2017 ᠣᠨ ᠠᠴᠠ 2020 ᠣᠨ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠤ ᠪᠠᠭᠰᠢ ᠳᠤ ︽ᠪᠠᠭᠰᠢ ᠶᠢ ᠰᠦᠢᠳᠬᠡᠯ ᠬᠤᠷᠢᠶᠠᠬᠤ ᠦᠭᠡᠢ ᠬᠠᠨᠳᠤᠯᠭ᠎ᠠ ᠲᠠᠢ ᠬᠥᠮᠥᠵᠢᠭᠦᠯᠬᠦ | ᠲᠥᠯᠥᠪᠯᠡᠭᠡ︾ ᠶᠢ ᠬᠡᠷᠡᠭᠵᠢᠭᠦᠯᠬᠦ ᠪᠣᠯᠣᠨ᠎ᠠ᠃ 2015 ᠣᠨ ᠤᠨ ᠰᠡᠭᠦᠯᠴᠢ ᠳᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ᠶᠢᠨ | ᠬᠡᠷᠡᠭᠵᠢᠭᠦᠯᠬᠦ ᠠᠷᠭ᠎ᠠ︾ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠶᠠᠮᠤᠨ ᠬᠠᠷᠢᠶᠠᠲᠤ ᠪᠠᠭᠰᠢ ᠶᠢᠨ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠰᠤᠷᠤᠭᠴᠢᠳ ᠠᠴᠠ ᠰᠦᠢᠳᠬᠡᠯ ᠬᠤᠷᠢᠶᠠᠬᠤ ᠦᠭᠡᠢ ᠬᠥᠮᠦᠵᠢᠭᠦᠯᠬᠦ | ᠲᠥᠯᠥᠪᠯᠡᠭᠡ ᠶᠢ ᠬᠡᠷᠡᠭᠵᠢᠭᠦᠯᠬᠦ ᠰᠠᠭᠤᠷᠢᠨ ᠳᠡᠭᠡᠷ᠎ᠡ᠂ 2017 ᠣᠨ ᠠᠴᠠ ᠡᠬᠢᠯᠡᠨ᠂ ᠣᠷᠣᠨ ᠨᠤᠲᠤᠭ ᠤᠨ | ᠪᠠᠭᠰᠢ ᠶᠢᠨ ᠮᠡᠷᠭᠡᠵᠢᠯ ᠤᠨ ᠰᠣᠷᠣᠭᠴᠢ ᠠᠴᠠ ᠰᠦᠢᠳᠬᠡᠯ ᠬᠤᠷᠢᠶᠠᠬᠤ ᠦᠭᠡᠢ ᠲᠥᠯᠥᠪᠯᠡᠭᠡ ᠶᠢ ᠬᠡᠷᠡᠭᠵᠢᠭᠦᠯᠦᠨ᠎ᠡ | ᠭᠡᠵᠦ ᠲᠣᠳᠣᠷᠬᠠᠢ ᠲᠣᠭᠲᠠᠭᠠᠪᠠ᠃ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠲᠤᠰ ᠭᠠᠵᠠᠷ | ᠣᠷᠣᠨ ᠤ ᠪᠠᠨ ᠬᠤᠭᠤᠰᠣᠨ ᠣᠷᠣᠨ ᠲᠤᠭ᠎ᠠ ᠶᠢᠨ ᠳᠣᠲᠣᠷ᠎ᠠ ᠬᠥᠳᠡᠭᠡ ᠲᠣᠰᠬᠤᠨ ᠤ ᠰᠤᠷᠭᠠᠭᠤᠯᠢ ᠳᠤ ᠳᠤᠲᠠᠭᠳᠠᠵᠤ | ᠪᠠᠶᠢᠭ᠎ᠠ ᠬᠢᠴᠢᠶᠡᠯ ᠤᠨ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠪᠠᠨ ᠳᠤᠷᠠᠳᠴᠤ᠂ ᠡᠩ ᠤᠨ | ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠠᠴᠠ ᠬᠥᠳᠡᠭᠡ | ᠲᠣᠰᠬᠤᠨ ᠤ ᠰᠤᠷᠭᠠᠨ ᠬᠥᠮᠦᠵᠢᠯ ᠤᠨ ᠠᠵᠢᠯ ᠬᠢᠬᠦ ᠳᠤᠷ᠎ᠠ ᠲᠠᠢ ᠵᠢᠩᠬᠢᠨᠢ ᠠᠩᠭᠢ ᠶᠢᠨ ᠰᠢᠯᠢᠳᠡᠭ ᠰᠤᠷᠤᠭᠴᠢ ᠶᠢ | ᠡᠯᠰᠡᠵᠦ᠂ ᠬᠤᠰᠢᠭᠤ ᠰᠢᠶᠠᠨ ︵ᠬᠤᠳᠠ᠂ ᠲᠣᠭᠤᠷᠢᠭ︶ ᠲᠠᠢ ᠭᠡᠷ᠎ᠡ ᠲᠣᠭᠲᠠᠭᠠᠭᠰᠠᠨ ᠤ ᠲᠠᠷᠠᠭ᠎ᠠ᠂ ᠪᠠᠭᠰᠢ ᠶᠢᠨ | ᠶᠡᠭᠡ ᠳᠡᠭᠡᠳᠦ ᠰᠤᠷᠭᠠᠭᠤᠯᠢ ᠳᠤ ᠨᠠᠶᠢᠳᠠᠵᠤ ︽ᠨᠢᠭᠡ ᠲᠤᠰᠬᠠᠢ ᠮᠡᠷᠭᠡᠵᠢᠯ ᠣᠯᠠᠨ ᠴᠢᠳᠠᠪᠤᠷᠢ ᠲᠠᠢ︾ ᠬᠥᠳᠡᠭᠡ | ᠲᠣᠰᠬᠤᠨ ᠤ ᠪᠠᠭᠰᠢ ᠶᠢ ᠬᠠᠨᠳᠤᠯᠭ᠎ᠠ ᠲᠠᠢ ᠬᠥᠮᠥᠵᠢᠭᠦᠯᠦᠨ᠎ᠡ᠃ ᠡᠳᠡᠭᠡᠷ ᠰᠤᠷᠤᠭᠴᠢᠳ ᠤᠨ ᠰᠤᠷᠭᠠᠭᠤᠯᠢ ᠳᠤ | ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ᠂ ᠬᠤᠨᠤᠭ ᠤᠨ ᠵᠠᠷᠤᠳᠠᠯ ᠢ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠨᠢ ᠡᠭᠦᠷᠭᠡᠯᠡᠨ᠎ᠡ᠃ ᠲᠡᠭᠦᠰᠦᠭᠰᠡᠨ ᠤ ᠲᠠᠷᠠᠭ᠎ᠠ᠂ ᠲᠤᠷᠰᠢᠨ ᠬᠢᠴᠢᠶᠡᠯᠯᠡᠬᠦ ᠪᠠ ᠬᠢᠨᠠᠨ | ᠰᠢᠯᠭᠠᠯᠲᠠ ᠳᠤ ᠬᠢᠷᠢ ᠲᠡᠩᠴᠡᠪᠡᠯ᠂ ᠳᠡᠭᠡᠷ᠎ᠡ ᠳᠤᠷᠠᠳᠤᠭᠰᠠᠨ ᠭᠡᠷ᠎ᠡ ᠶᠣᠰᠣᠭᠠᠷ ᠬᠥᠳᠡᠭᠡ ᠲᠣᠰᠬᠤᠨ ᠤ | ᠰᠤᠷᠭᠠᠭᠤᠯᠢ ᠳᠤ ᠰᠢᠭᠤᠳ ᠬᠤᠪᠢᠶᠠᠷᠢᠯᠠᠨ ᠪᠠᠭᠰᠢᠯᠠᠭᠤᠯᠵᠤ᠂ ᠲᠤᠰ ᠭᠠᠵᠠᠷ ᠣᠷᠣᠨ ᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠣᠷᠣᠨ ᠲᠤᠭ᠎ᠠ ᠶᠢ ᠨᠢ ᠬᠠᠷᠢᠭᠤᠴᠠᠨ ᠨᠠᠶᠢᠳᠠᠪᠤᠷᠢᠵᠢᠭᠤᠯᠵᠤ᠂ ᠴᠠᠯᠢᠩ ᠢ ᠨᠢ ᠡᠳ᠋ ᠤᠨ | ᠵᠠᠰᠠᠭ ᠠᠴᠠ ᠨᠢᠭᠡᠳᠦᠯᠲᠡᠶ ᠥᠭᠭᠦᠨ᠎ᠡ᠃ ᠬᠠᠨᠳᠤᠯᠭ᠎ᠠ ᠲᠠᠢ ᠰᠤᠷᠤᠭᠴᠢ ᠡᠯᠰᠡᠬᠦ ᠲᠥᠯᠥᠪᠯᠡᠭᠡ ᠶᠢ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠶᠠᠮᠤᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠨᠢᠭᠡᠳᠦᠯᠲᠡᠶ ᠪᠠᠭᠤᠯᠭᠠᠨ᠎ᠠ᠃ |