᠶᠢᠭᠤᠯᠤᠯᠲᠠᠲᠤ ᠪᠠᠯᠭᠠᠰᠤ ᠳᠤ ᠬᠠᠣᠯᠢ ᠶᠣᠰᠣᠨ ᠤ ᠲᠣᠭᠲᠠᠮᠠᠯ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠵᠦ ᠢᠷᠡᠭᠰᠡᠨ ᠬᠦᠮᠦᠨ ᠠᠮᠠ ᠶᠢᠨ ᠪᠠᠶᠢᠩᠭᠤ ᠰᠠᠭᠤᠷᠢᠰᠢᠬᠤ ᠡᠷᠦᠭᠡ ᠠᠮᠠ ᠶᠢᠨ ᠳᠠᠩᠰᠠᠨ ᠳᠤ ᠳᠠᠩᠰᠠᠯᠠᠭᠤᠯᠬᠤ ᠨᠦᠬᠦᠴᠡᠯ ᠢ ᠰᠤᠳᠤᠯᠤᠨ ᠲᠣᠭᠲᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠤᠲᠠ ᠪᠠᠯᠭᠠᠰᠤ ᠳᠤ ᠡᠷᠦᠬᠡ ᠠᠮᠠ ᠪᠠᠨ ᠣᠷᠣᠭᠤᠯᠬᠤ ᠠᠷᠭ᠎ᠠ ᠵᠠᠮ ᠢ ᠰᠢᠯᠤᠭᠤᠳᠬᠠᠨ᠎ᠠ᠃ ᠲᠠᠷᠢᠶᠠᠯᠠᠩ ᠤᠨ ᠪᠠ ᠲᠠᠷᠢᠶᠠᠯᠠᠩ ᠤᠨ ᠪᠤᠰᠤ ᠶᠢᠨ ᠡᠷᠦᠬᠡ ᠠᠮᠠ ᠶᠢᠨ ᠰᠢᠨᠵᠢ ᠴᠢᠨᠠᠷ ᠤᠨ ᠬᠤᠪᠢᠶᠠᠷᠢᠯᠠᠯ ᠢ ᠥᠭᠡᠶᠢᠰᠭᠡᠵᠦ᠂ ᠬᠤᠲᠠ ᠬᠦᠳᠡᠭᠡ ᠶᠢᠨ ᠨᠢᠭᠡᠳᠦᠯᠲᠡᠢ ᠡᠷᠦᠬᠡ ᠠᠮᠠ ᠳᠠᠩᠰᠠᠯᠠᠬᠤ ᠳᠦᠷᠢᠮ ᠢ ᠪᠠᠶᠢᠭᠤᠯᠤᠨ᠎ᠠ᠃      ︽ᠰᠠᠨᠠᠯ︾᠎ ᠳᠤ ᠲᠣᠲᠣᠷᠬᠠᠶᠢᠯᠠᠭᠰᠠᠨ ᠨᠢ᠂ ᠡᠯ᠎ᠡ ᠨᠢᠭᠡᠴᠡ ᠨᠦᠭᠦᠳ ᠡᠷᠦᠬᠡ ᠠᠮᠠ ᠨᠢ ᠮᠠᠯᠵᠢᠬᠤ ᠲᠠᠷᠢᠶᠠᠯᠠᠬᠤ ᠣᠷᠣᠨ ᠳᠤ ᠪᠠᠶᠢᠭ᠎ᠠ ᠠᠵᠢᠯᠲᠠᠨ ᠠᠵᠢᠯᠴᠢᠨ ᠢ ᠡᠯᠰᠡᠨ ᠬᠡᠷᠡᠭᠯᠡᠪᠡᠯ᠂ ᠲᠣᠭᠲᠠᠭᠠᠯ ᠶᠣᠰᠤᠭᠠᠷ ᠲᠡᠳᠡᠨ ᠎ ᠲᠠᠢ ᠭᠡᠷ᠎ᠡ ᠲᠣᠭᠲᠠᠵᠣ᠂ ᠲᠡᠳᠡᠨᠡᠷ ᠢ ᠵᠣᠬᠢᠶᠠᠨ ᠪᠠᠶᠢᠭᠤᠯᠵᠤ ᠪᠠᠶᠢᠭᠠᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠤᠯᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号