2015ᠤᠨ ᠳᠤ ᠪᠦᠬᠦ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ760 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/1/14
     2015ᠤᠨ ᠳᠤ ᠪᠦᠬᠦ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ760 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠪᠡ      ᠸᠠᠩ ᠪᠥᠸᠧ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠳᠤ ᠤᠷᠤᠯᠴᠠᠪᠠ      1ᠳ᠋ᠦ᠋ᠭᠡᠷ ᠰᠠᠷ᠎ᠠ ᠶᠢᠨ11᠎ ᠤ ᠡᠳᠦᠷ᠂ ᠪᠦᠬᠦ ᠤᠷᠤᠨ ᠤ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠤᠶᠢᠯᠭᠠᠭᠰᠠᠨ ᠨᠢ᠂ 2015 ᠤᠨ ᠳᠤ ᠪᠦᠬᠦ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ760 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠵᠢᠯ ᠤᠨ ᠡᠬᠢᠨ ᠤ ᠬᠠᠷᠠᠯᠲᠠ ᠠᠴᠠ 60 ᠳ᠋ᠦᠩᠰᠢᠭᠤᠷ ᠲᠦᠬᠦᠷᠢᠭ ᠨᠡᠮᠡᠭᠳᠡᠵᠦ᠂ ᠨᠢᠳᠤᠨᠤᠨ ᠵᠢᠯ ᠤᠨ ᠬᠢ ᠠᠴᠠ100 ᠳ᠋ᠦᠩᠰᠢᠭᠤᠷ ᠲᠦᠬᠦᠷᠢᠭ ᠨᠡᠮᠡᠭᠳᠡᠪᠡ᠂ 15% ᠨᠡᠮᠡᠭᠳᠡᠪᠡ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠪᠥᠸᠧ ᠪᠦᠬᠦ ᠤᠷᠤᠨ ᠤ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠦᠩᠭᠡᠷᠡᠭᠰᠡᠨ ᠨᠢᠭᠡ ᠵᠢᠯ ᠳᠤ᠂ ᠦᠪᠡᠷᠲᠡᠭᠡᠨ ᠵᠠᠰᠠᠬᠤ ᠤᠷᠤᠨ ᠤ ᠵᠠᠮ ᠲᠡᠭᠡᠭᠡᠪᠦᠷᠢ ᠶᠢᠨ ᠰᠢᠰᠲ᠋ᠧᠮ ᠠᠷᠭ᠎ᠠ ᠪᠦᠬᠦᠨ ᠢ ᠰᠦᠪᠡᠭᠴᠢᠯᠡᠨ ᠵᠠᠰᠠᠮᠠᠯ ᠵᠠᠮ ᠤᠨ ᠪᠡᠯᠡ ᠤᠷᠤᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠦᠷᠭᠡᠳᠬᠡᠵᠦ᠂ 20563 ᠺᠢᠯᠤᠮᠧᠲᠷ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠵᠢᠯ ᠡᠬᠢᠯᠡᠭᠦᠯᠵᠦ᠂ ᠵᠢᠯ ᠤᠨ ᠡᠬᠢᠨ ᠤ ᠬᠠᠷᠠᠯᠲᠠ ᠠᠴᠠ 2563 ᠺᠢᠯᠤᠮᠧᠲᠷ ᠨᠡᠮᠡᠭᠳᠡᠭᠦᠯᠵᠦ᠂ ᠨᠢᠳᠤᠨᠤᠨ ᠵᠢᠯ ᠤᠨ ᠎ ᠬᠢ ᠠᠴᠠ 4667 ᠺᠢᠯᠤᠮᠧᠲᠷ ᠨᠡᠮᠡᠭᠳᠡᠪᠡ᠂ ᠡᠭᠦᠨ ᠳᠤ ᠦᠨᠳᠦᠷ ᠬᠤᠷᠳᠤᠴᠠᠲᠤ ᠵᠠᠰᠠᠮᠠᠯ ᠵᠠᠮ 2096 ᠺᠢᠯᠤᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 2147 ᠺᠢᠯᠤᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ1533 ᠺᠢᠯᠤᠮᠧᠲᠷ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠲᠡᠷᠭᠡ ᠨᠡᠪᠲᠡᠷᠡᠬᠦ ᠵᠠᠰᠠᠮᠠᠯ ᠵᠠᠮ 3000 ᠺᠢᠯᠤᠮᠧᠲᠷ ᠪᠠᠶᠢᠵᠤ᠂ ᠡᠭᠦᠨ ᠳᠤ ᠦᠨᠳᠦᠷ ᠬᠤᠷᠳᠤᠴᠠᠲᠤ ᠵᠠᠰᠠᠮᠠᠯ ᠵᠠᠮ 779 ᠺᠢᠯᠤᠮᠧᠲᠷ ᠪᠠᠶᠢᠨ᠎ᠠ᠃ ᠡᠭᠦᠨ ᠤ ᠬᠠᠮᠲᠤ᠂ ᠪᠦᠬᠦ ᠤᠷᠤᠨ ᠤ ᠵᠠᠮ ᠬᠠᠷᠢᠯᠴᠠᠭᠠᠨ ᠤ ᠰᠢᠰᠲ᠋ᠧᠮ ᠠᠷᠠᠳ ᠤᠨ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠦᠬᠦ ᠵᠢᠯ ᠳᠤ112 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ 6312 ᠭᠠᠴᠠᠭ᠎ᠠ ᠲᠤᠰᠬᠤᠨ ᠳᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠪᠠᠷᠢᠯᠭ᠎ᠠ ᠶᠢ ᠬᠡᠷᠡᠭᠵᠢᠭᠦᠯᠵᠦ᠂ 1.9 ᠲᠦᠮᠡᠨ ᠺᠢᠯᠤᠮᠧᠲᠷ ᠵᠠᠮ ᠢ ᠬᠠᠲᠠᠭᠤᠷᠠᠭᠤᠯᠵᠡᠢ︔ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭᠠᠨ ᠤ ᠪᠡᠯᠡᠳᠬᠡᠮᠵᠢ ᠶᠢᠨ ᠨᠦᠭᠦᠴᠡᠯ ᠢ ᠶᠡᠭᠡ ᠪᠠᠷ ᠰᠠᠶᠢᠵᠢᠷᠠᠭᠤᠯᠵᠤ᠂117 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠮᠠᠯᠵᠢᠬᠤ ᠲᠠᠷᠢᠶᠠᠯᠠᠬᠤ ᠤᠷᠤᠨ ᠳᠤ 1.2 ᠲᠦᠮᠡᠨ ᠺᠢᠯᠤᠮᠧᠲᠷ ᠵᠠᠰᠠᠮᠠᠯ ᠵᠠᠮ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 1537 ᠭᠠᠴᠠᠭ᠎ᠠ ᠲᠤᠰᠬᠤᠨ ᠳᠤ ᠰᠢᠨ᠎ᠡ ᠪᠠᠷ ᠪᠠᠷᠤᠭᠰᠢᠨ ᠱᠦᠢᠨᠢ ᠵᠠᠮ ᠲᠡᠪᠢᠰᠴᠦ᠂ ᠵᠢᠯ ᠤᠨ ᠡᠬᠢᠨ ᠤ ᠬᠠᠷᠠᠯᠲᠠ ᠠᠴᠠ 537 ᠭᠠᠴᠠᠭ᠎ᠠ ᠲᠤᠰᠬᠤᠨ ᠨᠡᠮᠡᠭᠳᠡᠭᠦᠯᠪᠡ᠃ ᠨᠢᠭᠡ ᠵᠢᠯ ᠤᠨ ᠲᠤᠷᠰᠢᠬᠢ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠪᠦᠬᠦ ᠤᠷᠤᠨ ᠤ ᠵᠠᠮ ᠬᠠᠷᠢᠯᠴᠠᠭᠠᠨ ᠤ ᠠᠵᠢᠯ ᠲᠦᠷᠦᠯ ᠤᠨ ᠦᠢᠯᠡᠴᠢᠯᠡᠭᠡᠨ ᠤ ᠬᠢᠷᠢ ᠲᠦᠪᠰᠢᠨ ᠮᠡᠳᠡᠭᠳᠡᠬᠦᠶᠢᠴᠡ ᠳᠡᠭᠡᠭᠰᠢᠯᠡᠪᠡ᠃ ᠪᠦᠬᠦ ᠵᠢᠯ ᠳᠤ ᠠᠶᠠᠨᠴᠢᠳ ᠤᠨ ᠲᠡᠭᠡᠭᠡᠪᠦᠷᠢ ᠨᠢ 1.3 ᠳ᠋ᠦᠩᠰᠢᠭᠤᠷ ᠬᠦᠮᠦᠨ ᠤᠳᠠᠭ᠎ᠠ ᠶᠢ ᠪᠡᠶᠡᠯᠡᠭᠦᠯᠵᠦ᠂ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠦᠷᠬᠦᠯᠵᠢᠯᠡᠨ ᠨᠡᠮᠡᠭᠳᠡᠵᠦ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ14.2 ᠳ᠋ᠦᠩᠰᠢᠭᠤᠷ ᠲᠤᠨ ᠢ ᠪᠡᠶᠡᠯᠡᠭᠦᠯᠵᠦ᠂ ᠬᠡᠷᠡᠭᠯᠡᠭᠡᠨ ᠤ ᠨᠡᠮᠡᠭᠳᠡᠯ ᠢ ᠪᠦᠲᠦᠮᠵᠢᠲᠡᠢ ᠪᠠᠷ ᠳᠠᠶᠢᠴᠢᠯᠠᠪᠠ᠃ ᠪᠦᠬᠦ ᠵᠢᠯ ᠳᠤ ᠮᠤᠵᠢ ᠶᠢᠨ ᠳᠡᠰ ᠤᠨ ᠵᠠᠮ ᠱᠤᠭᠤᠮ ᠢ 20 ᠵᠤᠷᠪᠤᠰ ᠰᠢᠨ᠎ᠡ ᠪᠠᠷ ᠨᠡᠪᠲᠡᠷᠡᠭᠦᠯᠵᠦ᠂ ᠮᠤᠵᠢ ᠶᠢᠨ ᠳᠡᠰ ᠤᠨ ᠡᠭᠡᠯᠵᠢᠨ ᠤ ᠮᠠᠰᠢᠨ ᠤ ᠱᠤᠭᠤᠮ ᠢ 3 ᠵᠤᠷᠪᠤᠰ ᠨᠡᠮᠡᠵᠦ᠂ ᠮᠤᠵᠢ ᠶᠢᠨ ᠳᠡᠰ ᠤᠨ ᠠᠶᠢᠮᠠᠭ ᠬᠤᠲᠠ ᠶᠢᠨ ᠲᠡᠷᠭᠡ ᠬᠦᠯᠦᠰᠦᠯᠡᠵᠦ ᠵᠦᠭᠡᠪᠦᠷᠢᠯᠡᠬᠦ ᠬᠦᠴᠦ ᠶᠢ ᠰᠢᠨ᠎ᠡ ᠪᠠᠷ 507 ᠲᠡᠷᠭᠡ ᠨᠡᠮᠡᠵᠦ᠂ ᠲᠡᠷᠭᠡ ᠨᠡᠪᠲᠡᠷᠡᠬᠦ ᠰᠦᠢᠳᠬᠡᠯ ᠢ ᠬᠠᠰᠤᠵᠤ ᠬᠡᠯᠲᠡᠷᠢᠭᠦᠯᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠪᠦᠬᠦ ᠵᠢᠯ ᠳᠤ ᠲᠡᠷᠭᠡ ᠨᠡᠪᠲᠡᠷᠡᠬᠦ ᠰᠦᠢᠳᠬᠡᠯ ᠢ 9.6 ᠳ᠋ᠦᠩᠰᠢᠭᠤᠷ ᠲᠦᠬᠦᠷᠢᠭ ᠬᠠᠰᠤᠵᠤ ᠬᠡᠯᠲᠦᠷᠢᠭᠦᠯᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号