| 1 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ︵ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ︶ | 2016 ᠣᠨ ᠤ ᠪᠦᠬᠦ ᠣᠷᠣᠨ ᠤ ᠲᠡᠭᠡᠭᠡᠪᠦᠷᠢ ᠪᠤᠯᠤᠨ ᠲᠡᠯᠡᠢ ᠶᠢᠨ ᠶᠠᠪᠤᠳᠠᠯ ᠤᠨ ᠠᠵᠢᠯ ᠤᠨ ᠬᠤᠷᠠᠯ ᠢ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠶᠡᠷᠦᠩᠬᠡᠶ ᠢᠨᠵᠧᠨᠧᠷᠴᠢ | ᠯᠢ ᠡᠾᠧ ᠫᠢᠡᠭ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ | ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ︵ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ︶ | ᠶᠢᠨ ᠳᠡᠳ᠋ ᠳᠠᠷᠤᠭ᠎ᠠ ᠸᠧᠶ ᠵᠧᠩ ᠮᠤᠤ ᠬᠤᠷᠠᠯ ᠡᠷᠬᠢᠯᠡᠵᠦ᠂ ᠲᠢᠩᠬᠢᠮ ᠤᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠶᠢᠴᠠᠭᠠᠨ ᠰᠤᠳᠤᠯᠤᠭᠴᠢ ᠸᠠᠩ ᠪᠢ ᠯᠢᠶᠠᠩ᠂ ᠲᠢᠩᠬᠢᠮ ᠤᠨ ᠠᠵᠢᠯ | ᠮᠡᠷᠭᠡᠵᠢᠯ ᠤᠨ ᠬᠢᠷᠢ ᠬᠡᠮ ᠤᠨ ᠲᠥᠪ ᠤᠨ ᠡᠷᠬᠢᠯᠡᠭᠴᠢ ᠯᠢᠤ ᠬᠤᠨᠭ᠌ ᠪᠦᠸᠧ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭᠠᠨ ᠤ ᠵᠢᠷᠤᠭ ᠲᠥᠯᠥᠪᠯᠡᠭᠡ ᠰᠤᠳᠤᠯᠬᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠵᠢᠶᠠ ᠵᠧᠨ᠂ ᠥᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ | ᠲᠣᠪᠴᠢᠶ᠎ᠠ ︵ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ︶ ᠶᠢᠨ ᠳᠠᠷᠤᠭ᠎ᠠ ᠰᠦ ᠬᠤᠢ᠂ ᠡᠯ᠎ᠡ | ᠠᠶᠢᠮᠠᠭ ᠬᠤᠲᠠ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ︵ᠲᠣᠪᠴᠢᠶ᠎ᠠ︶᠂ ᠣᠷᠣᠨ ᠨᠤᠲᠤᠭ ᠤᠨ | ᠳᠠᠯᠠᠢ ᠶᠢᠨ ᠶᠠᠪᠤᠳᠠᠯ ᠤᠨ ᠲᠣᠪᠴᠢᠶ᠎ᠠ ︵ᠭᠠᠵᠠᠷ︶ ᠶᠢᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ | ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ︵ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ︶ | ᠶᠢᠨ ᠭᠤᠤᠯᠯᠠᠭᠴᠢ ᠺᠠᠳ᠋ᠷᠴᠤᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠱᠦᠵᠢ ᠯᠢᠶᠠᠨ ᠰᠦ ᠶᠢᠨ ᠬᠢᠭᠰᠡᠨ 2016 ᠣᠨ ᠤ ᠵᠠᠮ ᠲᠡᠭᠡᠭᠡᠪᠦᠷᠢ ᠶᠢᠨ | ᠠᠵᠢᠯ ᠤᠨ ᠬᠠᠷᠢᠭᠤ ᠮᠡᠳᠡᠭᠦᠯᠦᠯᠲᠡ ᠪᠤᠯᠤᠨ ᠤᠳᠤᠷᠢᠳᠤᠯᠭ᠎ᠠ ᠶᠢᠨ ᠶᠠᠷᠢᠶ᠎ᠠ ᠶᠢᠨ ᠲᠤᠭᠤᠷᠢᠨ ᠳᠤ ᠶᠠᠷᠢᠯᠴᠠᠭᠰᠠᠨ ᠤ | ᠬᠠᠮᠲᠤ ᠠᠵᠢᠯ ᠢᠶᠠᠨ ᠰᠤᠯᠢᠯᠴᠠᠪᠠ᠃ | ᠲᠤᠪᠴᠢᠶ᠎ᠠ ᠶᠢᠨ ᠳᠠᠷᠤᠭ᠎ᠠ ᠰᠦ ᠬᠤᠢ 2015 ᠣᠨ ᠪᠤᠯᠤᠨ ︽12·5︾ ᠶᠢᠨ | ᠲᠦᠯᠦᠪᠵᠢᠬᠦᠯᠭᠡ ᠶᠢᠨ ᠬᠤᠭᠤᠴᠠᠭᠠᠨ ᠳᠠᠬᠢ ᠪᠦᠬᠦ ᠣᠷᠣᠨ ᠤ ᠲᠡᠭᠡᠭᠡᠪᠦᠷᠢ ᠪᠤᠯᠤᠨ ᠲᠡᠯᠡᠢ ᠶᠢᠨ ᠶᠠᠪᠤᠳᠠᠯ ᠤᠨ | ᠠᠵᠢᠯ ᠢ ᠲᠤᠰ ᠲᠤᠰ ᠡᠷᠭᠢᠴᠡᠭᠦᠯᠵᠦ᠂ ᠣᠳᠣᠬᠠᠨ ᠤ ᠲᠤᠯᠭᠠᠷᠠᠵᠤ ᠪᠠᠶᠢᠭ᠎ᠠ ᠠᠰᠭᠤᠳᠠᠯ ᠪᠤᠯᠤᠨ ᠠᠵᠢᠯ ᠤᠨ | ᠳᠤᠲᠠᠮᠠᠭ ᠲᠠᠯ᠎ᠠ ᠶᠢ ᠵᠠᠳᠠᠯᠤᠭᠠᠳ᠂ ᠡᠷᠬᠡᠪᠰᠢ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾ ᠢ ᠪᠠᠲᠤ ᠪᠠᠬᠢ | ᠪᠤᠢ ᠪᠤᠯᠭᠠᠵᠤ᠂ ︽ᠳᠥᠷᠪᠡᠨ ᠲᠤᠪᠤᠶᠢᠮ᠎ᠠ︾ ᠶᠢ ᠭᠤᠣᠯᠳᠠᠯᠭ᠎ᠠ ᠲᠠᠢ ᠡᠵᠡᠮᠰᠢᠵᠤ᠂ ᠰᠢᠨ᠎ᠡ ᠡᠬᠢᠯᠡᠯᠲᠡ ᠶᠢᠨ | ᠴᠢᠭ᠋ ᠠᠴᠠ ︽13 · 5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠪᠦᠬᠦ ᠣᠷᠣᠨ ᠤ ᠲᠡᠭᠡᠭᠡᠪᠦᠷᠢ ᠪᠤᠯᠤᠨ | ᠲᠡᠯᠡᠢ ᠶᠢᠨ ᠶᠠᠪᠤᠳᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠶᠢᠨ ᠬᠠᠮᠲᠤ᠂ 2016 | ᠣᠨ ᠤ ᠲᠡᠭᠡᠭᠡᠪᠦᠷᠢ ᠪᠤᠯᠤᠨ ᠲᠡᠯᠡᠢ ᠶᠢᠨ ᠶᠠᠪᠤᠳᠠᠯ ᠤᠨ ᠠᠵᠢᠯ ᠤᠨ ᠡᠭᠦᠷᠭᠡ ᠶᠢ ᠶᠢᠰᠦᠨ ᠲᠠᠯ᠎ᠠ ᠪᠠᠷ | ᠲᠤᠲᠤᠷᠬᠠᠶᠢᠯᠠᠵᠤ᠂ ︽13·5︾ ᠶᠢᠨ ᠲᠦᠯᠦᠪᠵᠢᠬᠦᠯᠭᠡ ᠶᠢᠨ ᠰᠠᠶᠢᠠ ᠡᠬᠢᠯᠡᠯᠲᠡ ᠲᠠᠢ ᠪᠦᠭᠡᠳ ᠰᠠᠶᠢᠲᠤᠷ | ᠡᠬᠢᠯᠡᠭᠦᠯᠬᠦ ᠶᠢ ᠪᠠᠲᠤᠯᠠᠬᠤ ᠬᠡᠷᠡᠭᠲᠠᠢ ᠭᠡᠵᠤ ᠴᠢᠬᠤᠯᠠᠴᠢᠯᠠᠪᠠ᠃ | ᠬᠤᠷᠠᠯ ᠤᠨ ᠲᠡᠭᠦᠰᠭᠡᠯ ᠳᠤ᠂ ᠶᠡᠷᠦᠩᠬᠡᠶ ᠢᠨᠵᠧᠨᠧᠷᠴᠢ ᠯᠢ ᠡᠾᠧ ᠫᠢᠡᠭ ᠴᠢᠬᠤᠯᠠ ᠶᠠᠷᠢᠶ᠎ᠠ ᠲᠠᠯᠪᠢᠪᠠ᠃ | ᠲᠡᠷᠡ 2015 ᠣᠨ ᠪᠤᠯᠤᠨ ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠪᠦᠬᠦ ᠣᠷᠣᠨ ᠤ | ᠲᠡᠭᠡᠭᠡᠪᠦᠷᠢ ᠪᠤᠯᠤᠨ ᠲᠡᠯᠡᠢ ᠶᠢᠨ ᠶᠠᠪᠤᠳᠠᠯ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ | ᠭᠦᠢᠴᠡᠳ ᠨᠤᠲᠠᠯᠠᠵᠤ᠂ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠤᠯᠤᠨ ᠥᠷᠢᠰᠥᠯᠳᠦᠭᠡᠨ ᠢ | ᠣᠨᠣᠪᠴᠢᠲᠠᠶ ᠰᠤᠳᠤᠯᠤᠨ ᠮᠠᠭᠠᠳᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠦᠨ | ᠬᠥᠭᠵᠢᠭᠦᠯᠬᠦ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠲᠠᠯ᠎ᠠ ᠪᠠᠷ ᠬᠤᠶᠢᠰᠢᠳᠠ ᠶᠢᠨ ᠠᠵᠢᠯ ᠤᠨ ᠴᠢᠭᠯᠡᠯ ᠢ | ᠲᠣᠳᠣᠷᠬᠠᠶ ᠵᠢᠭᠠᠭᠰᠠᠨ ᠤ ᠬᠠᠮᠲᠤ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠵᠢᠯ ᠢ ᠨᠠᠷᠢᠨ ᠨᠢᠮᠪᠠᠶ ᠵᠣᠬᠢᠶᠠᠨ | ᠪᠠᠶᠢᠭᠤᠯᠵᠤ ᠰᠠᠶᠢᠲᠤᠷ ᠲᠤᠬᠢᠷᠠᠭᠤᠯᠬᠤ ᠶᠢ ᠣᠨᠴᠣᠭᠤᠶᠢᠯᠠᠨ ᠴᠢᠬᠤᠯᠠᠴᠢᠯᠠᠵᠤ᠂ ᠠᠶᠤᠯ ᠦᠭᠡᠢ ᠦᠢᠯᠡᠳᠪᠦᠷᠢᠯᠡᠯ ᠢ | ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠥᠷᠭᠡᠨ ᠤᠯᠠᠨ ᠲᠦᠮᠡᠨ ᠳᠤ ᠠᠶᠤᠯ ᠤᠢᠭᠡᠢ᠂ | ᠲᠠᠭᠠᠯᠠᠮᠵᠢᠲᠠᠶ᠂ ᠳᠥᠭᠦᠮ ᠳᠥᠲᠡ ᠠᠶᠠᠯᠠᠯ ᠤᠨ ᠣᠷᠴᠢᠨ ᠨᠥᠬᠦᠴᠡᠯ ᠢ ᠪᠦᠷᠢᠯᠳᠦᠬᠦᠯᠵᠤ ᠦᠭᠭᠦ ᠬᠡᠷᠡᠭᠲᠠᠢ | ᠭᠡᠪᠡ᠃ | ᠬᠤᠷᠠᠯ ᠳᠡᠭᠡᠷ᠎ᠡ ᠪᠠᠰᠠ 2015 ᠣᠨ ᠤ ᠲᠡᠭᠡᠭᠡᠪᠦᠷᠢ ᠪᠤᠯᠤᠨ ᠲᠡᠯᠡᠢ ᠶᠢᠨ ᠶᠠᠪᠤᠳᠠᠯ ᠤᠨ ᠠᠵᠢᠯ ᠳᠤ | ᠳᠤᠪᠤᠶᠢᠮ᠎ᠠ ᠠᠮᠵᠢᠯᠲᠠ ᠤᠯᠤᠭᠰᠠᠨ ᠨᠢᠭᠡᠴᠡ ᠶᠢ ᠰᠠᠶᠢᠰᠢᠶᠠᠨ ᠬᠥᠬᠢᠭᠦᠯᠵᠦ᠂ ᠡᠯ᠎ᠡ ᠠᠶᠢᠮᠠᠭ ᠬᠤᠳᠠ ᠶᠢᠨ | ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠤᠯᠤᠨ ᠲᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠲᠠᠢ 2016 ᠣᠨ ᠤ ᠬᠠᠷᠠᠯᠲᠠ ᠬᠠᠷᠢᠭᠤᠴᠠᠯᠭ᠎ᠠ ᠶᠢᠨ ᠪᠢᠴᠢᠭ ᠲᠤ ᠲᠤᠰ ᠲᠤᠰ ᠭᠠᠷ ᠤᠨ ᠦᠰᠦᠭ | ᠵᠢᠷᠤᠭᠰᠠᠨ ᠪᠠᠶᠢᠨ᠎ᠠ᠃ |