︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ | ᠵᠢᠵᠢᠭ ᠦᠢᠯᠡᠳᠪᠦᠷᠢ ᠪᠣᠯᠤᠨ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠢ ᠨᠢᠭᠡᠨᠲᠡ 2015 | ᠣᠨ ᠤ10 ᠳ᠋ᠤᠭᠠᠷ ᠰᠠᠷ᠎ᠠ ᠶᠢᠨ1 ᠤ ᠡᠳᠦᠷ ︽ᠢᠳᠡᠭᠡᠨ ᠤ ᠠᠮᠤᠷ ᠲᠦᠪᠰᠢᠨ ᠤ ᠬᠠᠤᠯᠢ︾ ᠲᠠᠢ ᠵᠡᠷᠭᠡ ᠳᠤᠨᠢ | ᠬᠡᠷᠡᠭᠵᠢᠭᠦᠯᠪᠡ᠂ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠦᠢᠯᠡᠳᠪᠦᠷᠢᠯᠡᠵᠦ | ᠪᠣᠯᠪᠠᠰᠤᠷᠠᠭᠤᠯᠬᠤ ᠵᠢᠵᠢᠭ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠢ | ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠪᠦᠷᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠲᠦᠷᠢᠮᠵᠢᠭᠦᠯᠵᠦ | ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ | ᠦᠢᠯᠡᠳᠪᠦᠷᠢ ᠶᠢᠨ ᠳᠠᠩᠰᠠᠯᠠᠬᠤ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠨᠡᠶᠢᠲᠡᠯᠡᠪᠡ᠂ ᠲᠤᠰ ︽ᠠᠷᠭ᠎ᠠ︾ ᠳᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠪᠦᠷᠢ ᠶᠢᠨ | ᠬᠠᠷᠢᠭᠤᠴᠠᠯᠭ᠎ᠠ᠂ ᠡᠷᠬᠡ ᠮᠡᠳᠡᠯ ᠢ ᠬᠤᠪᠢᠶᠠᠷᠢᠯᠠᠯ᠂ ᠪᠦᠷᠢᠯᠳᠦᠭᠦᠯᠬᠦ ᠴᠢᠬᠤᠯᠠᠲᠠᠢ ᠦᠨᠳᠦᠰᠦᠨ ᠨᠥᠬᠦᠴᠡᠯ᠂ | ᠳᠠᠩᠰᠠᠯᠠᠭᠤᠯᠬᠤ ᠳᠠᠷᠠᠭᠠᠯᠠᠯ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠨᠠᠷᠢᠨ ᠲᠣᠳᠣᠷᠬᠠᠶ ᠲᠣᠭᠲᠠᠭᠠᠪᠠ᠃ ᠲᠤᠰ | ︽ᠠᠷᠭ᠎ᠠ︾ ᠶᠢ 2 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠦᠨ᠎ᠡ᠃ |