ᠪᠦᠬᠦ ᠤᠷᠤᠨ ᠤ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/15
     1 ᠳ᠋ᠦ᠋ᠭᠡᠷ ᠰᠠᠷ᠎ᠠ ᠶᠢᠨ 14᠎ ᠤ ᠡᠳᠦᠷ᠂ ᠪᠦᠬᠦ ᠤᠷᠤᠨ ᠤ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠲᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠬᠤᠷᠠᠯ ᠠᠴᠠ ᠮᠠᠨ ᠤ ᠤᠷᠤᠨ ᠤ ᠤᠷᠴᠢᠮ ᠤᠨ 3 ᠵᠢᠯ ᠤᠨ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠡᠭᠨᠡᠵᠤ᠂ ᠲᠡᠷᠢᠭᠦᠨ ᠤ ᠬᠠᠮᠲᠤ ᠨᠢᠭᠡᠴᠡ ᠪᠠ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠶᠢᠨ ᠬᠠᠮᠲᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠰᠤᠷᠳᠠᠯ ᠤᠬᠠᠭᠤᠯᠭ᠎ᠠ ᠶᠢᠨ ᠠᠵᠢᠯ ᠳᠤ ᠪᠠᠶᠢᠷᠢᠯᠠᠭᠤᠯᠤᠯᠲᠠ ᠬᠢᠵᠠᠢ᠃      ᠮᠠ ᠮᠢᠩ ᠪᠦᠬᠦ ᠤᠷᠤᠨ ᠤ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠠᠮᠵᠢᠯᠳᠠ ᠪᠠ ᠲᠤᠲᠤᠭᠠᠳᠤ ᠶᠢ ᠬᠠᠮᠠᠭᠠᠯᠠᠬᠤ ᠠᠵᠢᠯ ᠳᠤ ᠦᠵᠡᠭᠦᠯᠦᠭᠰᠡᠨ ᠠᠴᠢ ᠬᠤᠯᠪᠤᠭᠳᠠᠯ ᠢ ᠭᠦᠢᠴᠡᠳ ᠨᠤᠳᠠᠯᠠᠵᠠᠢ᠃ ᠲᠡᠷᠡ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠲᠤᠤᠷ᠎ᠠ᠂ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠳᠠᠯ ᠤᠬᠠᠭᠤᠯᠭ᠎ᠠ ᠶᠢᠨ ᠠᠵᠢᠯ ᠤᠨ ᠪᠠᠶᠢᠷᠢ ᠰᠠᠭᠤᠷᠢ ᠤᠢᠢᠯᠡᠳᠦᠯ ᠨᠡᠩ ᠴᠢᠬᠤᠯᠠ ᠪᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠤᠭᠳᠠᠭᠤᠨ ᠤ ᠶᠡᠭᠡ ᠲᠠᠯ᠎ᠠ ᠶᠢᠨ ᠪᠠᠶᠢᠳᠠᠯ ᠲᠠᠢ ᠬᠤᠯᠪᠤᠭᠳᠠᠵᠤ᠂ ᠲᠤᠲᠤᠭᠠᠳᠤ ᠶᠢ ᠬᠠᠮᠠᠭᠠᠯᠠᠬᠤ ᠠᠵᠢᠯ ᠤᠨ ᠬᠦᠭᠵᠢᠯ ᠮᠠᠨᠳᠤᠯ ᠲᠠᠢ ᠬᠤᠯᠪᠤᠭᠳᠠᠵᠤ ᠪᠤᠢ᠃ ᠰᠤᠷᠳᠠᠯ ᠤᠬᠠᠭᠤᠯᠭ᠎ᠠ ᠶᠢᠨ ᠠᠵᠢᠯ ᠤᠨ ᠡᠭᠦᠷᠭᠡ ᠬᠦᠨᠳᠦᠷᠡᠵᠦ᠂ ᠦᠷᠢᠰᠦᠯᠳᠦᠭᠡᠨ ᠬᠤᠷᠴᠠᠳᠴᠦ ᠪᠠᠶᠢᠭ᠎ᠠ ᠪᠠᠶᠢᠳᠠᠯ ᠲᠤᠤᠷ᠎ᠠ ᠡᠷᠬᠡᠪᠰᠢ ᠡᠯ᠎ᠠ ᠲᠠᠯ᠎ᠠ ᠶᠢᠨ ᠠᠵᠢᠯ ᠢ ᠰᠠᠶᠢᠲᠤᠷ ᠠᠳᠬᠤᠵᠤ᠂ ᠦᠪᠦᠷ ᠮᠤᠩᠭᠤᠯ ᠤᠨ ᠲᠤᠲᠤᠭᠠᠳᠤ ᠶᠢ ᠬᠠᠮᠠᠭᠠᠯᠠᠬᠤ ᠰᠤᠷᠳᠠᠯ ᠤᠬᠠᠭᠤᠯᠭ᠎ᠠ ᠶᠢᠨ ︽54433︾ ᠠᠵᠢᠯ ᠤᠨ ᠠᠷᠭ᠎ᠠ ᠮᠠᠶ᠋ᠢᠭ ᠢ ᠪᠠᠶᠢᠭᠤᠯᠤᠨ ᠪᠡᠶᠡᠯᠡᠭᠦᠯᠬᠦ ᠶᠢ ᠲᠦᠷᠭᠡᠳᠬᠡᠨ ᠠᠬᠢᠭᠤᠯᠵᠤ᠂ ᠲᠤᠲᠤᠭᠠᠳᠤ ᠶᠢ ᠬᠠᠮᠠᠭᠠᠯᠠᠬᠤ ᠭᠤᠤᠯᠳᠠᠯᠭ᠎ᠠ ᠲᠠᠢ ᠠᠵᠢᠯ᠂ ᠴᠢᠬᠤᠯᠠ ᠡᠭᠦᠷᠭᠡ᠂ ᠬᠦᠨᠳᠦ ᠴᠢᠬᠤᠯᠠ ᠬᠡᠷᠡᠭ᠂ ᠡᠩᠨᠡᠭᠡ ᠶᠢᠨ ᠪᠠᠶᠢᠭᠤᠯᠤᠯᠲᠠ᠂ ᠲᠡᠷᠢᠭᠦᠨ ᠤ ᠨᠡᠶᠢᠳᠡᠯᠢᠭ ᠵᠢᠱᠢᠶ᠎ᠠ ᠶᠢᠨ ᠤᠬᠠᠭᠤᠯᠭ᠎ᠠ ᠶᠢ ᠰᠠᠶᠢᠳᠤᠷ ᠬᠢᠵᠦ᠂ ᠬᠠᠤᠯᠢ ᠴᠠᠭᠠᠵᠠ᠂ ᠨᠡᠶᠢᠭᠡᠮ ᠪᠤᠯᠤᠨ ᠶᠠᠷᠢᠶ᠎ᠠ ᠬᠡᠯᠡᠯᠴᠡᠭᠡᠨ ᠤ ᠦᠷ᠎ᠡ ᠪᠦᠲᠦᠮᠵᠢ ᠶᠢᠨ ᠨᠢᠭᠡ ᠴᠤᠭᠴᠠᠵᠢᠭᠰᠠᠨ ᠪᠠᠶᠢᠳᠠᠯ ᠎ ᠢ ᠴᠢᠷᠮᠠᠶᠢᠨ ᠪᠤᠢ ᠪᠤᠯᠭᠠᠬᠤ ᠬᠡᠷᠡᠭᠲᠡᠢ ᠭᠡᠵᠠᠢ᠃ ᠰᠤᠷᠳᠠᠯ ᠤᠬᠠᠭᠤᠯᠭ᠎ᠠ ᠶᠢᠨ ᠠᠵᠢᠯ ᠤᠨ ᠲᠦᠷᠢᠮᠵᠢᠬᠦ᠂ ᠵᠢᠷᠤᠮᠵᠢᠬᠤ ᠂ ᠰᠢᠨᠵᠢᠯᠡᠬᠦ ᠤᠬᠠᠭᠠᠨᠴᠢᠯᠠᠬᠤ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ ᠪᠡᠳᠤᠳᠬᠠᠵᠦ᠂ ᠰᠢᠨ᠎ᠠ ᠰᠡᠳᠬᠢᠴᠡ᠂ ᠰᠢᠨ᠎ᠡ ᠲᠤᠭᠳᠠᠴᠠ᠂ ᠰᠢᠨ᠎ᠡ ᠠᠷᠭ᠎ᠠ ᠪᠠᠷᠢᠯ ᠢ ᠰᠤᠳᠤᠯᠤᠨ ᠰᠦᠪᠡᠭᠴᠢᠯᠡᠵᠦ᠂ ᠰᠤᠷᠳᠠᠯ ᠤᠬᠠᠭᠤᠯᠭ᠎ᠠ ᠶᠢᠨ ᠠᠵᠢᠯ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ ᠤᠨ ᠪᠠᠶᠢᠭᠤᠯᠤᠯᠲᠠ ᠶᠢ ᠪᠠᠬᠢᠵᠢᠭᠦᠯᠵᠦ᠂ ᠨᠠᠮ ᠤᠨ ᠰᠤᠨᠢᠨ ᠰᠡᠳᠬᠦᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠲᠤᠭᠠᠳᠤ ᠶᠢ ᠬᠠᠮᠠᠭᠠᠯᠠᠬᠤ ᠠᠵᠢᠯ ᠤᠨ ᠰᠠᠶᠢᠨ ᠰᠠᠶᠢᠬᠠᠨ ᠲᠦᠷᠢ ᠲᠦᠷᠬᠦ ᠶᠢ ᠱᠤᠭᠤᠵᠤ᠂ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠯᠤᠨ ᠠᠷᠠᠳ ᠤᠯᠠᠨ ᠤ ᠬᠠᠷᠢᠴᠠᠭ᠎ᠠ ᠶᠢ ᠤᠯᠠᠮ ᠨᠢᠭᠳᠠᠷᠠᠭᠤᠯᠬᠤ ᠬᠡᠷᠡᠭᠲᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号