2008 ᠣᠨ ᠠᠴᠠ ᠡᠬᠢᠯᠡᠵᠦ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠨᠡᠶᠢᠭᠡᠮᠯᠢᠭ | ᠨᠢ ᠨᠢᠭᠦᠯᠡᠰᠦᠩᠭᠦᠶ ᠶᠢᠨ ᠦᠢᠯᠡᠰ ᠠᠴᠠ ᠠᠪᠤᠷᠠᠨ ᠲᠤᠰᠠᠯᠠᠵᠤ ᠡᠮᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠳᠠᠬᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠴᠢᠬᠤᠯᠠ | ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠪᠠ᠃ 2016 ᠣᠨ ᠳᠤ᠂ ᠥᠪᠡᠷᠲᠡᠭᠡᠨ ᠵᠠᠰᠠᠬᠤ ᠣᠷᠣᠨ ᠤ | ᠨᠢᠭᠦᠯᠡᠰᠦᠩᠭᠦᠶ ᠶᠢᠨ ᠶᠡᠷᠦᠩᠬᠡᠶ ᠨᠡᠶᠢᠭᠡᠮᠯᠢᠭ ᠪᠠᠰᠠ ᠪᠦᠬᠦ ᠣᠷᠣᠨ ᠳᠤ ᠬᠦᠨᠳᠦ ᠶᠡᠭᠡ ᠡᠪᠡᠳᠴᠢᠲᠡᠳ ᠢ | ᠨᠢᠭᠦᠯᠡᠰᠦᠩᠭᠦᠢ ᠶᠢᠨ ᠦᠢᠯᠡᠰ ᠠᠴᠠ ᠠᠪᠤᠷᠠᠨ ᠲᠤᠰᠠᠯᠠᠵᠤ ᠡᠮᠴᠢᠯᠡᠬᠦ 13 ᠳᠦᠷᠦᠯ ᠵᠦᠢᠯ ᠢ ᠦᠷᠨᠢᠭᠦᠯᠬᠦ ᠪᠠᠷ ᠪᠤᠢ᠃ | ᠡᠳᠡᠭᠡᠷ ᠲᠥᠷᠥᠯ ᠵᠦᠢᠯ ᠨᠢ ᠲᠤᠰᠪᠤᠷᠢ᠄ ᠶᠠᠳᠠᠭᠤ ᠬᠦᠴᠢᠷᠳᠡᠯᠲᠡᠢ ᠬᠦᠨᠳᠦ ᠣᠨᠴᠠᠭᠠᠢ ᠬᠦᠨᠳᠦ | ᠡᠪᠡᠳᠴᠢᠲᠡᠨ ᠢ ᠪᠡᠯᠡ ᠮᠥᠩᠭᠦ ᠪᠠᠷ ᠠᠪᠤᠷᠠᠨ ᠲᠤᠰᠠᠯᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠦᠨᠳᠦ ᠣᠨᠴᠠᠭᠠᠢ ᠭᠦᠨᠳᠦ ᠡᠪᠡᠳᠴᠢᠨ ᠡᠮᠬᠡᠭ ᠢ ᠨᠢᠭᠦᠯᠡᠰᠦᠩᠭᠦᠶ ᠶᠢᠨ ᠦᠢᠯᠡᠰ ᠠᠴᠠ ᠠᠪᠤᠷᠠᠨ ᠲᠤᠰᠠᠯᠠᠵᠤ | ᠡᠮᠴᠢᠯᠡᠬᠦ ᠲᠤᠰᠬᠠᠶ ᠰᠠᠭᠤᠷᠢ ᠮᠥᠩᠭᠦᠨ ᠤ ᠲᠥᠷᠥᠯ ᠵᠦᠢᠯ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠦᠨᠳᠦ | ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠪᠡᠯᠡ ᠮᠥᠩᠭᠦ ᠬᠠᠩᠭᠠᠬᠤ ᠪᠥᠬᠦ ᠣᠷᠣᠨ ᠤ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠬᠦᠨᠳᠦ ᠡᠪᠡᠳᠴᠢᠨ ᠢ ᠨᠢᠭᠦᠯᠡᠰᠦᠩᠭᠦᠶ ᠶᠢᠨ ᠦᠢᠯᠡᠰ ᠠᠴᠠ ᠠᠪᠤᠷᠠᠨ | ᠲᠤᠰᠠᠯᠠᠬᠤ ᠬᠠᠰᠢᠷ ᠦᠭᠡᠷ ᠲᠤᠰᠬᠠᠶ ᠵᠦᠢᠯ ᠤᠨ ᠰᠠᠭᠤᠷᠢ ᠮᠥᠩᠭᠦᠨ ᠤ ᠲᠥᠷᠥᠯ ᠵᠦᠢᠯ᠂ ᠶᠠᠳᠠᠭᠤ ᠬᠦᠴᠢᠷᠳᠡᠯᠲᠡᠶ | ᠭᠡᠷ ᠪᠦᠯᠢ ᠶᠢᠨ ᠲᠦᠷᠦᠯᠬᠢ ᠵᠢᠷᠤᠬᠡᠨ ᠡᠪᠡᠳᠴᠢᠨ ᠲᠠᠢ ᠬᠡᠦᠬᠡᠳ ᠢ ᠲᠦᠯᠦᠪᠦᠷᠢ ᠦᠭᠡᠢ ᠪᠠᠷ ᠮᠡᠰᠡ ᠵᠠᠰᠠᠯ ᠬᠢᠯᠭᠡᠬᠦ | ᠳᠤᠮᠳᠠᠳᠤ ᠤᠯᠤᠰ ᠤᠨ ᠰᠢᠯᠵᠢᠮᠡᠯ ᠴᠠᠬᠢᠯᠭᠠᠨ ᠤ ᠬᠠᠶᠢᠷ᠎ᠠ ︽ᠰᠡᠳᠬᠢᠯ︾ ᠤᠨ ᠠᠵᠢᠯᠯᠠᠭ᠎ᠠ — ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠲᠦᠷᠦᠯᠬᠢ ᠵᠢᠷᠦᠬᠡᠨ ᠡᠪᠡᠳᠴᠢᠨ ᠲᠠᠢ | ᠬᠡᠦᠬᠡᠳ ᠢ ᠠᠪᠤᠷᠠᠨ ᠲᠤᠰᠠᠯᠠᠬᠤ ᠲᠥᠯᠥᠪᠯᠡᠭᠡᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠶᠠᠳᠠᠭᠤ | ᠬᠦᠴᠢᠷᠳᠡᠯᠲᠡᠢ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠴᠢᠯᠡᠭᠡᠨ ᠤ ᠪᠠᠭᠠᠵᠢ | ᠬᠡᠷᠡᠭᠰᠡᠯ ᠪᠣᠯᠣᠨ ᠪᠤᠰᠤᠳ ᠡᠮᠴᠢᠯᠡᠭᠡᠨ ᠤ ᠵᠦᠢᠯᠡᠰ ᠬᠠᠨᠳᠢᠪᠯᠠᠬᠤ ᠨᠢᠭᠦᠯᠡᠰᠦᠩᠭᠦᠢ ᠶᠢᠨ ᠡᠮᠴᠢᠯᠡᠭᠡᠨ ᠤ ᠨᠠᠷᠠᠨ | ᠭᠡᠷᠡᠯᠲᠦ ᠲᠤᠰᠠᠯᠠᠬᠤ ᠢᠨᠵᠧᠨᠧᠷᠢᠩ ᠤᠨ ᠲᠥᠷᠥᠯ ᠵᠦᠢᠯ᠂ ᠤᠷᠤᠭᠤᠯ ᠰᠡᠲᠡᠷᠬᠡᠶ ᠲᠠᠩᠨᠠᠶ ᠬᠠᠭᠠᠷᠬᠠᠶ ᠡᠪᠡᠳᠴᠢᠲᠠᠨ ᠢ | ᠲᠦᠯᠦᠪᠦᠷᠢ ᠦᠭᠡᠢ ᠪᠠᠷ ᠵᠠᠰᠠᠵᠤ ᠰᠡᠷᠭᠦᠭᠡᠬᠦ ᠮᠡᠰᠡ ᠵᠠᠰᠠᠯ ᠬᠢᠯᠭᠡᠬᠦ ︽ᠢᠨᠢᠶᠡᠮᠰᠦᠭᠯᠡᠩᠭᠦᠢ ᠴᠤᠪᠤᠭ᠎ᠠ ᠲᠡᠷᠭᠡ︾ ᠤᠨ | ᠲᠥᠷᠥᠯ ᠵᠦᠢᠯ᠂ ᠤᠳᠠᠭᠠᠨ ᠴᠢᠨᠠᠷ ᠤᠨ ᠮᠥᠬᠦᠯᠢᠭ ᠡᠰᠲᠦ ᠴᠢᠰᠤ ᠴᠠᠶᠢᠬᠤ ᠡᠪᠡᠳᠴᠢᠨ ᠪᠣᠯᠣᠨ ᠬᠤᠳᠣᠭᠤᠳᠣ | ᠭᠡᠳᠡᠰᠦᠨ ᠤ ᠵᠠᠪᠰᠠᠷ ᠤᠨ ᠬᠠᠪᠤᠳᠠᠷ ᠲᠤ ᠨᠡᠷᠪᠡᠭᠳᠡᠭᠰᠡᠳ ᠲᠤ ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ | ᠲᠤᠰᠠᠯᠠᠬᠤ ︽ᠭᠧ ᠯᠢᠶᠧ ᠸᠧᠢ ᠶᠢᠨ ᠲᠥᠷᠥᠯ ᠵᠦᠢᠯ︾᠂ ︽ᠳ᠋ᠠ ᠰᠢ ᠨᠠ ᠶᠢᠨ ᠲᠥᠷᠥᠯ ᠵᠦᠢᠯ︾᠂ | ᠠᠭᠤᠰᠬᠢᠨ ᠤ ᠥᠮᠡᠨ ᠡᠪᠡᠳᠴᠢᠲᠡᠨ ᠳᠤ ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ ᠲᠤᠰᠠᠯᠠᠬᠤ ︽ᠢ | ᠿᠦᠢ ᠰᠠ ᠲᠥᠷᠥᠯ ᠵᠦᠢᠯ︾᠂ ︽ᠺᠠᠢ ᠯᠦᠸᠧ ᠺᠠᠢ ᠶᠢᠨ ᠲᠥᠷᠥᠯ ᠵᠦᠢᠯ︾᠂ ᠪᠥᠭᠡᠷ᠎ᠡ ᠶᠢᠨ ᠥᠮᠡᠨ | ᠡᠪᠡᠳᠴᠢᠲᠡᠨ ᠳᠤ ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ ᠲᠤᠰᠠᠯᠠᠬᠤ ︽ᠳ᠋ᠦᠸᠧ ᠵᠢᠢ ᠮᠸᠢ ᠶᠢᠨ | ᠲᠥᠷᠥᠯ ᠵᠦᠢᠯ︾᠂ ᠰᠢᠯᠵᠢᠬᠦ ᠴᠢᠨᠠᠷᠲᠠᠶ ᠬᠤᠰᠬᠢᠨᠠᠭ ᠬᠤᠲᠣᠷᠢᠩᠬᠠᠶ ᠭᠡᠳᠡᠰᠦᠨ ᠤ ᠥᠮᠡᠨ ᠡᠪᠡᠳᠴᠢᠲᠡᠨ ᠳᠤ | ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ ᠲᠤᠰᠠᠯᠠᠬᠤ ︽ᠠᠨ ᠸᠧᠶ ᠲᠢᠩ ᠤᠨ ᠲᠥᠷᠥᠯ ᠵᠦᠢᠯ︾᠂ | ᠤᠯᠠᠨ ᠡᠭᠦᠰᠬᠦ ᠴᠢᠨᠠᠷᠲᠠᠶ ᠬᠠᠲᠠᠭᠤᠷᠠᠯ ᠤᠨ ᠡᠪᠡᠳᠴᠢᠲᠡᠨ ᠳᠤ ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ | ᠲᠤᠰᠠᠯᠠᠬᠤ ︽ᠪᠸᠢ ᠲᠠᠢ ᠯᠦᠩ ᠤᠨ ᠲᠥᠷᠥᠯ ᠵᠦᠢᠯ︾᠂ ᠠᠭᠤᠰᠬᠢᠨ ᠯᠤᠭᠰᠢᠭᠤᠨ ᠰᠤᠳᠠᠯ ᠤᠨ ᠳᠠᠷᠤᠯᠲᠠ | ᠦᠨᠳᠦᠷᠰᠢᠭᠰᠡᠨ ᠲᠥᠯᠥᠪᠦᠷᠢ ᠦᠭᠡᠢ ᠪᠠᠷ ᠡᠮ ᠤᠨ ᠵᠦᠢᠯ ᠬᠠᠩᠭᠠᠵᠤ ᠲᠤᠰᠠᠯᠠᠬᠤ ︽ᠴᠢᠤᠸᠠᠨ ᠺᠧ ᠯᠢ ᠲᠥᠷᠥᠯ | ᠵᠦᠢᠯ︾᠃ | ᠶᠠᠳᠠᠭᠤ ᠬᠦᠴᠢᠷᠳᠡᠯᠲᠡᠶ ᠭᠡᠷ ᠪᠦᠯᠢ ᠶᠢᠨ ᠡᠪᠡᠳᠴᠢᠲᠡᠨ ᠳᠡᠭᠡᠷᠡᠬᠢ ᠲᠥᠷᠥᠯ ᠵᠦᠢᠯ ᠢ ᠭᠤᠶᠤᠴᠢᠯᠠᠬᠤ | ᠰᠠᠨᠠᠭ᠎ᠠ ᠲᠠᠢ ᠪᠠᠶᠢᠪᠠᠯ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠨᠡᠶᠢᠭᠡᠮᠯᠢᠭ ᠠᠴᠠ ᠠᠰᠠᠭᠤᠨ | ᠯᠠᠪᠯᠠᠬᠤ ᠪᠤᠶᠤ ᠭᠤᠶᠤᠴᠢᠯᠠᠯ ᠭᠠᠷᠭᠠᠵᠤ ᠪᠣᠯᠤᠨ᠎ᠠ᠃ |