ᠥᠪᠥᠷ ᠮᠣᠩᠭᠤᠯ ᠤᠨ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ  ᠸᠠᠩ ᠪᠦᠸᠧ ᠣᠷᠣᠯᠴᠠᠪᠠ
ᠨᠡᠶᠢᠲᠡᠯᠡᠭᠰᠡᠨ ᠴᠠᠭ᠄
2016/1/15
     1 ᠳ᠋ᠦ᠋ᠭᠡᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠦᠬᠡᠬᠤᠳᠠ ᠳᠤ ᠬᠤᠷᠠᠯᠳᠤᠪᠠ      1 ᠳ᠋ᠦ᠋ᠭᠡᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠦᠬᠡᠬᠤᠳᠠ ᠳᠤ ᠬᠤᠷᠠᠯᠳᠤᠵᠦ᠂ ︽12· 5︾᠎ ᠶᠢᠨ ᠬᠤᠭᠤᠴᠠᠭᠠᠨ ᠳᠠᠬᠢ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠬᠠᠮᠢᠶᠠᠷᠤᠯᠳᠠ ᠶᠢᠨ ᠠᠵᠢᠯ ᠢ ᠳ᠋ᠦᠩᠨᠡᠵᠦ᠂ ︽13· 5︾᠎ ᠶᠢᠨ ᠲᠦᠯᠦᠪᠵᠢᠬᠦᠯᠬᠡ ᠶᠢᠨ ᠬᠤᠭᠤᠴᠠᠭ᠎ᠠ ᠪᠠ 2016 ᠤᠨ ᠤ ᠠᠵᠢᠯ ᠢ ᠪᠠᠶᠢᠷᠢᠯᠠᠭᠤᠯᠤᠬᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠶᠠᠷᠢᠶ᠎ᠠ ᠲᠠᠯᠪᠢᠵᠠᠢ᠃      ᠸᠠᠩ ᠪᠦᠸᠧ ᠵᠢᠭᠠᠵᠦ ᠭᠠᠷᠭᠠᠬᠰᠠᠨ ᠨᠢ᠂ ︽12· 5︾᠎ ᠶᠢᠨ ᠲᠦᠯᠦᠪᠵᠢᠬᠦᠯᠬᠡ ᠠᠴᠠ ᠨᠠᠰᠢ᠂ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠰᠢᠰᠲ᠋ᠧᠮᠵᠢ ᠰᠢᠨ᠎ᠠ ᠶᠢ ᠡᠬᠦᠳᠦᠨ ᠤᠷᠤᠬᠰᠢᠯᠠᠬᠤ᠂ ᠲᠦᠷᠦᠯ ᠵᠦᠢᠯ ᠶᠢ ᠭᠠᠵᠠᠷ ᠬᠡᠷᠡᠭᠯᠡᠬᠦ᠂ ᠭᠠᠵᠠᠷ ᠰᠢᠨᠵᠢᠯᠡᠬᠡᠨ ᠳᠤ ᠬᠠᠶᠢᠨ ᠪᠠᠶᠢᠴᠠᠭᠠᠯᠳᠠ ᠬᠢᠬᠦ ᠳᠤ ᠬᠦᠴᠦᠳᠡᠢ ᠪᠠᠲᠤᠯᠠᠭ᠎ᠠ ᠬᠠᠩᠭᠠᠪᠠ︔ ᠬᠠᠮᠢᠶᠠᠷᠤᠯᠳᠠ ᠶᠢᠨ ᠰᠢᠨ᠎ᠠ ᠵᠠᠭᠪᠤᠷᠰᠢᠯ ᠢ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ︽ᠭᠤᠷᠪᠠᠨ ᠱᠠᠳᠤ ᠬᠤᠯᠪᠤᠭᠠᠯᠠᠨ ᠭᠠᠵᠠᠷ ᠰᠢᠷᠤᠢ ᠶᠢ ᠬᠤᠷᠢᠶᠠᠨ ᠨᠦᠬᠡᠴᠡᠯᠡᠬᠦ ᠵᠠᠭᠪᠤᠷᠰᠢᠯ︾᠎ ᠢ ᠲᠡᠬᠦᠯᠳᠡᠷᠵᠢᠬᠦᠯᠵᠦ᠂ ᠠᠭᠤᠷᠬᠠᠢ ᠶᠢᠨ ᠡᠷᠬᠡ ᠪᠣᠯᠣᠨ ᠬᠠᠮᠳᠤ ᠶᠢᠨ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠪᠠᠷᠢᠴᠠᠭᠠᠯᠠᠵᠦ ᠪᠡᠯᠡ ᠬᠤᠷᠠᠮᠳᠤᠭᠤᠯᠬᠤ ᠠᠷᠭ᠎ᠠ ᠶᠢ ᠠᠩᠬ᠎ᠠ ᠡᠬᠦᠳᠦᠨ ᠬᠡᠷᠡᠭᠵᠢᠬᠦᠯᠵᠦ᠂ ᠦᠨ᠎ᠠ ᠶᠢ ᠬᠠᠷᠢᠴᠠᠭᠤᠯᠵᠦ ᠲᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠳᠤ ᠤᠷᠤᠯᠴᠠᠬᠤ ᠲᠤᠬᠳᠠᠴᠠ ᠶᠢ ᠪᠦᠬᠦ ᠲᠠᠯ᠎ᠠ ᠪᠠᠷ ᠶᠠᠪᠤᠬᠳᠠᠭᠤᠯᠵᠦ᠂ ᠦᠢᠯᠡᠴᠢᠯᠡᠬᠡᠨ ᠤ ᠬᠦᠷᠢᠶ᠎ᠠ ᠬᠡᠪᠴᠢᠶ᠎ᠠ ᠪᠠᠨ ᠴᠢᠨᠠᠬᠰᠢᠳᠠ ᠦᠷᠬᠡᠵᠢᠬᠦᠯᠪᠡ︔ ᠠᠵᠢᠯ ᠤᠨ ᠰᠤᠷᠳᠠᠯ ᠢᠶᠠᠨ ᠦᠨᠡᠨ ᠬᠦ ᠬᠤᠪᠢᠷᠠᠭᠤᠯᠵᠦ᠂ ᠪᠦᠬᠦ ᠲᠠᠯ᠎ᠠ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠴᠢᠨᠠᠬᠰᠢᠳᠠ ᠲᠡᠭᠡᠭᠰᠢᠯᠡᠬᠦᠯᠦᠭᠰᠡᠨ ᠪᠠᠶᠢᠨ᠎ᠠ ᠬᠡᠪᠡ᠃      ᠸᠠᠩ ᠪᠦᠸᠧ ᠴᠢᠬᠤᠯᠠᠴᠢᠯᠠᠬᠰᠠᠨ ᠨᠢ᠂ 2016 ᠤᠨ ᠪᠤᠯ ︽13· 5︾᠎ ᠶᠢᠨ ᠲᠦᠯᠦᠪᠵᠢᠬᠦᠯᠬᠡ ᠶᠢᠨ ᠡᠬᠢᠯᠡᠯᠳᠡ ᠶᠢᠨ ᠵᠢᠯ ᠮᠦᠨ᠃ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨ ᠡᠷᠬᠡᠪᠰᠢ ᠪᠠᠶᠢᠳᠠᠯ ᠢ ᠲᠤᠳᠤᠷᠬᠠᠢ ᠲᠠᠨᠢᠵᠦ᠂ ᠬᠦᠴᠦᠨ ᠰᠡᠳᠬᠢᠯ ᠢᠶᠠᠨ ᠬᠠᠮᠳᠤᠳᠬᠠᠨ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠬᠠᠮᠢᠶᠠᠷᠤᠯᠳᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠳᠤᠷ ᠲᠦᠯᠦᠪᠵᠢᠬᠦᠯᠬᠦ ᠬᠡᠷᠡᠭᠳᠡᠢ᠃ ᠨᠡᠮᠡᠭᠳᠡᠯ ᠎ ᠢ ᠲᠤᠬᠳᠠᠪᠤᠷᠢᠵᠢᠭᠤᠯᠬᠤ ᠪᠠ ᠪᠦᠲᠦᠴᠡ ᠶᠢ ᠲᠤᠬᠢᠷᠠᠭᠤᠯᠬᠤ ᠲᠤᠭᠤᠷᠢᠨ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠲᠤᠯᠭᠠᠭᠤᠷᠢᠯᠠᠵᠦ ᠪᠠᠲᠤᠯᠠᠬᠤ ᠦᠢᠯᠡᠳᠦᠯ ᠢ ᠦᠷᠬᠦᠯᠵᠢᠯᠡᠨ ᠰᠠᠶᠢᠳᠤᠷ ᠪᠠᠳᠠᠷᠠᠭᠤᠯᠬᠤ ᠬᠡᠷᠡᠭᠳᠡᠢ︔ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠬᠤ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠤᠢ ᠶᠢ ᠵᠠᠰᠠᠨ ᠴᠡᠭᠴᠡᠯᠡᠬᠦ ᠠᠵᠢᠯ ᠢ ᠦᠷᠬᠦᠯᠵᠢᠯᠡᠨ ᠴᠢᠩᠭᠠᠳᠬᠠᠬᠤ ᠬᠡᠷᠡᠭᠳᠡᠢ︔ ᠵᠤᠬᠢᠴᠠᠩᠭᠤᠢ ᠬᠦᠭᠵᠢᠯᠳᠡ ᠶᠢᠨ  ᠣᠨᠣᠯᠵᠢᠬᠤᠨ ᠤ ᠲᠤᠭᠤᠷᠢᠨ ᠳᠤ ᠡᠬᠢ ᠪᠠᠶᠠᠯᠢᠬ ᠢ ᠨᠡᠬᠡᠬᠡᠨ ᠠᠰᠢᠬᠯᠠᠬᠤ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠬᠤ ᠶᠢ ᠨᠢᠬᠡᠳᠦᠯᠳᠡᠢ ᠲᠦᠯᠦᠪᠵᠢᠬᠦᠯᠬᠦ ᠬᠡᠷᠡᠭᠳᠡᠢ︔ ᠭᠤᠤᠯᠳᠠᠯᠭ᠎ᠠ ᠲᠠᠢ ᠠᠰᠠᠭᠤᠳᠠᠯ  ᠤᠨ ᠪᠤᠭᠤᠮᠳᠠ ᠰᠢᠪᠲᠤᠯᠬᠤ ᠲᠤᠭᠤᠷᠢᠨ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠰᠢᠨ᠎ᠠ ᠶᠢ ᠡᠬᠦᠳᠬᠦ ᠠᠵᠢᠯ ᠢ ᠴᠢᠷᠮᠠᠶᠢᠨ ᠠᠬᠢᠭᠤᠯᠬᠤ ᠬᠡᠷᠡᠭᠳᠡᠢ︔ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠬᠦᠮᠦᠵᠢᠯ ᠤᠨ ᠦᠷ᠎ᠠ ᠪᠦᠲᠦᠬᠡᠯ ᠢ ᠰᠠᠶᠢᠳᠤᠷ ᠨᠠᠶᠢᠳᠠᠪᠤᠷᠢᠵᠢᠭᠤᠯᠤᠨ᠂ ᠰᠤᠷᠳᠠᠯ ᠤᠨ ᠪᠠᠶᠢᠭᠤᠯᠤᠯᠳᠠ ᠪᠠ ᠴᠢᠬᠡᠴᠢ ᠵᠠᠰᠠᠬ ᠤᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ ᠬᠡᠪᠡ᠃      ᠬᠤᠷᠠᠯ ᠲᠡᠭᠡᠷ᠎ᠠ᠂ ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠬᠢᠬᠡᠳ ᠡᠯ᠎ᠠ ᠠᠶᠢᠮᠠᠬ ᠬᠤᠳᠠ ᠶᠢᠨ ᠬᠢᠨ ᠭᠠᠵᠠᠷ ᠰᠢᠷᠤᠢ ᠶᠢᠨ ᠬᠠᠮᠢᠶᠠᠷᠤᠯᠳᠠ ᠪᠠ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号