ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/15
     ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠭᠦᠳ ᠤᠨ ᠬᠤᠷᠠᠯ ᠬᠤᠷᠠᠯᠳᠤᠪᠠ᠃      1 ᠳ᠋ᠦ᠋ᠭᠡᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠦᠢ ᠬᠤᠩ ᡁᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠡᠷᠬᠢᠯᠡᠭᠴᠢ ᠡᠸᠤ ᠶᠠᠩ ᠰᠢᠶᠤᠤ ᠡᠾᠦ᠋ᠢ ᠵᠢᠴᠢ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠨᠢ 2015 ᠣᠨ ᠤ ᠪᠦᠬᠦ ᠣᠷᠣᠨ ᠤ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠪᠠᠶᠢᠳᠠᠯ ᠪᠠ ︽2015 ᠣᠨ ᠤ ᠠᠶᠢᠮᠠᠭ ᠬᠤᠳᠠ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ︾᠎ ᠢ ᠬᠢᠨᠠᠨ ᠰᠢᠯᠭᠠᠭᠰᠠᠨ ᠦᠷ᠎ᠡ ᠳ᠋ᠦᠩ ᠪᠣᠯᠣᠨ ᠪᠤᠳᠠᠲᠠᠶᠢᠴᠢᠯᠠᠨ ᠪᠡᠶᠡᠯᠡᠭᠦᠯᠬᠦ ᠰᠠᠨᠠᠭᠤᠯᠭ᠎ᠠ ᠶᠢ ᠮᠡᠳᠡᠭᠡᠯᠡᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ  ᠲᠥᠯᠥᠪᠯᠡᠭᠡᠲᠦ ᠦᠷᠡᠵᠢᠯ ᠤᠨ ᠵᠥᠪᠯᠡᠯ ᠤᠨ ᠡᠷᠬᠢᠯᠡᠭᠴᠢ ᠡᠸᠤ ᠶᠠᠩ ᠰᠢᠶᠤᠤ ᠡᠾᠦ᠋ᠢ 2015 ᠣᠨ ᠤ  ᠲᠥᠯᠥᠪᠯᠡᠭᠡᠲᠦ ᠦᠷᠡᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ 2016 ᠣᠨ ᠤ ᠠᠵᠢᠯ ᠤᠨ  ᠰᠡᠳᠬᠢᠮᠵᠢ ᠶᠢᠨ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 8 ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠤᠨ ᠢᠶᠠᠨ ᠲᠥᠯᠥᠪᠯᠡᠭᠡᠲᠦ ᠦᠷᠡᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ 2015 ᠣᠨ ᠤ ᠲᠥᠯᠥᠪᠯᠡᠭᠡᠲᠦ ᠦᠷᠡᠵᠢᠯ ᠤᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠶᠠᠷᠢᠶ᠎ᠠ ᠲᠠᠯᠪᠢᠪᠠ᠃      ᠡᠷᠬᠢᠯᠡᠭᠴᠢ ᠡᠸᠤ ᠶᠠᠩ ᠰᠢᠶᠤᠤ ᠡᠾᠦ᠋ᠢ ᠵᠢᠭᠠᠵᠤ ᠭᠠᠷᠭᠠᠭᠰᠠᠨ ᠨᠢ᠄ 2015 ᠣᠨ ᠤ ᠡᠴᠦᠰ  ᠪᠣᠯᠬᠤ ᠳᠤ ᠵᠢᠱᠢᠯᠲᠡ ᠪᠠᠷ ᠪᠦᠬᠦ ᠣᠷᠣᠨ ᠤ ᠬᠦᠮᠦᠨ ᠠᠮᠠ ᠨᠡᠶᠢᠲᠡ 2510 ᠲᠦᠮᠡ ᠳᠤ ᠬᠦᠷᠦᠨ᠎ᠡ᠃  ᠮᠡᠨᠳᠦᠯᠡᠭᠰᠡᠨ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ ᠨᠢ106.68 ᠪᠣᠯᠵᠤ᠂ ᠨᠢᠭᠡᠨᠲᠡ  ᠬᠡᠪ ᠤᠨ ᠲᠣᠭᠠᠨ ᠤ ᠬᠡᠪᠴᠢᠶᠡᠨ ᠳᠤ ᠬᠦᠷᠲᠡᠯ᠎ᠡ ᠪᠠᠭᠤᠷᠠᠵᠠᠢ᠂ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭ ᠲᠤ ᠢᠯᠡᠷᠡᠭᠰᠡᠨ ᠢᠶᠠᠷ᠂ ᠬᠥᠮᠦᠨ ᠠᠮᠠ ᠶᠢᠨ ᠲᠦᠷᠦᠯᠲᠡ ᠶᠢᠨ ᠨᠤᠷᠮ᠎ᠠ ᠎ ᠨᠢ 9.31 ‰ ᠪᠠᠶᠢᠵᠤ᠂ ᠲᠦᠷᠦᠯᠲᠡ ᠶᠢᠨ ᠲᠦᠷᠦ ᠶᠢᠨ ᠪᠤᠳᠤᠯᠭ᠎ᠠ ᠳᠤ ᠨᠡᠶᠢᠴᠡᠬᠦ ᠨᠣᠷᠮ᠎ᠠ ᠨᠢ 92.92%᠎ ᠳᠤ ᠬᠦᠷᠴᠦ᠂ ᠰᠦᠢᠳᠬᠡᠯ ᠬᠤᠷᠢᠶᠠᠬᠤ ᠦᠭᠡᠢ ᠪᠠᠷ ᠵᠢᠷᠮᠦᠰᠦᠯᠡᠬᠦ ᠠᠴᠠ ᠡᠮᠦᠨᠡᠬᠢ ᠴᠢᠭᠢᠷᠠᠭ ᠲᠥᠷᠥᠭᠦᠯᠬᠦ ᠡᠷᠡᠭᠦᠯ ᠮᠡᠨᠳᠤ ᠶᠢᠨ ᠪᠠᠶᠢᠴᠠᠭᠠᠯᠲᠠ ᠬᠢᠭᠰᠡᠨ ᠨᠤᠷᠮ᠎ᠠ ᠨᠢ 89.06% ᠪᠣᠯᠵᠤ᠂ ᠵᠢᠯ ᠤᠨ ᠬᠥᠮᠦᠨ ᠠᠮᠠ ᠶᠢᠨ ᠲᠥᠯᠥᠪᠯᠡᠭᠡ ᠪᠣᠯᠣᠨ ᠲᠥᠯᠥᠪᠯᠡᠭᠡᠲᠦ ᠦᠷᠡᠵᠢᠯ ᠤᠨ ᠠᠵᠢᠯ ᠤᠨ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠴᠥᠮ ᠪᠡᠶᠡᠯᠡᠭᠦᠯᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号