ᠥᠪᠥᠷ ᠮᠣᠩᠭᠤᠯ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠵᠦ ᠪᠤᠢ
ᠨᠡᠶᠢᠲᠡᠯᠡᠭᠰᠡᠨ ᠴᠠᠭ᠄
2016/1/15
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠡᠮᠳᠡᠭᠴᠦᠳ ᠢ ᠴᠢᠨᠡᠭᠡᠯᠢᠭᠵᠢᠭᠦᠯᠬᠦ ᠠᠬᠢᠴᠠ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠨ ᠬᠡᠷᠡᠭᠵᠢᠭᠦᠯᠪᠡ᠃ ︽ᠬᠡᠷᠡᠭᠵᠢᠭᠦᠯᠬᠦ ᠰᠠᠨᠠᠯ︾᠎ ᠳᠤ ᠲᠣᠳᠣᠷᠬᠠᠶᠢᠯᠠᠭᠰᠠᠨ ᠨᠢ᠂ ᠥᠪᠥᠷ ᠮᠣᠩᠭᠤᠯ ᠨᠡᠶᠢᠭᠡᠮ ᠤᠨ ᠬᠦᠴᠦᠨ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠪᠠ ᠠᠭᠤᠰᠤᠯᠴᠠᠨ ᠬᠥᠭᠵᠢᠬᠦ ᠳᠤᠨᠢ ᠨᠡᠩ ᠰᠠᠶᠢᠨ ᠣᠷᠴᠢᠨ ᠲᠣᠭᠤᠷᠢᠨ ᠢ ᠣᠯᠭᠤᠵᠤ᠂ ᠣᠯᠠᠨ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠡᠮᠳᠡᠭᠴᠦᠳ ᠤᠨ ᠤᠯᠠᠨ ᠵᠦᠢᠯ ᠤᠨ ᠬᠡᠯᠪᠡᠷᠢ ᠪᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠬᠦ ᠬᠡᠷᠡᠭᠲᠡᠶ ᠭᠡᠪᠡ᠃      ︽ᠬᠡᠷᠡᠭᠵᠢᠭᠦᠯᠬᠦ ᠰᠠᠨᠠᠯ︾᠎ ᠳᠤ ᠲᠣᠳᠣᠷᠬᠠᠶᠢᠯᠠᠭᠰᠠᠨ ᠨᠢ᠂ ᠬᠥᠮᠦᠨ ᠬᠡᠷᠡᠭᠯᠡᠬᠦ ᠨᠢᠭᠡᠴᠡ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠶᠢ ᠨᠡᠶᠢᠲᠡᠯᠡᠬᠦ ᠲᠦᠷᠢᠮ ᠢ ᠪᠠᠶᠢᠭᠤᠯᠵᠤ᠂ ᠬᠥᠮᠦᠨ ᠬᠡᠷᠡᠭᠯᠡᠬᠦ ᠨᠢᠭᠡᠴᠡ ᠳᠤ ᠵᠡᠮᠳᠡᠭᠴᠦᠳ ᠲᠤ ᠠᠵᠢᠯ ᠣᠯᠭᠤᠬᠤ ᠶᠢ ᠱᠠᠭᠠᠷᠳᠠᠬᠤ ᠬᠡᠷᠡᠭᠲᠡᠶ᠃ ᠬᠥᠮᠦᠨ ᠬᠡᠷᠡᠭᠯᠡᠬᠦ ᠨᠢᠭᠡᠴᠡ ᠠᠴᠠ ᠬᠠᠷᠢᠴᠠᠯ ᠢ ᠳᠠᠪᠠᠭᠤᠯᠤᠨ ᠲᠣᠬᠢᠷᠠᠭᠤᠯᠬᠤ ᠵᠡᠮᠳᠡᠭᠴᠦᠳ ᠢ ᠲᠣᠬᠢᠷᠠᠭᠤᠯᠤᠭᠰᠠᠨ ᠬᠥᠮᠦᠨ ᠬᠡᠷᠡᠭᠯᠡᠬᠦ ᠨᠢᠭᠡᠴᠡ ᠶᠢ ᠱᠠᠩᠨᠠᠨ ᠬᠥᠬᠢᠭᠦᠯᠬᠦ ᠲᠦᠷᠢᠮ ᠢ ᠪᠠᠶᠢᠭᠤᠯᠵᠤ᠂ ᠨᠢᠭᠡ ᠵᠡᠮᠳᠡᠭ ᠬᠥᠮᠦᠨ ᠢ ᠳᠠᠪᠠᠭᠤᠯᠤᠨ ᠲᠣᠬᠢᠷᠠᠭᠤᠯᠬᠤ ᠪᠦᠷᠢ ᠳᠤ᠂ ᠬᠥᠮᠦᠨ ᠬᠡᠷᠡᠭᠯᠡᠬᠦ ᠨᠢᠭᠡᠴᠡ ᠶᠢ ᠲᠤᠰ ᠭᠠᠵᠠᠷ ᠤᠨ ᠰᠠᠷ᠎ᠠ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ 5 ᠳᠠᠬᠢᠨ ᠢᠶᠠᠷ ᠱᠠᠩᠨᠠᠬᠤ ᠬᠡᠷᠡᠭᠲᠡᠶ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠢᠯ ᠦᠢᠯᠡᠰ ᠤᠨ ᠨᠢᠭᠡᠴᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠵᠡᠮᠳᠡᠭᠴᠦᠳ ᠢ ᠡᠯᠰᠡᠵᠦ ᠠᠪᠬᠤ ᠪᠠ ᠵᠡᠮᠳᠡᠭᠴᠦᠳ ᠲᠤ ᠠᠵᠢᠯ ᠣᠯᠭᠤᠵᠦ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠨᠥᠬᠦᠪᠥᠷᠢ ᠪᠠᠷ ᠳᠠᠮᠵᠢᠭᠤᠯᠤᠨ ᠬᠥᠮᠦᠨ ᠬᠡᠷᠡᠭᠯᠡᠬᠦ ᠨᠢᠭᠡᠴᠡ ᠨᠡᠩ ᠣᠯᠠᠨ ᠵᠡᠮᠳᠡᠭᠴᠦᠳ ᠢ ᠰᠢᠩᠭᠡᠭᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠲᠤᠰᠬᠠᠶ ᠲᠤᠰᠢᠶᠠᠯᠳᠤ ᠭᠡᠰᠢᠭᠦᠨ ᠤ ᠠᠵᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠤᠶᠤᠨ ᠮᠡᠳᠡᠷᠡᠯ ᠤᠶᠤᠨ ᠤᠬᠠᠭᠠᠨ ᠪᠠ ᠪᠡᠶ᠎ᠡ ᠮᠠᠬᠠᠪᠤᠳ ᠨᠢ ᠬᠦᠨᠳᠦ ᠨᠣᠴᠢᠲᠠᠶ ᠵᠡᠮᠳᠡᠭ ᠬᠥᠮᠦᠨ ᠳᠤ ᠲᠤᠰᠠᠯᠠᠬᠤ ᠴᠢᠨᠠᠷᠲᠠᠶ ᠠᠵᠢᠯ ᠣᠯᠭᠤᠬᠤ ᠶᠢ ᠲᠦᠯᠬᠢᠨ ᠠᠬᠢᠭᠤᠯᠵᠤ᠂ ᠲᠤᠰᠬᠠᠶ ᠲᠡᠳᠬᠦᠬᠦ ᠠᠷᠭ᠎ᠠ ᠶᠢ ᠲᠣᠭᠲᠠᠭᠠᠵᠤ᠂ ᠠᠵᠢᠯᠴᠢᠨ ᠤ ᠰᠤᠪᠢᠯᠠᠯᠲᠠ᠂ ᠲᠠᠷᠢᠶᠠᠴᠢᠨ ᠤ ᠰᠤᠪᠢᠯᠠᠯᠲᠠ ᠵᠡᠷᠭᠡ ᠵᠡᠮᠳᠡᠭᠴᠦᠳ ᠢ ᠬᠠᠮᠠᠭᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠶᠢ ᠪᠠᠶᠢᠭᠤᠯᠬᠤ ᠶᠢ ᠳᠡᠮᠵᠢᠬᠦ ᠬᠡᠷᠡᠭᠲᠡᠢ ᠭᠡᠪᠡ᠃      ︽ᠬᠡᠷᠡᠭᠵᠢᠭᠦᠯᠬᠦ ᠰᠠᠨᠠᠯ︾᠎ ᠳᠤ ᠲᠣᠳᠣᠷᠬᠠᠶᠢᠯᠠᠭᠰᠠᠨ ᠨᠢ᠂ ᠨᠥᠬᠦᠴᠡᠯ ᠲᠤ ᠨᠡᠶᠢᠴᠡᠬᠦ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠪᠣᠯᠤᠨ ᠳᠠᠮ ᠬᠦᠦ ᠲᠠᠢ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠤᠳ ᠵᠡᠮᠳᠡᠭᠴᠦᠳ ᠤᠨ ᠡᠭᠦᠳᠦᠨ ᠪᠠᠶᠢᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠠᠳᠠᠯ ᠦᠢᠯᠡᠰ ᠪᠤᠰᠬᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠲᠤ ᠤᠷᠢᠳᠠᠪᠠᠷ ᠣᠷᠣᠭᠤᠯᠬᠤ᠂ ᠲᠥᠷᠥ ᠶᠢᠨ ᠪᠤᠳᠤᠯᠭ᠎ᠠ ᠶᠢᠨ ᠲᠠᠯ᠎ᠠ ᠪᠠᠷ ᠤᠷᠢᠳᠠᠪᠠᠷ ᠳᠡᠮᠵᠢᠯᠭᠡ ᠦᠵᠡᠭᠦᠯᠬᠦ᠂ ᠬᠠᠨᠳᠤᠯᠭ᠎ᠠ ᠲᠠᠢ ᠪᠠᠷ ᠭᠠᠶᠢᠯᠢ ᠠᠴᠠ ᠬᠡᠯᠲᠦᠷᠢᠭᠦᠯᠬᠦ ᠪᠠ ᠲᠦᠭᠡᠮᠡᠯ ᠴᠢᠨᠠᠷᠲᠠᠶ ᠪᠠᠷ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠵᠣᠷᠢᠭᠵᠢᠭᠤᠯᠤᠨ᠎ᠠ᠃ ᠵᠡᠮᠳᠡᠭᠴᠦᠳ ᠤᠨ ᠭᠡᠷ ᠤᠨ ᠡᠭᠦᠳᠡᠨ ᠳᠤᠨᠢ ᠠᠵᠢᠯ ᠣᠯᠭᠤᠬᠤ᠂ ᠭᠡᠷ ᠲᠡᠭᠡᠨ ᠠᠵᠢᠯ ᠤᠯᠬᠤ ᠪᠠ ᠰᠦᠯᠵᠢᠶ᠎ᠡ ᠳᠡᠭᠡᠷ᠎ᠡ ᠠᠵᠢᠯ ᠤᠯᠬᠤ ᠠᠷᠭ᠎ᠠ ᠵᠠᠮ ᠢ ᠦᠷᠭᠡᠳᠬᠡᠵᠦ᠂ ᠵᠡᠮᠳᠡᠭᠴᠦᠳ ᠪᠠ ᠲᠡᠭᠦᠨ ᠤ ᠭᠡᠷ ᠪᠦᠯᠢ ᠶᠢᠨ ᠬᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠨ ᠠᠶᠢᠯ ᠤᠨ ᠳᠡᠯᠭᠡᠭᠦᠷ᠂ ᠮᠠᠯᠴᠢᠨ ᠠᠶᠢᠯ ᠤᠨ ᠳᠡᠯᠭᠡᠭᠦᠷ᠂ ᠰᠦᠯᠵᠢᠶᠡᠨ ᠳᠡᠯᠭᠡᠭᠦᠷ ᠪᠠ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢ ᠪᠠᠶᠢᠭᠤᠯᠬᠤ ᠶᠢ ᠨᠢ ᠢᠳᠡᠪᠬᠢᠲᠡᠢ ᠳᠡᠮᠵᠢᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号