ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠤᠭᠤᠯᠵᠥ ᠲᠦᠪ ᠤᠨ ᠬᠤᠷᠠᠯ ᠤᠨ ᠵᠤᠷᠢᠭ ᠰᠠᠨᠠᠭ᠎ᠠ ᠵᠢᠴᠢ ᠦᠪᠡᠷᠳᠡᠭᠡᠨ ᠵᠠᠰᠠᠬᠤ ᠤᠷᠤᠨ ᠤ ᠬᠤᠶᠠᠷ ᠬᠤᠷᠠᠯ ᠤᠨ ᠬᠠᠮᠢᠶ᠎ᠠ ᠪᠦᠬᠦᠢ ᠵᠦᠢᠯᠡᠰ ᠢ ᠣᠯᠠᠮᠵᠢᠯᠠᠨ ᠰᠤᠷᠤᠯᠴᠠᠵᠤ ᠲᠤᠤᠱᠯᠠᠭᠤᠯᠪᠠ
ᠨᠡᠶᠢᠲᠡᠯᠡᠭᠰᠡᠨ ᠴᠠᠭ᠄
2016/1/15
     1 ᠳ᠋ᠤᠭᠡᠷ ᠰᠠᠷ᠎ᠠ ᠶᠢᠨ 14᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠤᠭᠤᠯᠵᠥ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠤᠯᠤᠨ ᠪᠦᠬᠦ ᠤᠯᠤᠰ ᠤᠨ ᠤᠬᠠᠭᠤᠯᠬᠤ ᠬᠡᠯᠳᠡᠰ ᠤᠨ ᠲᠠᠷᠤᠭ᠎ᠠ ᠨᠡᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠥ ᠰᠤᠷᠤᠯᠴᠠᠨ ᠲᠤᠤᠱᠯᠠᠭᠤᠯᠵᠥ᠂ ᠦᠪᠡᠷᠳᠡᠭᠡᠨ ᠵᠠᠰᠠᠬᠤ ᠤᠷᠤᠨ ᠤ ᠬᠤᠶᠠᠷ ᠬᠤᠷᠠᠯ ᠤᠨ ᠬᠠᠮᠢᠶ᠎ᠠ ᠪᠦᠬᠦᠢ ᠵᠦᠢᠯᠡᠰ ᠢ ᠰᠤᠳᠤᠯᠤᠨ ᠶᠠᠷᠢᠯᠴᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠡᠯ ᠡᠷᠬᠢᠯᠡᠨ ᠶᠠᠷᠢᠶ᠎ᠠ ᠲᠠᠯᠪᠢᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠳ ᠬᠤᠷᠠᠯ ᠳᠤ ᠤᠷᠤᠯᠴᠠᠵᠥ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ ᠤ ᠤᠳᠤᠷᠢᠳᠬᠤ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠰᠢᠬᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠲᠠᠷᠤᠭ᠎ᠠ ᠬᠤᠷᠠᠯ ᠳᠤ ᠰᠤᠯᠠ ᠤᠷᠤᠯᠴᠠᠪᠠ᠃      ᠬᠤᠷᠠᠯ ᠠᠴᠠ᠂ ᠶᠡᠷᠤᠩᠬᠡᠢ ᠱᠦᠵᠢ ᠰᠢ ᠶᠢᠨ ᠫᠢᠩ᠂ ᠶᠡᠷᠤᠩᠬᠡᠢ ᠰᠠᠶᠢᠳ ᠯᠢ ᠺᠧ ᠴᠢᠶᠠᠩ ᠤᠨ ︽ᠲᠠᠷᠢᠶᠠᠯᠠᠩ᠂ ᠲᠠᠷᠢᠶᠠᠯᠠᠬᠤ ᠣᠷᠣᠨ᠂ ᠲᠠᠷᠢᠶᠠᠴᠢᠨ︾᠎ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠸᠠᠩ ᠶᠠᠩ ᠨᠦᠬᠦᠷ ᠤᠨ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠬᠦᠨᠵᠡᠬᠡᠢ ᠤᠢᠢᠯᠠᠭᠠᠵᠥ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠰᠠᠶᠢᠳᠤᠷ ᠬᠢᠬᠦ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠥ᠂ ᠮᠠᠨ ᠤ ᠤᠷᠤᠨ ᠤ ︽ᠲᠠᠷᠢᠶᠠᠯᠠᠩ᠂ ᠲᠠᠷᠢᠶᠠᠯᠠᠬᠤ ᠣᠷᠣᠨ᠂ ᠲᠠᠷᠢᠶᠠᠴᠢᠨ᠂ ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ︾᠎ ᠤ ᠠᠵᠢᠯ ᠤᠨ ᠠᠮᠵᠢᠯᠳᠠ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠥ᠂ ᠠᠵᠢᠯ ᠤᠨ ᠲᠤᠮᠳᠠᠬᠢ ᠵᠦᠷᠢᠶ᠎ᠡ ᠪᠣᠯᠣᠨ ᠬᠦᠷᠦᠯᠴᠡᠬᠦ ᠦᠭᠡᠢ ᠲᠠᠯ᠎ᠡ ᠪᠠᠨ ᠬᠦᠨᠵᠡᠬᠡᠢ ᠡᠷᠢᠵᠥ᠂ ᠲᠦᠪ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠥ᠂ ᠦᠭᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ ᠪᠠᠷᠢᠮᠲᠠᠯᠠᠨ᠂ ᠲᠦᠷᠦ ᠶᠢᠨ ᠪᠤᠳᠤᠯᠭ᠎ᠠ ᠶᠢᠨ ᠲᠡᠮᠵᠢᠯᠬᠡ ᠪᠠᠨ ᠴᠢᠩᠭᠠᠷᠠᠭᠤᠯᠵᠥ᠂ ᠪᠠᠭᠤᠷᠠᠢ ᠭᠤᠭᠴᠤᠭ᠎ᠠ ᠶᠢ ᠴᠢᠩᠭᠠᠳᠬᠠᠨ᠂ ᠮᠠᠨ ᠤ ᠤᠷᠤᠨ ᠤ ︽ᠲᠠᠷᠢᠶᠠᠯᠠᠩ᠂ ᠲᠠᠷᠢᠶᠠᠯᠠᠬᠤ ᠣᠷᠣᠨ᠂ ᠲᠠᠷᠢᠶᠠᠴᠢᠨ ᠂ ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ︾᠎ ᠤ ᠠᠵᠢᠯ ᠤᠨ ᠲᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠯᠢᠦ ᠶᠦᠨ ᠱᠠᠨ ᠨᠦᠬᠦᠷ ᠪᠤᠯᠤᠨ ᠯᠢᠦ ᠴᠢ ᠪᠤᠤ ᠨᠦᠬᠦᠷ ᠤᠨ ᠪᠦᠬᠦ ᠤᠯᠤᠰ ᠤᠨ ᠤᠬᠠᠭᠤᠯᠬᠤ ᠬᠡᠯᠳᠡᠰ ᠤᠨ ᠲᠠᠷᠤᠭ᠎ᠠ ᠨᠡᠷ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠬᠦᠨᠵᠡᠬᠡᠢ ᠤᠢᠢᠯᠠᠭᠠᠵᠥ᠂ ᠦᠵᠡᠯ ᠰᠠᠨᠠᠭᠠᠨ ᠤ ᠤᠬᠠᠭᠤᠯᠭ᠎ᠠ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠬᠦᠨᠵᠡᠬᠡᠢ ᠲᠠᠨᠢᠵᠥ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠲᠤᠭᠤᠷᠢᠨ ᠳᠤ᠂ ᠵᠦᠪ ᠴᠢᠭᠯᠡᠯ ᠢ ᠡᠵᠡᠮᠰᠢᠵᠥ᠂ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠨ᠂ ᠤᠳᠤ ᠦᠶ᠎ᠡ ᠶᠢᠨ ᠲᠤᠮᠳᠠᠳᠤ ᠤᠯᠤᠰ ᠤᠨ ᠮᠠᠷᠺᠰ ᠤᠨ ᠦᠵᠡᠯ ᠢᠶᠠᠷ ᠬᠠᠮᠳᠤ ᠶᠢᠨ ᠲᠠᠨᠢᠯᠳᠡ ᠪᠠᠨ ᠦᠨᠡᠨ ᠬᠦ ᠨᠢᠬᠳᠠᠷᠠᠭᠤᠯᠵᠥ᠂ ᠦᠵᠡᠯ ᠤᠬᠠᠮᠰᠠᠷ ᠤᠨ ᠬᠡᠯᠪᠡᠷᠢ ᠶᠢᠨ ᠵᠢᠯᠤᠭᠤᠳᠤᠯᠭ᠎ᠠ ᠬᠠᠮᠢᠶᠠᠷᠤᠯᠳᠡ ᠪᠠᠨ ᠲᠠᠰᠤᠷᠠᠯᠳᠡ ᠦᠭᠡᠢ ᠴᠢᠩᠭᠠᠳᠬᠠᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠴᠢᠨᠠᠷᠳᠠᠢ ᠢᠯᠠᠯᠳᠡ ᠤᠯᠬᠤ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠵᠥ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠥ᠂ ᠤᠳᠬ᠎ᠠ ᠤᠷᠠᠯᠢᠭ ᠤᠨ ᠴᠡᠴᠡᠭᠯᠡᠯ ᠬᠦᠭᠵᠢᠯ ᠪᠤᠯᠤᠨ ᠰᠤᠶᠤᠯ ᠤᠨ ᠦᠭᠡᠷᠡᠴᠢᠯᠡᠯᠳᠡ ᠬᠦᠭᠵᠢᠯᠳᠡ ᠶᠢ ᠢᠳᠡᠪᠬᠢᠳᠡᠢ ᠠᠬᠢᠭᠤᠯᠵᠥ᠂  ᠰᠤᠶᠤᠯ ᠤᠨ ᠵᠦᠬᠡᠯᠡᠨ ᠪᠤᠳᠠᠳᠤ ᠬᠦᠴᠦᠨ ᠪᠤᠯᠤᠨ ᠲᠡᠯᠡᠬᠡᠢ ᠳ᠋ᠠᠬᠢᠨ ᠳᠤ ᠲᠡᠯᠭᠡᠷᠡᠭᠦᠯᠬᠦ ᠬᠦᠴᠦᠨ ᠢ ᠦᠷᠬᠦᠯᠵᠢᠯᠡᠨ ᠲᠡᠭᠡᠭᠰᠢᠯᠡᠬᠦᠯᠵᠥ᠂ ᠨᠠᠮ ᠤᠨ ᠦᠵᠡᠯ ᠰᠠᠨᠠᠭᠠᠨ ᠤ ᠤᠬᠠᠭᠤᠯᠭ᠎ᠠ ᠶᠢᠨ ᠠᠵᠢᠯ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠵᠥ᠂ ᠤᠳᠤᠬᠢᠴᠢᠯᠠᠭᠰᠠᠠ ᠦᠪᠤᠷ ᠮᠤᠩᠭᠤᠯ ᠢ ᠪᠦᠳᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠮᠵᠢᠲᠦ ᠤᠷᠤᠨ ᠢ ᠴᠣᠭᠴᠠᠯᠠᠨ ᠪᠠᠶᠢᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠵᠥ᠂ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠲᠡᠭᠡᠷ᠎ᠡ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠲᠦᠷᠪᠡᠳᠤᠭᠡᠷ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠬᠡᠳᠤᠭᠡᠷ ᠬᠤᠭᠤᠴᠠᠭᠠᠨ ᠤ ᠲᠦᠷᠪᠡᠳᠤᠭᠡᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠬᠤᠶᠠᠷ ᠬᠤᠷᠠᠯ ᠳᠤ ᠲᠡᠪᠰᠢᠬᠦᠯᠬᠦ ᠪᠠᠷ ᠪᠠᠶᠢᠭ᠎ᠠ ᠴᠢᠬᠤᠯᠠ ᠪᠢᠴᠢᠭ ᠮᠠᠲ᠋ᠧᠷᠢᠶᠠᠯ ᠤᠨ ᠲᠤᠬᠠᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠪᠠ᠃ ᠬᠤᠷᠠᠯ ᠠᠴᠠ᠂ ᠡᠨᠡ ᠵᠢᠯ ᠤᠨ ᠬᠤᠶᠠᠷ ᠬᠤᠷᠠᠯ ᠢ ᠰᠠᠶᠢᠳᠤᠷ ᠬᠤᠷᠠᠯᠳᠤᠭᠤᠯᠬᠤ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠥ᠂ ᠲᠡᠭᠡᠳᠤ ᠬᠡᠮᠵᠢᠶᠡᠨ ᠤ ᠬᠠᠷᠢᠭᠤᠴᠠᠯᠭᠠᠳᠤ ᠪᠤᠳᠤᠯ ᠢᠶᠠᠷ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ︽13.5︾᠎ ᠶᠢᠨ ᠲᠦᠯᠥᠪᠵᠢᠬᠦᠯᠬᠡ ᠶᠢᠨ ᠬᠦᠳᠦᠯᠪᠤᠷᠢ ᠵᠡᠷᠬᠡ ᠬᠤᠷᠠᠯ ᠤᠨ ᠴᠢᠬᠤᠯᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠦᠪᠯᠡᠵᠥ᠂ ᠦᠵᠡᠯ ᠰᠠᠨᠠᠭᠠᠨ ᠤ ᠬᠠᠮᠳᠤ ᠶᠢᠨ ᠲᠠᠨᠢᠯᠳᠡ ᠪᠠᠨ ᠨᠢᠬᠳᠠᠷᠠᠭᠤᠯᠵᠥ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠬᠡᠳᠬᠡᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠬᠦᠰᠡᠯ ᠵᠤᠷᠢᠯᠳᠡ ᠪᠤᠯᠭᠠᠨ ᠬᠤᠪᠢᠷᠠᠭᠤᠯᠵᠥ᠂ ᠪᠦᠬᠦ ᠤᠷᠤᠨ ᠲᠠᠶᠠᠭᠠᠷ ᠢ ᠲᠠᠶᠢᠴᠢᠯᠠᠨ ᠵᠤᠬᠢᠶᠠᠨ ᠪᠠᠶᠢᠭᠤᠯᠵᠥ ᠬᠤᠶᠢᠰᠢᠳᠠ ᠶᠢᠨ 5 ᠵᠢᠯ ᠪᠤᠯᠤᠨ ︽13.5︾᠎ ᠶᠢᠨ ᠡᠬᠢᠯᠡᠯᠳᠡ ᠶᠢᠨ ᠵᠢᠯ ᠤᠨ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠡ ᠶᠢ ᠠᠮᠵᠢᠯᠳᠠ ᠲᠠᠢ ᠪᠡᠶᠡᠯᠡᠬᠦᠯᠬᠦ ᠶᠢ ᠦᠨᠡᠨᠬᠦ ᠪᠠᠳᠤᠯᠠᠬᠤ ᠬᠡᠷᠡᠭᠳᠡᠢ᠃ ᠲᠦᠪ ᠤᠨ ᠨᠠᠢᠮᠠᠨ ᠵᠦᠢᠯ ᠤᠨ ᠲᠤᠭᠳᠠᠭᠠᠯ ᠪᠤᠯᠤᠨ ᠦᠪᠡᠷᠳᠡᠭᠡᠨ ᠵᠠᠰᠠᠬᠤ ᠤᠷᠤᠨ ᠤ 28 ᠢᠵᠢ ᠪᠦᠷᠢᠳᠦᠬᠦᠯᠦᠭᠰᠡᠡ ᠲᠤᠭᠳᠠᠭᠠᠯ ᠵᠡᠷᠬᠡ ᠬᠤᠯᠪᠤᠭᠳᠠᠯ ᠪᠦᠬᠦᠢ ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠵᠥ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠥ᠂ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠤᠷᠠᠯ ᠤᠨ ᠰᠠᠬᠢᠯᠭ᠎ᠠ ᠪᠠᠳᠤ ᠶᠢ ᠴᠢᠩᠳᠠᠯᠠᠵᠥ᠂ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠨ᠂ ᠬᠤᠶᠠᠷ ᠬᠤᠷᠠᠯ ᠢ ᠦᠨᠡᠨ ᠬᠦ ᠪᠤᠳᠠᠳᠠᠢ ᠶᠢ ᠡᠷᠬᠢᠮᠯᠡᠭᠰᠡᠡ ᠦᠨᠳᠤᠷ ᠦᠷ᠎ᠡ ᠪᠦᠳᠦᠮᠵᠢᠳᠠᠢ᠂ ᠤᠪᠤᠷ ᠰᠤᠷᠳᠠᠯ ᠲᠦᠪ ᠴᠢᠬᠡᠴᠢ᠂ ᠤᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠤᠭᠰᠠᠠ᠂ ᠬᠦᠭᠵᠢᠯᠳᠡ ᠶᠢ ᠠᠬᠢᠭᠤᠯᠤᠭᠰᠠᠠ ᠶᠡᠭᠡ ᠬᠤᠷᠠᠯ ᠪᠤᠯᠭᠠᠨ ᠬᠤᠷᠠᠯᠳᠤᠭᠤᠯᠬᠤ ᠬᠡᠷᠡᠭᠳᠡᠢ ᠬᠡᠵᠥ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号