ᠥᠪᠥᠷ ᠵᠠᠰᠠᠭ ᠠᠯᠪᠠᠨ ᠲᠠᠷᠬᠠᠭᠠᠭᠰᠠᠨ ﹇2015﹈ 65 ᠳ᠋ᠤᠭᠠᠷ ᠲᠤᠭᠠᠳᠤ | 2015 ᠣᠨ ᠤ 6 ᠳ᠋ᠤᠭᠠᠷ ᠰᠠᠷ᠎ᠠ ᠶᠢᠨ 15 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2015 ᠣᠨ ᠤ ᠢᠳᠡᠭᠡᠨ ᠤ ᠠᠮᠦᠷ | ᠲᠥᠪᠰᠢᠨ ᠤ ᠭᠤᠣᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ︾ ᠶᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ 2015 ᠣᠨ ᠤ | ᠢᠳᠡᠭᠡᠨ ᠤ ᠠᠮᠦᠷ ᠲᠥᠪᠰᠢᠨ ᠤ ᠭᠤᠣᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ | ︽2015 ᠣᠨ ᠤ ᠢᠳᠡᠭᠡᠨ ᠤ ᠠᠮᠦᠷ ᠲᠥᠪᠰᠢᠨ ᠤ ᠭᠤᠣᠯᠳᠠᠯᠭ᠎ᠠ ᠪᠣᠯᠬᠤ ᠠᠵᠢᠯ ᠤᠨ | ᠲᠣᠬᠢᠷᠠᠭᠤᠯᠤᠯᠲᠠ ᠶᠢᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ﹇2015﹈ 10 ᠳ᠋ᠤᠭᠠᠷ ᠲᠣᠭᠠᠲᠤ︶ ᠪᠠ ︽2015 ᠣᠨ ᠤ ᠢᠳᠡᠭᠡᠨ ᠤ | ᠠᠮᠦᠷ ᠲᠥᠪᠰᠢᠨ ᠤ ᠭᠤᠣᠯᠳᠠᠯᠭ᠎ᠠ ᠪᠣᠯᠬᠤ ᠠᠵᠢᠯ ᠢ ᠲᠣᠬᠢᠷᠠᠭᠤᠯᠬᠤ ᠰᠠᠯᠠᠭ᠎ᠠ ᠮᠦᠴᠢᠷ ᠤᠨ ᠠᠵᠢᠯ ᠤᠨ | ᠬᠤᠪᠢᠶᠠᠷᠢᠯᠠᠯ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠦᠷ ᠲᠥᠪᠰᠢᠨ ᠤ ᠵᠦᠪᠯᠡᠯ ᠤᠨ | ᠠᠯᠪᠠᠨ ᠭᠡᠷ ᠤᠨ ᠰᠠᠨᠠᠯ︾ ︵ᠢᠳᠡᠭᠡᠨ ᠠᠮᠦᠷ ᠠᠯᠪᠠᠨ ﹇2015﹈ 4 ᠳ᠋ᠤᠭᠡᠷ ᠲᠣᠭᠠᠲᠤ︶ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ | ᠪᠤᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠮᠠᠨ ᠤ ᠣᠷᠣᠨ ᠤ 2015 ᠣᠨ ᠤ ᠢᠳᠡᠭᠡᠨ ᠤ ᠠᠮᠦᠷ | ᠲᠥᠪᠰᠢᠨ ᠤ ᠭᠤᠣᠯᠳᠠᠯᠭ᠎ᠠ ᠪᠣᠯᠬᠤ ᠠᠵᠢᠯ ᠳᠤ ᠲᠣᠣᠷᠠᠬᠢ ᠮᠡᠲᠦ ᠲᠣᠬᠢᠷᠠᠭᠤᠯᠤᠯᠲᠠ ᠬᠢᠪᠡ᠃ | ᠨᠢᠭᠡ᠂ ᠵᠢᠯᠤᠭᠤᠳᠬᠤ ᠦᠵᠡᠯ ᠰᠠᠨᠠᠭ᠎ᠠ ᠪᠠ ᠶᠡᠷᠦᠩᠬᠡᠢ ᠬᠠᠷᠠᠯᠲᠠ | ᠪᠦᠬᠦ ᠣᠷᠣᠨ ᠤ 2015 ᠣᠨ ᠤ ᠢᠳᠡᠭᠡᠨ ᠤ ᠠᠮᠦᠷ ᠲᠥᠪᠰᠢᠨ ᠤ ᠠᠵᠢᠯ ᠨᠢ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ | ᠳᠥᠷᠪᠠᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠢᠳᠡᠭᠡᠨ ᠤ ᠠᠮᠦᠷ ᠲᠥᠪᠰᠢᠨ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠰᠢᠢᠳᠪᠦᠷᠢᠲᠦ | ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ | ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠢᠵᠠᠭᠠᠷ ᠱᠤᠭᠤᠮ ᠢ ᠰᠠᠬᠢᠵᠤ᠂ ᠭᠤᠣᠯᠳᠠᠯᠭ᠎ᠠ ᠶᠢ ᠳᠣᠪᠤᠶᠢᠯᠭᠠᠨ᠂ ᠦᠷᠭᠦᠯᠵᠢᠯᠡᠨ | ᠬᠦᠴᠦᠯᠡᠵᠦ᠂ ᠠᠮᠦᠷ ᠲᠥᠪᠰᠢᠨ ᠢ ᠪᠠᠲᠤᠯᠠᠬᠤ︾ ᠵᠠᠷᠴᠢᠮ ᠢ ᠴᠢᠩᠭ᠎ᠠ ᠪᠠᠷᠢᠮᠲᠠᠯᠠᠨ᠂ ᠠᠰᠠᠭᠤᠳᠠᠯ ᠤᠨ | ᠤᠳᠤᠷᠢᠳᠤᠮᠵᠢ ᠪᠠᠷ ᠶᠡᠷᠦᠩᠬᠡᠶᠢᠯᠡᠨ ᠵᠠᠬᠢᠷᠴᠤ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ | ᠪᠣᠯᠭᠠᠨ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠣᠪᠣᠷ ᠰᠤᠷᠲᠠᠯ ᠢ | ᠰᠠᠶᠢᠵᠢᠷᠠᠭᠤᠯᠬᠤ ᠪᠠᠷ ᠭᠠᠷᠳᠠᠴᠠ ᠪᠣᠯᠭᠠᠨ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠯᠳᠠ | ᠠᠶᠤᠯ ᠢ ᠵᠢᠭᠰᠠᠭᠠᠨ ᠪᠠᠶᠢᠴᠠᠭᠠᠵᠤ ᠵᠠᠰᠠᠬᠤ ᠪᠠ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠦᠨ᠂ | ᠪᠦᠬᠦ ᠣᠷᠣᠨ ᠤ ᠢᠳᠡᠭᠡᠨ ᠤ ᠠᠮᠦᠷ ᠲᠥᠪᠰᠢᠨ ᠤ ᠡᠮᠬᠢ ᠵᠢᠷᠤᠮ ᠢ ᠦᠨᠡᠨᠬᠦ ᠵᠢᠷᠤᠮᠵᠢᠭᠤᠯᠵᠤ᠂ ᠢᠳᠡᠭᠡᠨ ᠤ ᠠᠮᠦᠷ | ᠲᠥᠪᠰᠢᠨ ᠤ ᠣᠨᠴᠤᠭᠤᠢ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠢᠳᠡᠭᠡᠨ ᠪᠠ | ᠡᠮ ᠤᠨ ᠵᠦᠢᠯᠡᠰ ᠢᠶᠠᠷ ᠠᠮᠦᠷ ᠲᠥᠪᠰᠢᠨ ᠦᠪᠦᠷ ᠮᠣᠩᠭᠤᠯ ᠢ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ | ᠢᠳᠡᠭᠡᠨ ᠤ ᠠᠮᠦᠷ ᠲᠥᠪᠰᠢᠨ ᠢ ᠵᠠᠰᠠᠬᠤ ᠴᠢᠳᠠᠪᠤᠷᠢ ᠪᠣᠯᠣᠨ ᠪᠠᠲᠤᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠦᠪᠡᠷᠲᠡᠭᠡᠨ ᠵᠠᠰᠬᠠᠤ ᠣᠷᠣᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ | ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠳᠤ ᠬᠤᠪᠢ ᠨᠡᠮᠡᠷᠢ ᠦᠵᠡᠭᠦᠯᠦᠨ᠎ᠡ᠃ | ᠬᠤᠶᠠᠷ᠂ ᠭᠤᠣᠯᠳᠠᠯᠭ᠎ᠠ ᠪᠣᠯᠬᠤ ᠠᠵᠢᠯ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ | ︵ᠨᠢᠭᠡ︶ ᠬᠠᠤᠯᠢ ᠬᠡᠷᠡᠭᠵᠢᠭᠦᠯᠬᠦ ᠶᠢ ᠴᠢᠩᠭ᠎ᠠ ᠬᠢᠨᠠᠨ ᠬᠠᠮᠢᠶᠠᠷᠴᠤ᠂ ᠳᠤᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ | 1. ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠪᠠᠶᠢᠬᠤ ᠶᠢ ᠡᠬᠢ ᠡᠭᠦᠰᠦᠯ ᠠᠴᠠ ᠨᠢ ᠵᠠᠰᠠᠬᠤ ᠠᠵᠢᠯ ᠢ ᠴᠢᠩᠭᠠᠳᠬᠠᠨ᠎ᠠ᠃ | ︵1︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠬᠢᠨᠠᠨ ᠬᠠᠮᠢᠶᠠᠷᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠳᠤ ᠬᠡᠷᠡᠭᠯᠡᠬᠦ ᠵᠦᠢᠯᠡᠰ ᠤᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠯᠠᠩ ᠮᠠᠯ ᠤᠨ ᠡᠮ ᠳᠤ ᠴᠠᠭᠠᠵᠠ ᠶᠢ ᠵᠦᠷᠢᠴᠡᠨ | ᠬᠡᠮᠵᠢᠶ᠎ᠠ ᠠᠴᠠ ᠨᠢ ᠬᠡᠲᠦᠷᠡᠭᠦᠯᠬᠦ᠂ ᠬᠤᠣᠷᠲᠤ ᠡᠳ᠋ ᠢ ᠬᠠᠤᠯᠢ ᠪᠤᠰᠤ ᠪᠠᠷ ᠨᠡᠮᠡᠬᠦ᠂ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠬᠤᠳᠠᠯᠳᠤᠨ ᠠᠪᠬᠤ ᠪᠠ ᠨᠢᠳᠤᠯᠬᠤ᠂ ᠲᠠᠷᠢᠶᠠᠯᠠᠩ ᠤᠨ ᠬᠡᠷᠡᠭᠰᠡᠯ ᠢ ᠬᠤᠳᠠᠯ ᠬᠠᠭᠤᠷᠮᠠᠭ ᠵᠣᠬᠢᠶᠠᠨ | ᠪᠣᠷᠤᠯᠠᠭᠤᠯᠬᠤ ᠵᠡᠷᠭᠡ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠤᠨ᠂ ᠬᠤᠣᠷ ᠶᠡᠬᠡᠲᠡᠢ ᠪᠠ ᠴᠠᠭᠠᠵᠠᠯᠠᠨ ᠬᠢᠵᠠᠭᠠᠷᠯᠠᠭᠰᠠᠨ ᠲᠠᠷᠢᠶᠠᠨ ᠡᠮ ᠢ ᠬᠡᠷᠡᠭᠯᠡᠬᠦ᠂ ᠬᠤᠣᠷ ᠪᠠᠭᠠᠲᠠᠢ | ᠲᠠᠷᠢᠶᠠᠨ ᠡᠮ ᠳᠤ ᠬᠤᠣᠷ ᠶᠡᠬᠡᠲᠡᠢ ᠪᠦᠷᠢᠯᠳᠦᠭᠦᠨ ᠢ ᠬᠠᠤᠯᠢ ᠪᠤᠰᠤ ᠪᠠᠷ ᠨᠡᠮᠡᠬᠦ᠂ ᠨᠢᠶᠠᠨ ᠳᠠᠷᠤᠭᠴᠢ᠂ ᠬᠤᠷᠮᠣᠨ ᠢ | ᠬᠤᠷᠢᠭ᠎ᠠ ᠴᠠᠭᠠᠵᠠ ᠶᠢ ᠵᠦᠷᠢᠴᠡᠨ ᠳᠤᠷ᠎ᠠ ᠪᠠᠷ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠡᠯ᠎ᠡ | ᠲᠦᠷᠦᠯ ᠤᠨ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠬᠦ ᠬᠡᠷᠡᠭᠲᠡᠢ᠃ ᠮᠠᠯ ᠵᠢᠭᠦᠷᠲᠡᠨ ᠠᠯᠠᠵᠤ | ᠨᠢᠳᠤᠯᠬᠤ ᠠᠵᠤ ᠠᠬᠤᠶᠢᠯᠠᠯ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠮᠠᠯ ᠵᠢᠭᠦᠷᠲᠡᠨ ᠢ ᠨᠢᠳᠤᠯᠬᠤ ᠳᠤ | ᠲᠤᠰᠬᠠᠶᠢᠯᠠᠨ ᠵᠠᠰᠬᠠᠤ ᠠᠵᠢᠯ ᠢ ᠭᠦᠨᠵᠡᠭᠡᠢ ᠦᠷᠨᠢᠭᠦᠯᠦᠨ᠎ᠡ᠃ ︽ᠬᠠᠷ᠎ᠠ ᠮᠢᠬᠠᠯᠠᠭᠤᠯᠬᠤ ᠬᠠᠨᠳᠠ︾᠂ ᠲᠥᠭᠦᠬᠡᠢ | ᠰᠢᠨ᠎ᠡ ᠰᠦ᠋ ᠶᠢᠨ ᠬᠤᠷᠢᠭ᠎ᠠ ᠴᠠᠭᠠᠵᠠ ᠠᠴᠠ ᠵᠦᠷᠢᠴᠡᠭᠰᠡᠨ ᠡᠳ᠋᠂ ᠲᠡᠵᠢᠭᠡᠯ ᠪᠤᠷᠳᠤᠭ᠎ᠠ ᠵᠢᠴᠢ ᠪᠣᠷᠳᠤᠭᠠᠨ ᠤ ᠨᠡᠮᠡᠯᠲᠡ | ᠡᠳ᠋ ᠳᠤ ᠲᠦᠪᠯᠡᠷᠡᠭᠦᠯᠦᠨ ᠴᠡᠭᠴᠡᠯᠡᠵᠦ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠪᠣᠯᠬᠤ | ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠳᠤ ᠬᠠᠮᠲᠤᠷᠠᠨ ᠵᠠᠰᠠᠬᠤ ᠠᠵᠢᠯᠯᠠᠭ᠎ᠠ ᠶᠢ | ᠦᠷᠨᠢᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ | ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠠᠵᠢᠯᠯᠠᠭᠠᠨ ᠤ ᠵᠢᠷᠤᠮᠵᠢᠯ ᠢ ᠲᠣᠭᠲᠠᠭᠠᠬᠤ᠂ ᠰᠤᠭᠤᠴᠠᠨ ᠪᠠᠶᠢᠴᠠᠭᠠᠬᠤ ᠶᠢ | ᠴᠢᠩᠭᠠᠳᠬᠠᠬᠤ᠂ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠠ ᠠᠪᠴᠤ᠂ ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠠᠵᠤ | ᠦᠢᠯᠡᠰᠵᠢᠭᠦᠯᠬᠦ ᠦᠢᠯᠡᠳᠪᠦᠷᠢᠯᠡᠯ ᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠮᠠᠨ ᠤ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠢᠳᠡᠰᠢᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠵᠢᠯᠤᠭᠤᠳᠬᠤ ᠰᠠᠨᠠᠯ ᠢ ᠰᠤᠳᠤᠯᠤᠨ ᠨᠡᠶᠢᠲᠡᠯᠡᠵᠦ᠂ ᠢᠳᠡᠰᠢᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠬᠦ ᠠᠴᠠ ᠪᠦᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠵᠠᠬ᠎ᠠ ᠳᠡᠯᠭᠡᠭᠦᠷ ᠪᠣᠶᠣ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠤᠬᠤ ᠬᠦᠷᠲᠡᠯᠡᠬᠢ ᠡᠮᠦᠨᠡᠬᠢ ᠪᠦᠬᠦ | ᠶᠠᠪᠤᠴᠠ ᠶᠢ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵3︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠠᠷᠤᠯᠲᠠ ᠶᠢᠨ | ᠣᠷᠣᠨ ᠤ ᠬᠦᠨᠳᠦ ᠲᠡᠮᠦᠷᠯᠢᠭ ᠤᠨ ᠪᠣᠬᠢᠷᠳᠤᠯ᠂ ᠲᠠᠷᠢᠵᠤ ᠲᠡᠵᠢᠭᠡᠬᠦ ᠦᠢᠯᠡᠰ ᠤᠨ ᠬᠡᠷᠡᠭᠯᠡᠬᠦ ᠤᠰᠤᠨ ᠤ ᠪᠤᠬᠢᠷᠳᠤᠯ᠂ | ᠳᠠᠭᠠᠭᠠᠮᠠᠭᠠᠢ ᠴᠢᠨᠠᠷᠲᠠᠢ ᠣᠷᠭᠠᠨᠢᠭ ᠪᠤᠳᠠᠰ ᠤᠨ ᠪᠤᠬᠢᠷᠳᠤᠯ ᠵᠡᠷᠭᠡ ᠠᠰᠠᠭᠤᠳᠠᠯ ᠳᠤ ᠴᠢᠭᠯᠡᠭᠦᠯᠦᠨ᠂ ᠣᠷᠴᠢᠨ | ᠲᠣᠭᠤᠷᠢᠨ ᠤ ᠪᠣᠬᠢᠷᠳᠤᠯ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠦᠷᠨᠢᠭᠦᠯᠵᠦ᠂ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠦᠷᠦᠰᠦ ᠰᠢᠷᠤᠢ ᠶᠢ ᠥᠩᠵᠢᠭᠦᠯᠬᠦ ᠶᠢ ᠲᠦᠷᠭᠡᠳᠭᠡᠨ᠎ᠡ᠃ ︵ᠦᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠦᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠠᠢ ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2. ᠢᠳᠡᠭᠡᠨ ᠤ ᠦᠢᠯᠡᠳᠪᠦᠷᠢᠯᠡᠵᠦ ᠡᠵᠡᠩᠨᠡᠬᠦ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ | ︵1︶ ᠨᠢᠯᠬ᠎ᠠ ᠨᠢᠷᠠᠢ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ᠂ ᠨᠢᠯᠬ᠎ᠠ ᠨᠢᠷᠠᠢ ᠬᠡᠦᠬᠡᠳ ᠤᠨ | ᠲᠤᠰᠠᠯᠠᠬᠤ ᠢᠳᠡᠭᠡᠨ᠂ ᠴᠠᠭᠠᠨ ᠢᠳᠡᠭᠡ᠂ ᠤᠯᠠᠭᠠᠨ ᠢᠳᠡᠭᠡ᠂ ᠤᠰᠤᠨ ᠤ ᠭᠠᠷᠤᠯᠲᠠ ᠶᠢᠨ ᠡᠳ᠋ᠰᠢᠭᠦᠯᠦᠭᠰᠡᠨ | ᠪᠦᠳᠦᠬᠡᠭᠳᠡᠬᠦᠨ᠂ ᠢᠳᠡᠰᠢᠨ ᠤ ᠤᠷᠭᠤᠮᠠᠯ ᠤᠨ ᠲᠤᠰᠤ᠂ ︽ᠲᠣᠮᠣ ᠬᠦᠨᠦᠭᠲᠦ ᠤᠰᠤ︾᠂ ᠬᠠᠷ᠎ᠠ ᠠᠷᠢᠬᠢ ᠵᠡᠷᠭᠡ | ᠭᠤᠣᠯᠳᠠᠯᠭ᠎ᠠ ᠪᠣᠯᠬᠤ ᠬᠠᠮ ᠢᠳᠡᠭᠡᠨ ᠤ ᠲᠣᠭᠤᠷᠢᠨ ᠳᠤ ᠶᠡᠷᠦᠩᠬᠡᠶᠢᠯᠡᠨ ᠵᠠᠰᠠᠬᠤ ᠠᠵᠢᠯ ᠢ ᠦᠷᠨᠢᠭᠦᠯᠵᠦ᠂ | ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠬᠦ᠂ ᠢᠳᠡᠰᠢᠨ ᠤ ᠪᠤᠰᠤ ᠡᠳ᠋ | ᠪᠣᠯᠣᠨ ᠢᠳᠡᠭᠡᠨ ᠤ ᠬᠡᠪᠰᠢᠭᠦᠯᠦᠭᠴᠢ ᠡᠳ᠋ ᠢ ᠬᠠᠤᠯᠢ ᠪᠤᠰᠤ ᠪᠠᠷ ᠨᠡᠮᠡᠬᠦ᠂ ᠢᠳᠡᠭᠡᠨ ᠤ ᠱᠤᠰᠢᠭ᠎ᠠ ᠢᠯᠭᠠᠬᠤ | ᠲᠡᠮᠲᠡᠭ ᠨᠢ ᠵᠢᠷᠤᠮᠵᠢᠭᠤᠨ ᠪᠤᠰᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠳᠦᠷ | ᠲᠤᠳᠤᠮ ᠤᠨ ᠬᠢᠨᠠᠨ ᠬᠠᠮᠢᠶᠠᠷᠬᠤ᠂ ᠵᠠᠰᠠᠵᠤ ᠴᠡᠭᠴᠡᠯᠡᠬᠦ ᠪᠠ ᠰᠤᠭᠤᠴᠠᠨ ᠪᠠᠶᠢᠴᠠᠭᠠᠬᠤ ᠬᠢᠨᠠᠨ ᠪᠠᠶᠢᠴᠠᠭᠠᠬᠤ ᠳᠤᠮᠳᠠ | ᠢᠯᠡᠷᠡᠭᠦᠯᠦᠭᠰᠡᠨ ᠠᠮᠦᠷ ᠲᠥᠪᠰᠢᠨ ᠤ ᠲᠠᠯᠳᠠ ᠠᠶᠤᠯ ᠶᠡᠬᠡᠳᠡᠢ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠶᠢ | ᠠᠮᠠᠷᠬᠠᠨ ᠪᠣᠢ ᠪᠣᠯᠭᠠᠬᠤ ᠭᠤᠣᠯᠳᠠᠯᠭ᠎ᠠ ᠲᠠᠢ ᠲᠦᠷᠦᠯ ᠵᠦᠢᠯ ᠳᠤ ᠴᠢᠭᠯᠡᠭᠦᠯᠦᠨ᠂ ᠴᠢᠭᠯᠡᠭᠦᠯᠬᠦ ᠴᠢᠨᠠᠷᠲᠠᠢ᠂ | ᠠᠮᠢᠳᠤᠯᠢᠭ ᠴᠢᠨᠠᠷᠲᠠᠢ ᠲᠤᠰᠬᠠᠶᠢᠯᠠᠨ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠵᠣᠬᠢᠶᠠᠨ ᠪᠠᠶᠢᠭᠤᠯᠵᠤ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠲᠤᠮᠤ ᠬᠡᠯᠪᠡᠷᠢ ᠶᠢᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ᠂ ᠭᠦᠢᠯᠭᠡᠭᠡᠬᠦ᠂ ᠢᠳᠡᠭᠡᠨ | ᠤᠮᠳᠠᠭᠠᠨ ᠤ ᠠᠵᠤ ᠠᠬᠤᠶᠢᠯᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠵᠢᠵᠢᠭ ᠦᠢᠯᠡᠳᠭᠡᠯ ᠤᠨ ᠭᠠᠵᠠᠷ᠂ | ᠳᠡᠯᠭᠡᠭᠡᠰᠢ ᠮᠠᠶᠢᠮᠠᠢ᠂ ᠰᠦᠯᠵᠢᠶᠡᠨ ᠳᠠᠬᠢ ᠪᠤᠷᠤᠯᠠᠭᠤᠯᠭ᠎ᠠ ᠵᠡᠷᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠦᠨᠡᠮᠯᠡᠯ ᠦᠭᠡᠢ ᠪᠠᠷ ᠡᠵᠡᠩᠨᠡᠬᠦ᠂ ᠪᠤᠷᠤᠯᠠᠭᠤᠯᠬᠤ ᠪᠠ ᠬᠠᠤᠯᠢ ᠶᠤᠰᠤᠨ ᠤ ᠪᠤᠰᠤ ᠢᠷᠡᠯᠲᠡ ᠲᠠᠢ ᠢᠳᠡᠭᠡᠨ ᠪᠠ | ᠲᠦᠭᠦᠭᠡᠢ ᠮᠠᠲ᠋ᠧᠷᠢᠶᠠᠯ ᠢ ᠬᠡᠷᠡᠭᠯᠡᠬᠦ᠂ ᠡᠷᠬᠡ ᠳᠤ ᠬᠠᠯᠳᠠᠨ ᠬᠠᠭᠤᠷᠮᠠᠭ ᠢᠶᠠᠷ ᠣᠷᠤᠯᠠᠭᠤᠯᠬᠤ ᠵᠡᠷᠭᠡ ᠬᠠᠤᠯᠢ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠬᠦ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ | ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵3︶ ᠭᠠᠳᠠᠭᠠᠲᠤ ᠠᠴᠠ ᠣᠷᠤᠭᠤᠯᠬᠤ ᠪᠠ ᠭᠠᠳᠠᠭᠠᠲᠤ ᠳᠤ ᠭᠠᠷᠭᠠᠬᠤ ᠢᠳᠡᠭᠡᠨ ᠢ ᠬᠢᠨᠠᠨ ᠬᠠᠮᠢᠶᠠᠷᠬᠤ ᠪᠠ | ᠲᠥᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠭᠠᠳᠠᠭᠠᠳᠤ ᠠᠴᠠ ᠣᠷᠤᠭᠤᠯᠬᠤ ᠬᠤᠳᠠᠯᠳᠤᠭᠠᠴᠢᠨ ᠢ | ᠪᠦᠷᠢᠳᠭᠡᠨ ᠲᠠᠩᠰᠠᠯᠠᠬᠤ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠭᠠᠳᠠᠭᠠᠲᠤ ᠠᠴᠠ ᠣᠷᠤᠭᠤᠯᠤᠭᠰᠠᠨ ᠪᠠ | ᠪᠣᠷᠤᠯᠠᠭᠤᠯᠤᠭᠰᠠᠨ ᠲᠡᠮᠲᠡᠭᠯᠡᠯ ᠳᠤ ᠬᠢᠨᠠᠯᠲᠠ ᠲᠠᠯᠪᠢᠬᠤ ᠳᠦᠷᠢᠮ ᠢ ᠬᠡᠷᠡᠭᠵᠢᠭᠦᠯᠦᠨ᠂ ᠭᠠᠳᠠᠭᠠᠲᠤ ᠠᠴᠠ | ᠣᠷᠤᠭᠤᠯᠤᠭᠰᠠᠨ ᠢᠳᠡᠭᠡᠨ ᠤ ᠦᠢᠯᠡᠳᠪᠦᠷᠢᠯᠡᠯ᠂ ᠭᠠᠳᠠᠭᠠᠲᠤ ᠠᠴᠠ ᠣᠷᠤᠭᠤᠯᠤᠭᠰᠠᠨ ᠪᠠ ᠪᠣᠷᠤᠯᠠᠭᠤᠯᠤᠭᠰᠠᠨ ᠪᠦᠬᠦ | ᠶᠠᠪᠤᠴᠠ ᠶᠢᠨ ᠮᠡᠳᠡᠭᠡ ᠵᠠᠩᠭᠢ ᠶᠢ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃ ︵ᠦᠪᠦᠷ ᠮᠣᠩᠭᠤᠯ ᠤᠨ ᠬᠢᠯᠢ ᠠᠴᠠ | ᠭᠠᠷᠴᠤ ᠣᠷᠤᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵4︶ ᠨᠢᠯᠬ᠎ᠠ ᠨᠢᠷᠠᠢ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠠᠵᠤ ᠠᠬᠤᠶᠢᠯᠠᠯ ᠢ ᠨᠡᠶᠢᠯᠡᠭᠦᠯᠦᠨ | ᠳᠠᠬᠢᠵᠤ ᠵᠣᠬᠢᠶᠠᠨ ᠪᠠᠶᠢᠭᠤᠯᠬᠤ ᠪᠠ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠᠨ ᠦᠷᠭᠦᠯᠵᠢᠯᠡᠨ | ᠴᠢᠩᠭᠠᠳᠬᠠᠵᠤ᠂ ᠨᠢᠯᠬ᠎ᠠ ᠨᠢᠷᠠᠢ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠦᠢᠯᠡᠳᠪᠦᠷᠢᠯᠡᠬᠦ ᠠᠵᠤ | ᠠᠬᠤᠶᠢᠯᠠᠯ ᠤᠨ ᠢᠳᠡᠭᠡᠨ ᠳᠤ ᠠᠮᠦᠷ ᠲᠥᠪᠰᠢᠨ ᠤ ᠬᠢᠨᠠᠨ ᠪᠤᠳᠤᠬᠤ ᠠᠵᠢᠯ ᠦᠷᠨᠢᠭᠦᠯᠬᠦ ᠶᠢ ᠵᠣᠬᠢᠶᠠᠨ ᠪᠠᠶᠢᠭᠤᠯᠤᠨ᠎ᠠ᠃ | ︵ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠢᠳᠡᠭᠡᠨ ᠪᠠ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵5︶ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠬᠦ ᠶᠢ ᠪᠠᠷᠢᠮᠲᠠᠯᠠᠵᠤ᠂ ᠪᠠᠷᠢᠮᠵᠢᠶ᠎ᠠ ᠠᠴᠠ | ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠠᠯᠬᠤᠮ | ᠠᠯᠬᠤᠮ ᠢᠶᠠᠷ ᠪᠠᠶᠢᠭᠤᠯᠤᠨ᠂ ᠬᠠᠷ᠎ᠠ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠨ ᠲᠡᠭᠡᠭᠡᠪᠦᠷᠢᠯᠡᠬᠦ᠂ ᠪᠤᠷᠤᠯᠠᠭᠤᠯᠬᠤ | ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠤᠳᠠᠯᠳᠤᠨ ᠠᠪᠤᠭᠰᠠᠨ ᠪᠠ ᠬᠦᠮᠦᠷᠭᠡᠯᠡᠨ ᠬᠠᠳᠠᠭᠠᠯᠠᠭᠰᠠᠨ ᠠᠮᠤ ᠪᠤᠳᠠᠭ᠎ᠠ ᠶᠢᠨ ᠶᠠᠰᠤ ᠴᠢᠨᠠᠷ ᠤᠨ ᠬᠢᠨᠠᠨ ᠰᠢᠯᠭᠠᠬᠤ | ᠪᠠ ᠰᠣᠭᠤᠴᠠᠨ ᠪᠠᠶᠢᠴᠠᠭᠠᠬᠤ ᠠᠵᠢᠯ ᠢ ᠢᠳᠡᠪᠬᠢᠲᠡᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠮᠤ | ᠪᠤᠳᠠᠭ᠎ᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 3. ᠭᠤᠣᠯᠳᠠᠯᠭ᠎ᠠ ᠲᠠᠢ ᠣᠷᠣᠨ ᠪᠦᠰᠡ ᠶᠢᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠠᠶᠤᠯ ᠢ | ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠬᠤ ᠬᠡᠷᠡᠭᠲᠡᠢ᠃ | ︵1︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠤᠣᠯ ᠭᠠᠷᠤᠯᠲᠠ ᠶᠢᠨ | ᠣᠷᠣᠨ᠂ ᠢᠳᠡᠭᠡᠨ ᠡᠳ᠋ᠰᠢᠭᠦᠯᠬᠦ ᠦᠢᠯᠡᠰ ᠤᠨ ᠪᠦᠭᠡᠭᠡᠨᠡᠷᠡᠯ ᠤᠨ ᠣᠷᠣᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠪᠣᠯᠣᠨ ᠢᠳᠡᠭᠡᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠮᠠᠯᠵᠢᠬᠤ ᠲᠠᠷᠢᠶᠠᠯᠠᠬᠤ | ᠣᠷᠣᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠ ᠬᠦᠳᠡᠭᠡ ᠶᠢᠨ ᠠᠭᠤᠯᠵᠠᠷ ᠭᠠᠵᠠᠷ᠂ | ᠰᠤᠷᠭᠠᠭᠤᠯᠢ ᠶᠢᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠪᠠ ᠭᠠᠷᠤᠯᠲᠠ ᠶᠢᠨ | ᠣᠷᠣᠨ ᠠᠴᠠ ᠵᠥᠪᠰᠢᠶᠡᠷᠡᠨ ᠭᠠᠷᠭᠠᠬᠤ ᠶᠢ ᠵᠤᠯᠭᠠᠭᠤᠯᠬᠤ ᠪᠠᠨ ᠴᠢᠩᠭᠠᠳᠬᠠᠨ᠂ ᠬᠢᠷᠢ ᠲᠡᠩᠴᠡᠬᠦ ᠦᠭᠡᠢ ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ ᠢᠳᠡᠭᠡᠨ ᠤ ᠵᠠᠬ᠎ᠠ ᠳᠡᠯᠭᠡᠭᠦᠷ ᠲᠤ ᠣᠷᠤᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠡᠯ᠎ᠡ ᠲᠦᠷᠦᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠬᠤᠭᠤᠯᠠᠨ ᠭᠡᠷ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠮᠦᠷ ᠵᠠᠮ ᠤᠨ ᠥᠷᠲᠡᠭᠡ ᠵᠡᠷᠭᠡ ᠬᠤᠭᠤᠯᠠᠯᠠᠬᠤ ᠬᠦᠮᠦᠰ | ᠨᠢᠭᠲᠠᠷᠠᠭᠰᠠᠨ ᠭᠠᠵᠠᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠳᠡᠭᠡ | ᠲᠤᠰᠬᠤᠨ ᠤ ᠬᠠᠮᠲᠤ ᠳᠠᠭᠠᠨ ᠪᠤᠳᠠᠭᠠᠯᠠᠬᠤ ᠳᠤ ᠵᠢᠯᠤᠭᠤᠳᠤᠯᠭ᠎ᠠ ᠦᠭᠴᠦ᠂ ᠢᠳᠡᠭᠡᠨ ᠳᠤ ᠬᠤᠣᠷᠳᠠᠭᠳᠠᠬᠤ ᠠᠳᠡᠯ | ᠭᠠᠷᠬᠤ ᠠᠴᠠ ᠰᠡᠷᠭᠡᠶᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠦᠮᠦᠵᠢᠯ ᠤᠨ ᠲᠢᠩᠬᠢᠮ᠂ ᠣᠷᠣᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵3︶ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠦᠨᠳᠦᠰᠦᠨ ᠪᠠᠶᠢᠳᠠᠯ ᠢ | ᠪᠦᠷᠢᠳᠭᠡᠨ ᠪᠠᠶᠢᠴᠠᠭᠠᠬᠤ ᠠᠵᠢᠯ ᠢ ᠦᠷᠨᠢᠭᠦᠯᠵᠦ᠂ ᠤᠴᠢᠷ ᠰᠢᠯᠲᠠᠭᠠᠨ ᠢ ᠨᠢ ᠲᠤᠳᠤᠷᠬᠠᠢ ᠣᠶᠢᠯᠠᠭᠠᠨ᠂ | ᠲᠥᠭᠰᠢᠭᠦᠷᠢ ᠶᠢ ᠵᠢᠭᠰᠠᠭᠠᠨ ᠪᠠᠶᠢᠴᠠᠭᠠᠵᠤ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢ ᠶᠢᠨ ᠦᠨᠡᠮᠯᠡᠯ ᠠᠪᠴᠤ | ᠬᠠᠤᠯᠢ ᠶᠤᠰᠤᠭᠠᠷ ᠡᠵᠡᠩᠨᠡᠬᠦ ᠳᠤ ᠴᠢᠩᠭ᠎ᠠ ᠬᠢᠨᠠᠯᠲᠠ ᠲᠠᠯᠪᠢᠵᠤ᠂ ᠲᠠᠳᠠᠨ ᠤ ᠪᠠᠷᠠᠭ᠎ᠠ ᠣᠷᠤᠭᠤᠯᠬᠤ ᠳᠠᠭᠠᠨ | ᠪᠠᠶᠢᠴᠠᠭᠠᠨ ᠰᠢᠯᠭᠠᠬᠤ ᠪᠠ ᠪᠠᠶᠢᠴᠠᠭᠠᠨ ᠰᠢᠯᠭᠠᠭᠰᠠᠨ ᠪᠠᠶᠢᠳᠠᠯ ᠢᠶᠠᠨ ᠦᠨᠡᠨ ᠪᠤᠲᠠᠲᠠᠢ ᠲᠡᠮᠲᠡᠭᠯᠡᠬᠦ ᠵᠡᠷᠭᠡ ᠬᠠᠤᠯᠢ ᠪᠠᠷ | ᠲᠣᠭᠲᠠᠭᠠᠭᠰᠠᠨ ᠡᠭᠦᠷᠭᠡ ᠪᠠᠨ ᠭᠦᠢᠴᠡᠳᠭᠡᠬᠦ ᠶᠢ ᠰᠢᠮᠳᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵4︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ ᠢᠳᠡᠭᠡᠨ ᠤ ᠠᠮᠦᠷ | ᠲᠥᠪᠰᠢᠨ ᠢ ᠰᠤᠭᠤᠴᠠᠨ ᠪᠠᠶᠢᠴᠠᠭᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠦᠯᠢᠭᠡᠷ ᠠᠪᠴᠤ ᠪᠠᠶᠢᠴᠠᠭᠠᠨ | ᠰᠢᠯᠭᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠦᠷ᠎ᠡ ᠳ᠋ᠦᠩ ᠳᠤ ᠵᠠᠳᠠᠯᠤᠯᠲᠠ ᠬᠢᠵᠦ ᠰᠤᠳᠤᠯᠤᠨ | ᠮᠠᠭᠠᠳᠯᠠᠬᠤ ᠶᠢ ᠴᠢᠩᠭᠠᠳᠬᠠᠵᠤ᠂ ᠰᠤᠭᠤᠴᠠᠨ ᠪᠠᠶᠢᠴᠠᠭᠠᠭᠰᠠᠨ ᠮᠡᠳᠡᠭᠡ ᠵᠠᠩᠭᠢ ᠶᠢᠨ ᠨᠡᠶᠢᠲᠡᠯᠡᠬᠦ ᠠᠷᠭ᠎ᠠ ᠮᠠᠶ᠋ᠢᠭ ᠢ | ᠲᠡᠭᠦᠯᠳᠡᠷᠵᠢᠭᠦᠯᠵᠦ᠂ ᠰᠤᠭᠤᠴᠠᠨ ᠪᠠᠶᠢᠴᠠᠭᠠᠭᠰᠠᠨ ᠮᠡᠳᠡᠭᠡ ᠵᠠᠩᠭᠢ ᠶᠢ ᠬᠠᠤᠯᠢ ᠶᠤᠰᠤᠭᠠᠷ ᠨᠡᠶᠢᠲᠡᠯᠡᠨ᠎ᠡ᠃ | ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠯᠳᠠ ᠠᠶᠤᠯ ᠢ ᠠᠷᠢᠯᠭᠠᠬᠤ ᠪᠠᠷ | ᠬᠠᠷᠠᠯᠲᠠ ᠪᠣᠯᠭᠠᠨ᠂ ᠰᠤᠭᠤᠴᠠᠨ ᠪᠠᠶᠢᠴᠠᠭᠠᠬᠤ ᠳᠤ ᠬᠢᠨᠠᠯᠲᠠ ᠲᠠᠯᠪᠢᠬᠤ ᠪᠠ ᠲᠥᠭᠰᠢᠭᠦᠷᠢ ᠶᠢ ᠬᠢᠨᠠᠨ ᠪᠠᠶᠢᠴᠠᠭᠠᠬᠤ | ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠤᠭᠤᠴᠠᠨ ᠪᠠᠶᠢᠴᠠᠭᠠᠵᠤ ᠬᠢᠨᠠᠨ ᠰᠢᠯᠭᠠᠬᠤ | ᠲᠦᠯᠦᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠠᠮᠢᠳᠤᠯᠢᠭ ᠴᠢᠨᠠᠷ᠂ ᠣᠨᠣᠴᠢ ᠴᠢᠨᠠᠷ ᠢ ᠦᠨᠡᠨᠬᠦ | ᠳᠡᠭᠡᠭᠰᠢᠯᠡᠭᠦᠯᠦᠨ᠂ ᠦᠯᠢᠭᠡᠷ ᠠᠪᠬᠤ ᠶᠢᠨ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠤᠭᠤᠴᠠᠨ | ᠪᠠᠶᠢᠴᠠᠭᠠᠬᠤ ᠳᠤ ᠬᠢᠨᠠᠯᠲᠠ ᠲᠠᠯᠪᠢᠬᠤ ᠪᠠ ᠲᠥᠭᠰᠢᠭᠦᠷᠢ ᠶᠢ ᠬᠢᠨᠠᠨ ᠪᠠᠶᠢᠴᠠᠭᠠᠬᠤ ᠠᠵᠢᠯ ᠢ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠦᠨ᠂ ᠴᠡᠭᠴᠡᠯᠡᠨ ᠰᠠᠶᠢᠵᠢᠷᠠᠭᠤᠯᠬᠤ ᠶᠢ | ᠴᠢᠩᠭᠠᠳᠬᠠᠵᠤ᠂ ᠠᠰᠠᠭᠤᠳᠠᠯ ᠪᠣᠯᠣᠨ ᠳᠠᠯᠳᠠ ᠠᠶᠤᠯ ᠢ ᠠᠷᠢᠯᠭᠠᠨ᠎ᠠ᠃ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ | ᠮᠡᠳᠡᠭᠡ ᠵᠠᠩᠭᠢ ᠨᠡᠪᠲᠡᠷᠡᠯᠴᠡᠬᠦ ᠶᠢ ᠪᠠᠶᠢᠴᠠᠭᠠᠨ ᠰᠢᠯᠭᠠᠬᠤ ᠶᠢ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵5︶ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠭᠠᠳᠠᠭᠰᠢᠯᠠᠭᠤᠯᠤᠯᠲᠠ ᠳᠤ ᠰᠦᠢᠳᠭᠡᠯ | ᠲᠤᠰᠢᠶᠠᠬᠤ ᠵᠢᠴᠢ ᠬᠤᠭᠤᠯᠠᠨ ᠭᠡᠷ ᠤᠨ ᠬᠠᠶᠠᠭᠳᠠᠮᠠᠯ ᠪᠤᠳᠠᠰ ᠢ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠶᠢ | ᠵᠢᠷᠤᠮᠵᠢᠭᠤᠯᠤᠨ ᠬᠠᠮᠢᠶᠠᠷᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠬᠤᠭᠤᠯᠠᠨ ᠭᠡᠷ ᠤᠨ ᠬᠠᠶᠠᠭᠳᠠᠮᠠᠯ ᠪᠤᠳᠠᠰ ᠢ | ᠰᠢᠢᠳᠪᠦᠷᠢᠯᠡᠨ ᠠᠰᠢᠭᠯᠠᠬᠤ ᠡᠷᠴᠢᠮ ᠢᠶᠠᠨ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠲᠠᠢ | ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵6︶ ᠤᠯᠤᠰ ᠤᠨ ᠢᠳᠡᠭᠡᠨ ᠤ ᠬᠡᠷᠡᠭᠯᠡᠭᠡ ᠶᠢᠨ ᠬᠡᠮᠵᠢᠶ᠎ᠡ ᠳᠤ ᠪᠠᠶᠢᠴᠠᠭᠠᠨ ᠰᠤᠳᠤᠯᠬᠤ ᠠᠵᠢᠯ | ᠦᠷᠨᠢᠭᠦᠯᠬᠦ ᠶᠢ ᠦᠷᠭᠦᠯᠵᠢᠯᠡᠨ ᠬᠠᠮᠵᠢᠵᠤ᠂ ᠢᠳᠡᠭᠡᠨ ᠤ ᠬᠡᠷᠡᠭᠯᠡᠭᠡ ᠶᠢᠨ ᠬᠡᠮᠵᠢᠶ᠎ᠡ ᠶᠢᠨ ᠰᠠᠭᠤᠷᠢ ᠳ᠋ᠠᠶᠢᠲ᠋ᠠ | ᠬᠦᠮᠦᠷᠭᠡ ᠶᠢ ᠲᠡᠭᠦᠯᠳᠡᠷᠵᠢᠭᠦᠯᠦᠨ᠎ᠡ᠃ ᠰᠢᠨ᠎ᠡ ᠢᠳᠡᠭᠡᠨ ᠤ ᠲᠥᠭᠦᠬᠡᠢ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋ ᠤᠨ | ᠰᠢᠨ᠎ᠡ ᠲᠦᠷᠦᠯ ᠵᠦᠢᠯ᠂ ᠢᠳᠡᠭᠡᠨ ᠤ ᠬᠠᠮᠢᠶ᠎ᠠ ᠪᠦᠬᠦᠢ ᠪᠦᠳᠦᠬᠡᠭᠳᠡᠬᠦᠨ ᠤ ᠰᠢᠨ᠎ᠡ ᠵᠦᠢᠯ ᠲᠦᠷᠦᠯ ᠤᠨ ᠠᠮᠤᠷ | ᠲᠦᠪᠰᠢᠨ ᠢ ᠨᠢᠭᠲᠠ ᠠᠩᠬᠠᠷᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 4. ᠢᠳᠡᠭᠡᠨ ᠤ ᠠᠮᠦᠷ ᠲᠥᠪᠰᠢᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵1︶ ᠢᠳᠡᠭᠡᠨ ᠤ ᠠᠮᠦᠷ ᠲᠥᠪᠰᠢᠨ ᠢ ᠬᠦᠨᠳᠦ ᠨᠣᠴᠢᠲᠠᠢ ᠬᠤᠬᠢᠷᠠᠭᠤᠯᠬᠤ ᠳᠣᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠢᠳᠡᠭᠡᠨ ᠤ ᠠᠮᠦᠷ ᠲᠥᠪᠰᠢᠨ ᠤ ᠬᠠᠤᠯᠢ ᠠᠴᠠ ᠵᠦᠷᠢᠴᠡᠭᠰᠡᠨ ᠶᠠᠯᠠᠳᠦ ᠬᠡᠷᠡᠭ ᠤᠨ ᠰᠦᠪᠡᠭᠴᠢ ᠶᠢ | ᠮᠡᠳᠡᠭᠡᠯᠡᠬᠦ᠂ ᠬᠡᠷᠡᠭ ᠤᠨ ᠪᠠᠶᠢᠳᠠᠯ ᠢ ᠮᠡᠳᠡᠭᠡᠯᠡᠬᠦ᠂ ᠬᠡᠷᠡᠭ ᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠨᠡᠶᠢᠲᠡᠯᠡᠬᠦ | ᠵᠡᠷᠭᠡ ᠠᠵᠢᠯ ᠤᠨ ᠵᠤᠯᠭᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠷᠡᠭ ᠲᠤ | ᠬᠤᠯᠪᠣᠭᠳᠠᠬᠤ ᠡᠳ᠋ ᠪᠤᠳᠠᠰ ᠢ ᠰᠢᠢᠳᠪᠦᠷᠢᠯᠡᠬᠦ᠂ ᠬᠡᠷᠡᠭ ᠲᠤ ᠬᠤᠯᠪᠣᠭᠳᠠᠬᠤ ᠪᠦᠳᠦᠬᠡᠭᠳᠡᠬᠦᠨ ᠢ ᠪᠠᠶᠢᠴᠠᠭᠠᠨ | ᠰᠢᠯᠭᠠᠵᠤ ᠬᠢᠨᠠᠨ ᠲᠣᠭᠲᠠᠭᠠᠬᠤ᠂ ᠭᠡᠷᠡᠴᠢ ᠪᠠᠷᠢᠮᠲᠠ ᠰᠢᠯᠵᠢᠭᠦᠯᠦᠨ ᠰᠤᠯᠢᠬᠤ ᠵᠡᠷᠭᠡ ᠠᠵᠢᠯ ᠢ ᠵᠣᠬᠢᠴᠠᠭᠤᠯᠤᠨ | ᠬᠠᠮᠵᠢᠯᠴᠠᠬᠤ ᠪᠠᠨ ᠦᠨᠡᠨᠬᠦ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠠᠤᠯᠢ | ᠴᠠᠭᠠᠵᠠ ᠶᠢᠨ ᠨᠢᠭᠲᠠ ᠵᠤᠯᠭᠠᠯᠴᠠᠯ ᠢ ᠤᠯᠠᠮ ᠨᠢᠭᠡ ᠠᠯᠬᠤᠮ ᠠᠬᠢᠭᠤᠯᠤᠨ᠂ ᠬᠠᠤᠯᠢ ᠬᠡᠷᠡᠭᠵᠢᠭᠦᠯᠬᠦ ᠶᠢ ᠴᠢᠩᠭ᠎ᠠ | ᠵᠢᠷᠤᠮᠵᠢᠭᠤᠯᠵᠤ᠂ ᠲᠣᠷᠭᠠᠭᠤᠯᠢ ᠪᠠᠷ ᠬᠠᠮᠢᠶᠠᠷᠤᠯᠲᠠ ᠶᠢ ᠣᠷᠤᠯᠠᠭᠤᠯᠬᠤ ᠶᠢ ᠡᠷᠡᠰ ᠴᠠᠭᠠᠵᠠᠯᠠᠨ᠂ ᠡᠷᠡᠭᠦᠦ ᠶᠢᠨ | ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠬᠠᠤᠯᠢ ᠠᠴᠠ | ᠵᠦᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠳᠭᠡᠨ᠎ᠡ᠃ ︵ᠦᠪᠡᠷᠲᠡᠭᠡᠨ ᠵᠠᠰᠠᠬᠤ | ᠣᠷᠣᠨ ᠤ ᠳᠣᠲᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ | ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠤ ᠠᠮᠦᠷ ᠲᠥᠪᠰᠢᠨ ᠤ ᠶᠠᠯᠠᠲᠤ ᠬᠡᠷᠡᠭ ᠢ | ᠲᠠᠩᠨᠠᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯᠲᠠᠨ ᠢ ᠭᠦᠢᠴᠡᠳ ᠲᠣᠬᠢᠷᠠᠭᠤᠯᠤᠨ᠂ | ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠣᠬᠢᠯᠲᠠ ᠥᠭᠬᠦ ᠲᠤᠰᠬᠠᠢ ᠬᠦᠴᠦᠨ ᠢ ᠴᠢᠩᠭᠠᠳᠬᠠᠨ᠎ᠠ᠃ ︵ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠳᠣᠲᠤᠭᠠᠲᠤ ᠶᠢ ᠬᠠᠮᠠᠭᠠᠯᠠᠬᠤ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ | ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠵᠦ᠂ ᠳᠦᠷᠢᠮ ᠤᠨ ᠰᠢᠰᠲ᠋ᠧᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ | 1. ᠢᠳᠡᠭᠡᠨ ᠤ ᠠᠮᠦᠷ ᠲᠥᠪᠰᠢᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ | ︵1︶ ᠰᠢᠨ᠎ᠡ ᠪᠠᠷ ᠵᠠᠰᠠᠪᠤᠷᠢ ᠣᠷᠤᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾ ᠪᠠ ᠦᠪᠡᠷᠲᠡᠭᠡᠨ ᠵᠠᠰᠠᠬᠤ | ᠣᠷᠣᠨ ᠤ ᠤᠳᠠᠯ ᠦᠭᠡᠢ ᠬᠡᠷᠡᠭᠵᠢᠭᠦᠯᠬᠦ ︽ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠭᠡᠯ ᠤᠨ ᠭᠠᠵᠠᠷ | ᠪᠣᠯᠣᠨ ᠢᠳᠡᠭᠡᠨ ᠤ ᠳᠡᠯᠭᠡᠭᠡᠰᠢ ᠮᠠᠶᠢᠮᠠᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠳᠡᠭᠡᠷ᠎ᠡ | ᠳᠤᠷᠠᠳᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠳᠦᠬᠦᠷᠵᠢᠭᠰᠡᠨ ᠢᠳᠡᠰᠢᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ᠂ ᠢᠳᠡᠭᠡᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ᠂ ᠢᠳᠡᠭᠡᠨ ᠤ ᠡᠵᠡᠩᠨᠡᠯᠲᠡ ᠶᠢᠨ ᠬᠢᠨᠠᠯᠲᠠ | ᠬᠠᠮᠢᠶᠠᠷᠤᠯᠲᠠ᠂ ᠡᠷᠡᠭᠦᠯᠵᠢᠭᠦᠯᠬᠦ ᠢᠳᠡᠭᠡᠨ ᠤ ᠳᠠᠩᠰᠠᠯᠠᠯ ᠵᠢᠴᠢ ᠬᠢᠨᠠᠯᠲᠠ ᠬᠠᠮᠢᠶᠠᠷᠤᠯᠲᠠ᠂ ᠢᠳᠡᠭᠡᠨ ᠢ ᠡᠭᠡᠭᠦᠯᠦᠨ | ᠪᠤᠴᠠᠭᠠᠬᠤ ᠪᠠ ᠡᠵᠡᠩᠨᠡᠬᠦ ᠶᠢ ᠵᠣᠭᠰᠤᠭᠠᠬᠤ᠂ ᠢᠳᠡᠭᠡᠨ ᠤ ᠱᠣᠰᠢᠭ᠎ᠠ ᠢᠯᠭᠠᠬᠤ ᠲᠡᠮᠲᠡᠭ᠂ ᠢᠳᠡᠭᠡᠨ ᠤ ᠬᠠᠮᠢᠶ᠎ᠠ | ᠪᠦᠬᠦᠢ ᠪᠦᠳᠦᠬᠡᠭᠳᠡᠬᠦᠨ ᠤ ᠬᠢᠨᠠᠯᠲᠠ ᠬᠠᠮᠢᠶᠠᠷᠤᠯᠲᠠ᠂ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ | ᠰᠢᠯᠭᠠᠬᠤ᠂ ᠲᠥᠭᠰᠢᠭᠦᠷᠢ ᠶᠢ ᠦᠨᠡᠯᠡᠨ ᠵᠢᠱᠢᠬᠦ ᠵᠡᠷᠭᠡ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠪᠣᠯᠣᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠬᠤ᠂ ᠦᠭᠡᠷᠡᠴᠢᠯᠡᠬᠦ᠂ ᠲᠣᠭᠲᠠᠭᠠᠬᠤ | ᠠᠬᠢᠴᠠ ᠶᠢ ᠲᠦᠷᠭᠡᠳᠭᠡᠵᠦ᠂ ᠳᠦᠷᠢᠮ ᠤᠨ ᠲᠤᠳᠠᠭᠳᠠᠯ ᠢ ᠨᠦᠬᠦᠪᠦᠷᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ | ᠬᠢᠨᠠᠯᠲᠠ ᠲᠠᠯᠪᠢᠬᠤ ᠲᠣᠪᠴᠢᠶ᠎ᠠ᠂ ᠬᠠᠤᠯᠢ ᠳᠦᠷᠢᠮ ᠤᠨ ᠠᠯᠪᠠᠨ ᠭᠡᠷ ᠵᠡᠷᠭᠡ ᠰᠠᠯᠠᠭ᠎ᠠ ᠮᠦᠴᠢᠷ ᠦᠪᠡᠷᠰᠡᠳ ᠤᠨ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠤᠯᠠᠮ ᠨᠢᠭᠡ ᠠᠯᠬᠤᠮ ᠵᠠᠰᠠᠭ ᠢ ᠴᠤᠮᠬᠠᠳᠬᠠᠨ ᠡᠷᠬᠡ ᠶᠢ ᠲᠤᠷᠤᠬᠰᠢ ᠪᠠᠭᠤᠯᠭᠠᠵᠦ᠂ ᠬᠢᠨᠠᠨ | ᠵᠥᠪᠰᠢᠶᠡᠷᠡᠵᠦ ᠬᠢᠨᠠᠨ ᠦᠨᠡᠯᠡᠬᠦ ᠠᠵᠢᠯ ᠢ ᠰᠢᠮᠳᠠᠭᠤᠯᠤᠨ ᠪᠠᠶᠢᠴᠠᠭᠠᠬᠤ ᠪᠠ ᠬᠠᠮᠢᠶᠠᠷᠬᠤ ᠪᠠᠨ ᠴᠢᠩᠭᠠᠳᠬᠠᠨ᠂ ᠵᠠᠰᠠᠭ | ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠪᠣᠯᠣᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ | ᠶᠡᠬᠡᠪᠡᠷ ᠬᠡᠷᠡᠭᠵᠢᠭᠦᠯᠦᠨ᠎ᠡ᠃ ᠬᠦᠯᠢᠶᠡᠨ ᠠᠪᠬᠤ᠂ ᠬᠢᠨᠠᠨ ᠦᠨᠡᠯᠡᠬᠦ᠂ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠬᠤ | ᠳᠦᠷᠪᠡ ᠶᠢ ᠰᠠᠯᠭᠠᠬᠤ ᠵᠠᠷᠴᠢᠮ ᠶᠣᠰᠤᠭᠠᠷ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠲᠣᠬᠠᠢ ᠳᠦᠷᠢᠮ᠂ ᠪᠠᠷᠢᠮᠵᠢᠶ᠎ᠠ | ᠂ ᠴᠣᠪᠤᠷᠠᠯ᠂ ᠵᠦᠭᠯᠡᠭᠦᠷ ᠵᠡᠷᠭᠡ ᠨᠢᠭᠡᠲᠦᠯᠲᠡᠢ ᠵᠢᠷᠤᠮᠵᠢᠭᠰᠠᠨ ᠱᠠᠭᠠᠷᠳᠠᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ | ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠦᠭᠦᠮᠴᠢᠯᠡᠨ᠂ ᠬᠢᠨᠠᠨ ᠵᠥᠪᠰᠢᠶᠡᠷᠡᠬᠦ ᠴᠠᠭ | ᠬᠤᠭᠤᠴᠠᠭ᠎ᠠ ᠶᠢ ᠪᠤᠭᠤᠨᠢᠰᠬᠠᠵᠤ᠂ ᠣᠯᠠᠨ ᠲᠦᠮᠡᠨ ᠪᠣᠯᠣᠨ ᠠᠵᠤ ᠠᠬᠤᠶᠢᠯᠠᠯ ᠳᠤ ᠳᠦᠭᠦᠮ ᠳᠦᠳᠡ ᠰᠢᠯᠢᠳᠡᠭ | ᠦᠢᠯᠡᠴᠢᠯᠡᠭᠡ ᠬᠠᠩᠭᠠᠬᠤ ᠬᠡᠷᠡᠭᠲᠡᠢ᠃ ᠢᠳᠡᠭᠡᠨ ᠤ ᠪᠠ ᠡᠮ ᠤᠨ ᠵᠦᠢᠯᠡᠰ ᠤᠨ ᠭᠦᠢᠯᠭᠡᠭᠡ ᠬᠢᠬᠡᠳ ᠢᠳᠡᠭᠡᠨ | ᠤᠮᠳᠠᠭᠠᠨ ᠤ ᠦᠢᠯᠡᠴᠢᠯᠡᠭᠡ᠂ ᠠᠷᠢᠬᠢᠨ ᠤ ᠲᠦᠷᠦᠯ ᠤᠨ ᠬᠠᠮᠢᠶᠠᠷᠤᠯᠲᠠ ᠵᠡᠷᠭᠡ ᠵᠥᠪᠰᠢᠶᠡᠷᠡᠯ ᠤᠨ ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠠᠭᠪᠤᠷ ᠤᠨ ᠦᠭᠡᠷᠡᠴᠢᠯᠡᠯᠲᠡ ᠶᠢᠨ ᠵᠠᠮ ᠮᠦᠷ | ᠪᠣᠯᠣᠨ ᠠᠷᠭ᠎ᠠ ᠶᠢ ᠰᠦᠪᠡᠭᠴᠢᠯᠡᠨ᠎ᠡ᠃ ᠡᠷᠡᠭᠦᠯᠵᠢᠭᠦᠯᠬᠦ ᠢᠳᠡᠭᠡᠨ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠷᠢᠳᠭᠡᠨ ᠳᠠᠩᠰᠠᠯᠠᠬᠤ ᠬᠡᠪᠴᠢᠶ᠎ᠡ ᠶᠢ ᠠᠯᠬᠤᠮ | ᠠᠯᠬᠤᠮ ᠢᠶᠠᠷ ᠥᠷᠭᠡᠳᠭᠡᠨ᠎ᠡ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠳᠡᠰ ᠲᠦᠷᠦᠯ | ᠵᠦᠢᠯ ᠬᠤᠪᠢᠶᠠᠨ ᠬᠠᠮᠢᠶᠠᠷᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠢᠳᠡᠭᠡᠨ ᠪᠠᠶᠢᠴᠠᠭᠠᠬᠤ ᠠᠵᠢᠯᠲᠠᠨ ᠤ | ᠳᠦᠷᠢᠮ ᠢ ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠳᠦᠷᠢᠮ ᠢ ᠰᠤᠳᠤᠯᠤᠨ ᠪᠠᠶᠢᠭᠤᠯᠤᠨ᠎ᠠ᠃ | ᠭᠠᠳᠠᠭᠠᠲᠤ ᠠᠴᠠ ᠣᠷᠣᠭᠤᠯᠵᠤ ᠭᠠᠳᠠᠭᠠᠲᠤ ᠳᠤ ᠭᠠᠷᠭᠠᠬᠤ ᠢᠳᠡᠭᠡᠨ ᠤ ᠠᠮᠦᠷ ᠲᠥᠪᠰᠢᠨ ᠤ ᠬᠠᠮᠢᠶ᠎ᠠ ᠪᠦᠬᠦᠢ | ᠳᠦᠷᠢᠮ ᠢ ᠠᠬᠢᠭᠤᠯᠤᠨ ᠲᠡᠭᠦᠯᠳᠡᠷᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2.ᠢᠳᠡᠭᠡᠨ ᠤ ᠠᠮᠦᠷ ᠲᠥᠪᠰᠢᠨ ᠤ ᠪᠠᠷᠢᠮᠵᠢᠶᠠᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠢ᠃ | ︵1︶ ᠮᠠᠨ ᠤ ᠣᠷᠣᠨ ᠤ ᠢᠳᠡᠭᠡᠨ ᠤ ᠠᠮᠦᠷ ᠲᠥᠪᠰᠢᠨ ᠤ ᠪᠠᠷᠢᠮᠵᠢᠶ᠎ᠠ ᠶᠢᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠣᠷᠣᠨ ᠨᠤᠲᠤᠭ ᠤᠨ ᠴᠢᠨᠠᠷᠲᠠᠢ ᠪᠠᠷᠢᠮᠵᠢᠶ᠎ᠠ ᠲᠣᠭᠲᠠᠭᠠᠬᠤ ᠴᠣᠪᠤᠷᠠᠯ ᠢ ᠵᠢᠷᠤᠮᠵᠢᠭᠤᠯᠤᠨ᠂ | ᠢᠳᠡᠭᠡᠨ ᠤ ᠠᠮᠦᠷ ᠲᠥᠪᠰᠢᠨ ᠤ ᠪᠠᠷᠢᠮᠵᠢᠶ᠎ᠠ ᠶᠢ ᠤᠬᠠᠭᠤᠯᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠶᠢ ᠢᠯᠡ | ᠪᠣᠯᠭᠠᠬᠤ ᠪᠠ ᠠᠰᠠᠭᠤᠨ ᠯᠠᠪᠯᠠᠵᠤ ᠬᠠᠷᠢᠭᠤᠯᠲᠠ ᠥᠭᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠢᠳᠡᠭᠡᠨ ᠤ | ᠠᠮᠦᠷ ᠲᠥᠪᠰᠢᠨ ᠤ ᠪᠠᠷᠢᠮᠵᠢᠶ᠎ᠠ ᠶᠢ ᠰᠤᠳᠤᠯᠬᠤ᠂ ᠲᠤᠭᠤᠷᠪᠢᠬᠤ ᠨᠢᠭᠡᠴᠡ ᠪᠣᠯᠣᠨ ᠲᠤᠰᠬᠠᠢ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠪᠠᠷᠢᠮᠵᠢᠶᠠᠵᠢᠭᠤᠯᠬᠤ ᠠᠵᠢᠯ ᠤᠨ ᠴᠢᠳᠠᠪᠤᠷᠢ | ᠪᠣᠯᠣᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠤᠯᠤᠰ ᠤᠨ ᠢᠳᠡᠭᠡᠨ ᠤ ᠠᠮᠦᠷ ᠲᠥᠪᠰᠢᠨ ᠤ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠭᠠᠵᠠᠷ ᠣᠷᠣᠨ ᠤ ᠦᠪᠡᠷᠮᠢᠴᠡ ᠣᠨᠴᠠᠯᠢᠭᠲᠤ ᠢᠳᠡᠭᠡᠨ ᠵᠡᠷᠭᠡ | ᠢᠳᠡᠭᠡᠨ ᠤ ᠠᠮᠦᠷ ᠲᠥᠪᠰᠢᠨ ᠤ ᠣᠷᠣᠨ ᠨᠣᠲᠤᠭ ᠤᠨ ᠪᠠᠷᠢᠮᠵᠢᠶ᠎ᠠ ᠶᠢ ᠲᠦᠷᠭᠡᠳᠭᠡᠨ ᠲᠣᠭᠲᠠᠭᠠᠬᠤ ᠪᠠ | ᠲᠡᠭᠦᠯᠳᠡᠷᠵᠢᠭᠦᠯᠵᠦ᠂ ᠢᠳᠡᠭᠡᠨ ᠤ ᠠᠮᠦᠷ ᠲᠥᠪᠰᠢᠨ ᠤ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠤᠭᠤᠯᠬᠤ ᠶᠢ | ᠢᠳᠡᠭᠡᠨ ᠤ ᠠᠮᠦᠷ ᠲᠥᠪᠰᠢᠨ ᠢ ᠬᠢᠨᠠᠨ ᠬᠠᠮᠢᠶᠠᠷᠬᠤ ᠠᠵᠢᠯ ᠤᠨ ᠪᠤᠲᠠᠲᠠᠢ ᠪᠠᠶᠢᠳᠠᠯ᠂ ᠪᠠᠷᠢᠮᠵᠢᠶ᠎ᠠ ᠶᠢ | ᠬᠡᠷᠡᠭᠵᠢᠭᠦᠯᠦᠭᠰᠡᠨ ᠪᠠᠶᠢᠳᠠᠯ ᠯᠤᠭ᠎ᠠ ᠣᠷᠭᠠᠨᠢᠭ ᠢᠶᠠᠷ ᠵᠤᠯᠭᠠᠭᠤᠯᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠤᠨ | ᠪᠠᠷᠢᠮᠵᠢᠶ᠎ᠠ ᠶᠢ ᠪᠦᠷᠢᠳᠭᠡᠨ ᠳᠠᠩᠰᠠᠯᠠᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠵᠦ᠂ ᠣᠯᠠᠨ ᠲᠦᠮᠡᠨ ᠤ ᠬᠠᠶᠢᠵᠦ | ᠦᠵᠡᠬᠦ ᠪᠠ ᠬᠢᠨᠠᠯᠲᠠ ᠲᠠᠯᠪᠢᠬᠤ ᠳᠤ ᠳᠦᠭᠦᠮ ᠦᠵᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 3. ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ︵1︶ ᠢᠳᠡᠭᠡᠨ ᠤ ᠠᠮᠦᠷ ᠲᠥᠪᠰᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ | ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭᠠᠨ ᠤ ᠴᠣᠪᠣᠷᠠᠯ ᠢ ᠵᠢᠷᠤᠮᠵᠢᠭᠤᠯᠤᠨ᠂ ᠴᠢᠯᠦᠭᠡᠲᠦ ᠲᠠᠰᠤᠯᠠᠯᠲᠠ | ᠬᠢᠬᠦ ᠪᠠᠷᠢᠮᠵᠢᠶ᠎ᠠ ᠶᠢ ᠪᠣᠲᠠᠲᠠᠶᠢᠵᠢᠭᠤᠯᠤᠨ᠎ᠠ᠃ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠤᠰᠤᠭᠠᠷ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ | ᠲᠣᠷᠭᠠᠭᠤᠯᠢ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠬᠤ ᠪᠠ ᠵᠠᠰᠠᠭ ᠵᠠᠬᠢᠷᠭᠠᠨ ᠤ ᠪᠠᠶᠢᠴᠠᠭᠠᠯᠲᠠ ᠬᠢᠬᠦ ᠵᠡᠷᠭᠡ | ᠠᠵᠢᠯᠯᠠᠭ᠎ᠠ ᠶᠢ ᠬᠠᠤᠯᠢ ᠶᠤᠰᠤᠭᠠᠷ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠢᠳᠡᠭᠡᠨ ᠤ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠦᠴᠢᠷ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵2︶ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠯᠠᠭᠠᠨ ᠤ ᠪᠦᠬᠦ ᠶᠠᠪᠤᠴᠠ ᠶᠢ ᠲᠡᠮᠲᠡᠭᠯᠡᠬᠦ ᠠᠵᠢᠯ ᠢ ᠢᠳᠡᠪᠬᠢᠲᠡᠢ | ᠬᠡᠷᠡᠭᠵᠢᠭᠦᠯᠦᠨ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠬᠠᠤᠯᠢ ᠶᠤᠰᠤᠭᠠᠷ ᠢᠯᠡ | ᠪᠣᠯᠭᠠᠵᠤ᠂ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠵᠢᠴᠢ ᠢᠳᠡᠭᠡᠨ ᠤ | ᠬᠦᠷᠢᠶ᠎ᠡ ᠶᠢᠨ ᠬᠤᠯᠪᠣᠭᠠᠯᠠᠨ ᠬᠠᠤᠯᠢ ᠬᠡᠷᠡᠭᠵᠢᠭᠦᠯᠬᠦ ᠪᠠ ᠢᠳᠡᠭᠡᠨ ᠤ ᠠᠮᠦᠷ ᠲᠥᠪᠰᠢᠨ ᠤ ᠣᠷᠣᠨ ᠪᠦᠰᠡ ᠶᠢᠨ | ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠢᠨᠠᠯᠳᠠ ᠬᠠᠮᠢᠶᠠᠷᠤᠯᠳᠠ ᠶᠢᠨ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠳᠠᠭ᠎ᠠ ᠪᠤᠷᠤᠭᠤ ᠶᠢ ᠵᠠᠯᠠᠷᠠᠭᠤᠯᠤᠨ | ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠵᠠᠭᠠᠷᠯᠠᠨ ᠬᠢᠨᠠᠯᠲᠠ ᠲᠠᠯᠪᠢᠬᠤ ᠶᠢ | ᠴᠢᠩᠭᠠᠳᠬᠠᠵᠤ᠂ ᠬᠠᠷᠢᠭᠤᠴᠠᠯᠭ᠎ᠠ ᠬᠡᠯᠡᠯᠴᠡᠬᠦ ᠡᠷᠴᠢᠮ ᠢᠶᠠᠨ ᠴᠢᠩᠭᠠᠷᠠᠭᠤᠯᠤᠨ᠎ᠠ᠃ ︵ᠦᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠨ᠂ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | 1. ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠦᠨ᠎ᠡ᠃ | ︵1︶ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠡᠷᠬᠡ ᠣᠯᠭᠤᠬᠤ ᠳᠦᠷᠢᠮ ᠤᠨ | ᠲᠣᠷᠰᠢᠯᠲᠠ ᠶᠢᠨ ᠴᠢᠬ ᠤᠨ ᠬᠡᠪᠴᠢᠶ᠎ᠡ ᠶᠢ ᠦᠷᠭᠡᠳᠭᠡᠵᠦ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ | ᠶᠠᠪᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠲᠡᠮᠲᠡᠭᠯᠡᠬᠦ ᠳᠦᠷᠢᠮ ᠤᠨ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠳᠡᠭᠡᠷ᠎ᠡ ᠳᠣᠣᠷ᠎ᠠ ᠭᠤᠭᠴᠤᠭ᠎ᠠ ᠶᠢᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ | ᠵᠠᠩᠭᠢ ᠶᠢ ᠪᠠᠶᠢᠴᠠᠭᠠᠨ ᠠᠰᠠᠭᠤᠵᠤ ᠪᠣᠯᠬᠤ᠂ ᠶᠠᠪᠤᠴᠠ ᠶᠢ ᠡᠵᠡᠮᠳᠡᠵᠦ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠵᠦ | ᠪᠣᠯᠬᠤ ᠨᠡᠬᠡᠮᠵᠢᠯᠡᠬᠦ ᠰᠢᠰᠲ᠋ᠧᠮᠵᠢ ᠶᠢ ᠲᠦᠷᠭᠡᠳᠭᠡᠨ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠲᠥᠭᠰᠢᠭᠦᠷᠢ ᠶᠢᠨ ᠠᠰᠠᠭᠤᠳᠠᠯ ᠤᠨ | ᠮᠡᠳᠡᠭᠦᠯᠬᠦ ᠳᠦᠷᠢᠮ ᠢ ᠲᠦᠷᠭᠡᠳᠭᠡᠨ ᠪᠠᠶᠢᠭᠤᠯᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠲᠤᠮᠤ | ᠬᠡᠯᠪᠡᠷᠢ ᠶᠢᠨ ᠠᠵᠤ ᠠᠬᠤᠶᠢᠯᠠᠯ ᠤᠨ ᠲᠥᠭᠰᠢᠭᠦᠷᠢ ᠶᠢ ᠦᠪᠡᠷ ᠢᠶᠠᠨ ᠪᠠᠶᠢᠴᠠᠭᠠᠵᠤ ᠮᠡᠳᠡᠭᠦᠯᠬᠦ ᠳᠦᠷᠢᠮ ᠢ ᠲᠣᠷᠰᠢᠨ | ᠬᠡᠷᠡᠭᠵᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ︽ᠠᠷᠢᠭᠤᠨ ᠴᠡᠪᠡᠷ ᠲᠤᠭᠤᠭ᠎ᠠ | ᠲᠤᠯᠭ᠎ᠠ ᠲᠠᠢ ᠪᠠᠶᠢᠬᠤ︾ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2. ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠢ᠃ | ︵1︶ ᠠᠵᠤ ᠠᠬᠤᠶᠢᠯᠠᠯ ᠤᠨ ᠢᠳᠡᠭᠡᠨ ᠢ ᠠᠮᠦᠷ ᠲᠥᠪᠰᠢᠨ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠢᠶᠠᠨ ᠲᠡᠭᠦᠯᠳᠡᠷᠵᠢᠭᠦᠯᠬᠦ ᠶᠢ ᠰᠢᠮᠳᠠᠭᠤᠯᠵᠤ᠂ ᠠᠵᠤ ᠠᠬᠤᠶᠢᠯᠠᠯ ᠤᠨ | ᠭᠤᠣᠯ ᠬᠠᠷᠢᠭᠤᠴᠠᠯᠭᠠᠲᠠᠨ ᠤ ᠠᠩᠬᠠᠨ ᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠷᠠᠭᠤᠯᠵᠤ᠂ ᠢᠳᠡᠭᠡᠨ ᠤ ᠶᠠᠰᠤ | ᠴᠢᠨᠠᠷ ᠤᠨ ᠠᠮᠤᠷ ᠲᠦᠪᠰᠢᠨ ᠤ ᠡᠷᠬᠡ ᠣᠯᠭᠤᠭᠰᠠᠨ ᠬᠦᠮᠦᠰ᠂ ᠬᠠᠮᠢᠶᠠᠷᠬᠤ ᠬᠦᠮᠦᠰ᠂ ᠠᠵᠢᠯᠯᠠᠭᠴᠢᠳ ᠤᠨ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠬᠠᠤᠯᠢ ᠲᠣᠭᠲᠠᠭᠠᠯ ᠵᠦᠷᠢᠴᠡᠭᠰᠡᠨ ᠠᠵᠤ ᠠᠬᠤᠶᠢᠯᠠᠯ ᠠᠴᠠ ᠢᠳᠡᠭᠡᠨ ᠤ ᠠᠮᠦᠷ ᠲᠥᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠰᠢᠳᠭᠡᠯ | ᠲᠣᠷᠭᠠᠭᠤᠯᠢ ᠶᠢᠨ ᠡᠷᠴᠢᠮ ᠢᠶᠠᠨ ᠬᠠᠤᠯᠢ ᠶᠣᠰᠤᠭᠠᠷ ᠴᠢᠩᠭᠠᠷᠠᠭᠤᠯᠤᠨ᠂ ᠰᠢᠳᠭᠡᠵᠦ ᠲᠣᠷᠭᠠᠬᠤ ᠦᠷ᠎ᠡ ᠳ᠋ᠦᠩ ᠢ | ᠢᠯᠠ ᠪᠣᠯᠭᠠᠬᠤ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 3. ᠢᠳᠡᠭᠡᠨ ᠤ ᠠᠮᠦᠷ ᠲᠥᠪᠰᠢᠨ ᠤ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠡᠷᠡᠭᠲᠡᠢ᠃ | ︵1︶ ᠠᠵᠤ ᠠᠬᠤᠶᠢᠯᠠᠯ ᠤᠨ ᠢᠲᠡᠭᠡᠮᠵᠢ ᠶᠢᠨ ᠲᠡᠮᠲᠡᠭᠯᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠢᠳᠡᠭᠡᠨ ᠤ ᠢᠲᠡᠭᠡᠮᠵᠢ ᠶᠢᠨ ᠨᠢᠭᠡᠲᠦᠯᠲᠡᠢ ᠳᠡᠰ ᠲᠦᠷᠦᠯ ᠬᠤᠪᠢᠶᠠᠭᠰᠠᠨ ᠪᠠᠷᠢᠮᠵᠢᠶ᠎ᠠ ᠶᠢ ᠰᠦᠪᠡᠭᠴᠢᠯᠡᠨ ᠪᠠᠶᠢᠭᠤᠯᠵᠤ᠂ | ᠢᠲᠡᠭᠡᠮᠵᠢ ᠲᠠᠢ ᠪᠠᠶᠢᠪᠠᠯ ᠵᠣᠷᠢᠬᠵᠢᠭᠤᠯᠵᠤ᠂ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠤᠨ᠎ᠠ᠃ ᠬᠠᠤᠯᠢ ᠠᠴᠠ ᠬᠦᠨᠳᠦ ᠨᠣᠴᠢᠲᠠᠢ ᠵᠦᠷᠢᠴᠡᠭᠰᠡᠨ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ | ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠤᠰᠤᠭᠠᠷ ᠴᠠᠭ ᠲᠣᠬᠠᠢ ᠳᠤᠨᠢ ᠨᠡᠶᠢᠲᠡᠯᠡᠵᠦ᠂ ᠬᠦᠨᠳᠦ ᠨᠣᠴᠢᠲᠠᠢ | ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠣᠷᠰᠢᠯᠲᠠ ᠶᠢᠨ ᠴᠢᠬ ᠢ | ᠦᠷᠨᠢᠭᠦᠯᠵᠦ᠂ ᠵᠠᠰᠠᠭ ᠤᠨ ᠣᠷᠳᠤᠨ᠂ ᠳᠠᠭᠠᠳᠬᠠᠯ ᠤᠨ ᠪᠠᠶᠢᠭᠤᠯᠤᠮᠵᠢ᠂ ᠠᠵᠤ ᠠᠬᠤᠶᠢᠯᠠᠯ᠂ ᠬᠡᠷᠡᠭᠯᠡᠭᠴᠢᠳ ᠣᠯᠠᠨ | ᠲᠠᠯ᠎ᠠ ᠶᠢᠨ ᠬᠢᠨ ᠨᠦᠬᠦᠴᠡᠯᠳᠤᠨ ᠬᠦᠳᠡᠯᠦᠯᠴᠡᠬᠦ ᠳᠤ ᠤᠷᠤᠯᠴᠠᠬᠰᠠᠨ ᠵᠣᠷᠢᠬᠵᠢᠭᠤᠯᠵᠤ ᠬᠢᠵᠠᠭᠠᠷᠯᠠᠬᠤ ᠲᠣᠭᠲᠠᠴᠠ | ᠪᠣᠯᠣᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠤᠬᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠨ ᠴᠢᠩᠭᠠᠳᠬᠠᠵᠤ᠂ | ᠲᠥᠭᠰᠢᠭᠦᠷᠢ ᠶᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠠ ᠪᠠᠨ ᠳᠡᠭᠡᠭᠰᠢᠯᠡᠭᠦᠯᠬᠦ ᠬᠡᠷᠡᠭᠲᠡᠢ᠃ | 1. ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠳᠬᠠᠨ᠎ᠠ᠃ | ︵1︶ ᠤᠯᠤᠰ ᠤᠨ ︽ᠢᠳᠡᠭᠡᠨ ᠤ ᠠᠮᠦᠷ ᠲᠥᠪᠰᠢᠨ ᠤ ᠤᠬᠠᠭᠤᠯᠭ᠎ᠠ ᠬᠦᠮᠦᠵᠢᠯ ᠤᠨ ᠠᠵᠢᠯ ᠤᠨ | ᠬᠦᠲᠦᠯᠪᠦᠷᠢ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠭᠦᠨᠵᠡᠭᠡᠢ | ᠦᠷᠨᠢᠭᠦᠯᠵᠦ᠂ ᠢᠳᠡᠭᠡᠨ ᠤ ᠠᠮᠦᠷ ᠲᠥᠪᠰᠢᠨ ᠤ ᠠᠵᠢᠯ ᠤᠨ ᠴᠢᠬᠤᠯᠠ ᠶᠡᠭᠡ ᠴᠢᠭᠯᠡᠯᠲᠡ᠂ ᠠᠷᠭ᠎ᠠ ᠬᠡᠮᠵᠢᠶ᠎ᠠ ᠪᠠ | ᠴᠢᠬᠤᠯᠠ ᠬᠦᠷᠢᠶᠡᠨ ᠤ ᠲᠤᠰᠬᠠᠶᠢᠯᠠᠨ ᠴᠡᠭᠴᠡᠯᠡᠨ ᠵᠠᠰᠠᠭᠰᠠᠨ ᠪᠠᠶᠢᠳᠠᠯ ᠢ ᠶᠡᠬᠡᠪᠡᠷ ᠤᠬᠠᠭᠤᠯᠤᠨ᠎ᠠ᠃ ᠢᠳᠡᠭᠡᠨ ᠤ | ᠠᠮᠦᠷ ᠲᠥᠪᠰᠢᠨ ᠤ ᠰᠣᠨᠢᠨ ᠮᠡᠳᠡᠭᠡ ᠨᠡᠶᠢᠲᠡᠯᠡᠬᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠨᠵᠢᠯᠡᠬᠦ | ᠤᠬᠠᠭᠠᠨ ᠢ ᠲᠦᠭᠡᠮᠡᠯᠵᠢᠭᠦᠯᠦᠨ ᠤᠬᠠᠭᠤᠯᠬᠤ ᠶᠢ ᠰᠠᠶᠢᠲᠤᠷ ᠬᠢᠵᠦ᠂ ᠨᠡᠶᠢᠳᠡ ᠣᠯᠠᠨ ᠤ ᠦᠪᠡᠷ ᠢ ᠪᠠᠨ ᠬᠠᠮᠠᠭᠠᠯᠠᠬᠤ | ᠪᠠ ᠬᠢᠨᠠᠯᠲᠠ ᠲᠠᠯᠪᠢᠬᠤ ᠳᠤ ᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠠᠮᠦᠷ ᠲᠥᠪᠰᠢᠨ ᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠬᠠᠭᠤᠯᠭ᠎ᠠ ᠶᠢᠨ ᠬᠡᠪᠴᠢᠶᠡᠨ ᠳᠤ ᠣᠷᠤᠭᠤᠯᠵᠤ᠂ ᠭᠤᠣᠯ ᠤᠷᠤᠰᠬᠠᠯᠲᠤ | ᠵᠠᠭᠤᠴᠢᠯᠠᠭᠤᠷ ᠲᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ | ᠨᠡᠪᠲᠡᠷᠡᠭᠦᠯᠵᠦ᠂ ᠨᠡᠶᠢᠭᠡᠮ ᠤᠨ ᠬᠦᠴᠦᠨ ᠢ ᠳᠠᠶᠢᠴᠢᠯᠠᠨ ᠢᠳᠡᠭᠡᠨ ᠤ ᠠᠮᠦᠷ ᠲᠥᠪᠰᠢᠨ ᠤ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠪᠣᠯᠣᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠠᠵᠢᠯ ᠳᠤ | ᠣᠷᠤᠯᠴᠠᠭᠤᠯᠵᠤ᠂ ᠨᠡᠶᠢᠳᠡ ᠣᠯᠠᠨ ᠤ ᠢᠳᠡᠭᠡᠨ ᠤ ᠠᠮᠦᠷ ᠲᠥᠪᠰᠢᠨ ᠤ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠎ᠡ᠃ ᠢᠳᠡᠭᠡᠨ ᠤ ᠠᠮᠦᠷ ᠲᠥᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ | ᠡᠩᠨᠡᠭᠡ ᠶᠢᠨ ᠪᠠᠶᠢᠭᠤᠯᠤᠯᠲᠠ ᠪᠣᠯᠣᠨ ᠵᠢᠱᠢᠶ᠎ᠡ ᠦᠵᠡᠭᠦᠯᠬᠦ ᠴᠤᠬᠴᠠᠯᠠᠯᠳᠠ ᠶᠢ ᠦᠷᠭᠦᠯᠵᠢᠯᠡᠨ ᠬᠡᠷᠡᠭᠵᠢᠭᠦᠯᠵᠦ᠂ | ᠢᠳᠡᠭᠡᠨ ᠤ ᠠᠮᠦᠷ ᠲᠥᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠣᠷ ᠰᠦᠯᠵᠢᠶᠡᠨ ᠤ ᠴᠢᠬ ᠤᠨ | ᠪᠠᠶᠢᠭᠤᠯᠤᠯᠲᠠ ᠶᠢ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠡᠪᠯᠡᠯ᠂ ᠦᠪᠦᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ ᠵᠡᠷᠭᠡ ᠰᠠᠯᠠᠭ᠎ᠠ ᠮᠦᠴᠢᠷ | ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵2︶ ︽ᠢᠳᠡᠭᠡᠨ ᠤ ᠠᠮᠦᠷ ᠲᠥᠪᠰᠢᠨ ᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠦᠷᠨᠢᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠵᠦ | ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠨ᠂ ︽ᠢᠳᠡᠭᠡᠨ ᠪᠠ ᠡᠮ ᠤᠨ ᠵᠦᠢᠯᠡᠰ ᠢᠶᠠᠷ ᠠᠮᠦᠷ ᠲᠥᠪᠰᠢᠨ | ᠦᠪᠦᠷ ᠮᠣᠩᠭᠤᠯ︾ ᠢ ᠴᠤᠬᠴᠠᠯᠠᠨ ᠪᠠᠶᠢᠭᠤᠯᠬᠤ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠡᠷᠬᠡ ᠬᠦᠨᠳᠦ ᠲᠠᠢ ᠮᠡᠳᠡᠭᠡ ᠵᠠᠩᠭᠢ᠂ ᠬᠡᠷᠡᠭᠯᠡᠭᠡ ᠶᠢᠨ ᠰᠠᠨᠠᠭᠤᠯᠤᠮᠵᠢ ᠪᠣᠯᠣᠨ ᠲᠥᠭᠰᠢᠭᠦᠷᠢ ᠶᠢᠨ ᠰᠡᠷᠡᠮᠵᠢ ᠶᠢ ᠴᠠᠭ | ᠲᠣᠬᠠᠢ ᠳᠤᠨᠢ ᠨᠡᠶᠢᠲᠡᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠵᠦ᠂ ᠨᠡᠶᠢᠲᠡ ᠣᠯᠠᠨ ᠤ ᠬᠡᠷᠡᠭᠯᠡᠭᠡ ᠶᠢ ᠵᠦᠢ ᠵᠣᠬᠢᠰᠲᠠᠢ ᠬᠦᠲᠦᠯᠦᠨ ᠵᠢᠯᠤᠭᠤᠳᠤᠨ᠎ᠠ᠃ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠰᠢᠯᠭᠠᠬᠤ ᠪᠠᠨ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠬᠡᠷᠡᠭ ᠢ ᠴᠠᠭ | ᠲᠣᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠂ ᠵᠠᠭᠤᠴᠢᠯᠠᠭᠤᠷ ᠯᠤᠭ᠎ᠠ ᠨᠡᠪᠲᠡᠷᠡᠯᠴᠡᠬᠦ ᠶᠢ ᠴᠢᠩᠭᠠᠳᠬᠠᠵᠤ᠂ ᠨᠡᠶᠢᠭᠡᠮ | ᠨᠡᠶᠢᠲᠡ ᠶᠢᠨ ᠠᠩᠬᠠᠷᠴᠤ ᠪᠦᠬᠦᠢ ᠵᠦᠢᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠭᠦᠨ᠎ᠡ᠃ ︵ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠳᠤᠲᠤᠭᠠᠲᠤ ᠶᠢ ᠬᠠᠮᠠᠭᠠᠯᠠᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠦᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ ᠵᠡᠷᠭᠡ ᠰᠠᠯᠠᠭ᠎ᠠ | ᠮᠦᠴᠢᠷ ᠲᠠᠢ ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2. ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ︵1︶ ᠣᠷᠣᠨ ᠪᠦᠰᠡ᠂ ᠰᠠᠯᠠᠭ᠎ᠠ ᠮᠦᠴᠢᠷ ᠠᠯᠤᠰᠯᠠᠨ ᠪᠠᠴᠢᠮ ᠪᠠᠶᠢᠳᠠᠯ ᠢ ᠠᠷᠭᠠᠴᠠᠵᠤ ᠬᠠᠮᠵᠢᠯᠴᠠᠬᠤ ᠪᠠ | ᠮᠡᠳᠡᠭᠡ ᠵᠠᠩᠭᠢ ᠮᠡᠳᠡᠭᠡᠯᠡᠬᠦ ᠲᠣᠭᠲᠠᠴᠠ ᠶᠢ ᠴᠢᠩᠭᠠᠳᠬᠠᠵᠤ᠂ ᠪᠦᠬᠦ ᠣᠷᠣᠨ ᠢ ᠬᠠᠮᠤᠷᠤᠭᠰᠠᠨ ᠭᠡᠨᠡᠳᠲᠡ ᠶᠢᠨ | ᠬᠡᠷᠡᠭ ᠤᠨ ᠮᠡᠳᠡᠭᠡ ᠵᠠᠩᠭᠢ ᠶᠢ ᠰᠢᠭᠤᠳ ᠮᠡᠳᠡᠭᠦᠯᠬᠦ ᠰᠦᠯᠵᠢᠶ᠎ᠡ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ | ᠰᠢᠯᠭᠠᠬᠤ ᠰᠦᠯᠵᠢᠶ᠎ᠡ ᠶᠢ ᠲᠦᠷᠭᠡᠳᠭᠡᠨ ᠪᠠᠶᠢᠭᠤᠯᠵᠤ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ᠂ ᠦᠨᠳᠦᠷ | ᠪᠦᠲᠦᠮᠵᠢᠲᠡᠢ ᠠᠵᠢᠯᠯᠠᠬᠤ ᠢᠳᠡᠭᠡᠨ ᠤ ᠠᠮᠦᠷ ᠲᠥᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ | ᠲᠦᠷᠭᠡᠬᠡᠨ ᠪᠦᠷᠢᠯᠳᠦᠭᠦᠯᠦᠨ᠎ᠡ᠃ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ ᠰᠢᠯᠭᠠᠬᠤ ᠰᠢᠰᠲ᠋ᠧᠮᠵᠢ | ᠪᠣᠯᠣᠨ ᠮᠡᠳᠡᠭᠦᠯᠬᠦ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠢᠨᠠᠨ ᠰᠢᠯᠭᠠᠬᠤ ᠦᠷ᠎ᠡ | ᠳ᠋ᠦᠩ ᠢ ᠨᠢᠭᠡᠲᠦᠯᠲᠡᠢ ᠬᠤᠷᠢᠶᠠᠩᠭᠤᠶᠢᠯᠠᠬᠤ᠂ ᠵᠠᠳᠠᠯᠤᠯᠲᠠ ᠬᠢᠬᠦ ᠪᠠ ᠳᠡᠭᠡᠭᠰᠢ ᠮᠡᠳᠡᠭᠦᠯᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠨ᠎ᠠ᠃ ᠰᠣᠨᠢᠨ ᠮᠡᠳᠡᠭᠡᠨ ᠤ ᠦᠭᠦᠯᠡᠭᠴᠢ ᠶᠢᠨ ᠳᠦᠷᠢᠮ ᠪᠣᠯᠣᠨ ᠢᠳᠡᠭᠡᠨ ᠤ ᠠᠮᠦᠷ | ᠲᠥᠪᠰᠢᠨ ᠤ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠦᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠦᠴᠢᠷ ᠲᠠᠢ ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠪᠠᠴᠢᠮ ᠪᠠᠶᠢᠳᠠᠯ ᠢ ᠠᠷᠭᠠᠴᠠᠬᠤ ᠡᠩᠨᠡᠭᠡ ᠵᠢᠴᠢ ᠲᠤᠨᠤᠭ ᠲᠥᠭᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠪᠦᠬᠦᠢ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠪᠣᠯᠣᠨ ᠪᠠᠴᠢᠮ | ᠪᠠᠶᠢᠳᠠᠯ ᠢ ᠠᠷᠭᠠᠴᠠᠵᠤ ᠬᠠᠮᠢᠶᠠᠷᠬᠤ ᠪᠣᠯᠪᠠᠰᠤᠷᠠᠭᠤᠯᠤᠯ ᠢ ᠦᠷᠨᠢᠭᠦᠯᠦᠨ᠎ᠡ᠃ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ᠢᠯᠠᠩᠭᠤᠶ᠎ᠠ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠠᠳᠡᠯ ᠢ ᠰᠡᠷᠭᠡᠶᠢᠯᠡᠬᠦ᠂ | ᠰᠢᠢᠳᠪᠦᠷᠢᠯᠡᠬᠦ᠂ ᠮᠡᠳᠡᠭᠦᠯᠬᠦ ᠵᠡᠷᠭᠡ ᠠᠵᠢᠯ ᠤᠨ ᠳᠦᠷᠢᠮ ᠢ ᠪᠠᠶᠢᠭᠤᠯᠬᠤ ᠶᠢ ᠰᠢᠮᠳᠠᠭᠤᠯᠤᠨ ᠵᠢᠯᠤᠭᠤᠳᠤᠨ᠎ᠠ᠃ ︵ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠦᠴᠢᠷ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | 3. ᠲᠥᠭᠰᠢᠭᠦᠷᠢ ᠶᠢᠨ ᠪᠠᠶᠢᠳᠠᠯ ᠢ ᠰᠣᠯᠢᠯᠴᠠᠬᠤ ᠪᠠᠨ ᠴᠢᠩᠭᠠᠳᠬᠠᠬᠤ ᠬᠡᠷᠡᠭᠲᠡᠢ᠃ | ᠴᠢᠬᠤᠯᠠ ᠶᠡᠭᠡ ᠲᠥᠷᠥ ᠶᠢᠨ ᠪᠣᠳᠣᠯᠭ᠎ᠠ᠂ ᠳᠦᠷᠢᠮ ᠪᠠ ᠴᠢᠬᠤᠯᠠ ᠶᠡᠭᠡ ᠵᠦᠢᠯᠡᠰ ᠤᠨ ᠬᠠᠤᠯᠢ ᠶᠤᠰᠤᠴᠢ | ᠴᠢᠨᠠᠷᠲᠠᠢ ᠬᠢᠨᠠᠨ ᠪᠠᠶᠢᠴᠠᠭᠠᠬᠤ ᠳᠦᠷᠢᠮ ᠬᠢᠭᠡᠳ ᠲᠥᠭᠰᠢᠭᠦᠷᠢ ᠶᠢ ᠬᠢᠨᠠᠨ ᠰᠢᠯᠭᠠᠬᠤ᠂ ᠰᠡᠷᠡᠮᠵᠢᠯᠡᠭᠦᠯᠬᠦ ᠪᠠ | ᠰᠤᠯᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠵᠢᠷᠤᠮᠵᠢᠯ ᠢ ᠲᠣᠭᠲᠠᠭᠠᠨ᠂ | ᠢᠳᠡᠭᠡᠨ ᠤ ᠠᠮᠦᠷ ᠲᠥᠪᠰᠢᠨ ᠤ ᠮᠡᠷᠭᠡᠵᠢᠯᠲᠡᠨ ᠤ ᠡᠩᠨᠡᠭᠡ ᠶᠢ ᠪᠦᠷᠢᠨᠰᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠢᠨᠠᠨ ᠰᠢᠯᠭᠠᠬᠤ ᠪᠠ ᠲᠥᠭᠰᠢᠭᠦᠷᠢ ᠶᠢᠨ ᠳᠠᠯᠳᠠ ᠠᠶᠤᠯ ᠢ ᠤᠷᠢᠳᠴᠢᠯᠠᠨ ᠮᠠᠭᠠᠳᠬᠯᠠᠬᠤ ᠶᠢ ᠴᠢᠩᠭᠠᠳᠬᠠᠨ᠎ᠠ᠃ | ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢᠨ ᠪᠠᠶᠢᠳᠠᠯ ᠢ ᠰᠣᠯᠢᠯᠴᠠᠬᠤ ᠠᠵᠢᠯ ᠳᠤᠮᠳᠠᠬᠢ ᠭᠤᠷᠪᠠᠳᠡᠬᠢ | ᠡᠲᠡᠭᠡᠳ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠥᠭᠰᠢᠭᠦᠷᠢ ᠶᠢᠨ ᠪᠠᠶᠢᠳᠠᠯ ᠢᠶᠠᠨ ᠰᠤᠯᠢᠯᠴᠠᠬᠤ ᠵᠠᠮ | ᠮᠦᠷ ᠢ ᠥᠷᠭᠡᠳᠭᠡᠨ᠎ᠡ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠲᠤᠮᠤ ᠬᠡᠯᠪᠡᠷᠢ ᠶᠢᠨ ᠠᠵᠤ | ᠠᠬᠤᠶᠢᠯᠠᠯ ᠤᠨ ᠲᠥᠭᠰᠢᠭᠦᠷᠢ ᠶᠢᠨ ᠪᠠᠶᠢᠳᠠᠯ ᠢᠶᠠᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠠᠵᠢᠯ ᠲᠦᠷᠦᠯ ᠤᠨ ᠰᠡᠷᠡᠮᠵᠢᠯᠡᠭᠦᠯᠦᠨ ᠰᠣᠯᠢᠯᠴᠠᠬᠤ ᠶᠢ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠦᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠦᠴᠢᠷ ᠲᠠᠢ ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠲᠠᠪᠤ︶ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠪᠠᠷᠢᠮᠲᠠᠯᠠᠬᠤ ᠬᠡᠷᠡᠭᠲᠡᠢ᠃ | 1. ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠳᠡᠢ᠃ | ︵1︶ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠤ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠬᠢᠬᠦ ᠡᠭᠦᠷᠭᠡ ᠶᠢ ᠲᠦᠷᠭᠡᠳᠭᠡᠨ | ᠪᠡᠶᠡᠯᠡᠭᠦᠯᠵᠦ᠂ ᠡᠭᠦᠷᠭᠡ ᠲᠤᠰᠢᠶᠠᠯ ᠢ ᠲᠣᠬᠢᠷᠠᠭᠤᠯᠬᠤ᠂ ᠠᠵᠢᠯᠲᠠᠨ ᠢ ᠬᠤᠪᠢᠶᠠᠨ ᠰᠢᠯᠵᠢᠭᠦᠯᠬᠦ᠂ ᠮᠡᠷᠭᠡᠵᠢᠯ ᠤᠨ ᠡᠬᠢ | ᠪᠠᠶᠠᠯᠢᠭ ᠢ ᠨᠡᠶᠢᠯᠡᠭᠦᠯᠬᠦ ᠶᠢ ᠱᠠᠯᠠᠪᠳᠠᠵᠤ᠂ ᠲᠤᠰᠬᠠᠢ ᠮᠡᠷᠭᠡᠵᠢᠯ ᠤᠨ ᠬᠦᠴᠦᠨ ᠢ ᠲᠡᠭᠦᠯᠳᠡᠷᠵᠢᠭᠦᠯᠦᠨ᠂ ᠬᠡᠪ ᠤᠨ | ᠠᠵᠢᠯᠯᠠᠭᠠᠨ ᠢ ᠲᠦᠷᠭᠡᠬᠡᠨ ᠪᠡᠶᠡᠯᠡᠭᠦᠯᠦᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠪᠣᠶᠣ ᠣᠷᠣᠨ ᠪᠦᠰᠡ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠮᠢᠯᠠᠭᠰᠠᠨ | ᠪᠠᠶᠢᠭᠤᠯᠤᠮᠵᠢ ᠶᠢ ᠪᠦᠷᠢᠨᠰᠢᠭᠦᠯᠵᠦ᠂ ᠠᠵᠢᠯ ᠤᠨ ᠭᠤᠣᠯᠳᠠᠯᠭ᠎ᠠ ᠶᠢ ᠳᠤᠷᠤᠭᠰᠢ ᠰᠢᠯᠵᠢᠭᠦᠯᠬᠦ᠂ ᠪᠠᠲᠤᠯᠠᠭ᠎ᠠ ᠶᠢ | ᠳᠣᠷᠤᠭᠰᠢ ᠪᠠᠨ ᠬᠡᠯᠪᠠᠶᠢᠯᠭᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠦᠨᠳᠦᠰᠦᠨ ᠱᠠᠲᠤᠨ ᠤ ᠬᠢᠨᠠᠯᠲᠠ | ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠢᠳᠡᠭᠡᠨ ᠤ ᠠᠮᠦᠷ ᠲᠥᠪᠰᠢᠨ ᠤ | ᠰᠦᠯᠵᠢᠶᠡᠵᠢᠭᠦᠯᠦᠨ ᠬᠠᠮᠢᠶᠠᠷᠬᠤ ᠰᠢᠰᠲ᠋ᠧᠮᠵᠢ ᠪᠣᠯᠣᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ︽ | ᠡᠴᠦᠰ ᠤᠨ ᠨᠢᠬᠡ ᠺᠢᠯᠤᠮᠧᠲᠷ︾ ᠢ ᠨᠡᠪᠲᠡᠷᠡᠭᠦᠯᠦᠨ ᠬᠢᠨᠠᠨ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢ ᠶᠡᠷᠦᠩᠬᠡᠶᠢᠯᠡᠨ ᠪᠠᠶᠢᠷᠢᠯᠠᠭᠤᠯᠤᠭᠰᠠᠨ ᠭᠠᠵᠠᠷ ᠣᠷᠣᠨ ᠨᠤᠭᠤᠳ ᠢᠳᠡᠭᠡᠨ ᠤ | ᠠᠮᠦᠷ ᠲᠥᠪᠰᠢᠨ ᠢ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯ ᠤᠨ ᠲᠡᠷᠢᠭᠦᠨ ᠴᠢᠬᠤᠯᠠ ᠬᠠᠷᠢᠭᠤᠴᠠᠯᠭ᠎ᠠ ᠪᠣᠯᠭᠠᠵᠤ | ᠂ ᠲᠤᠳᠤᠭᠠᠲᠤ ᠳᠠᠭᠠᠨ ᠪᠠᠶᠢᠷᠢᠯᠠᠭᠤᠯᠬᠤ ᠪᠠᠶᠢᠭᠤᠯᠤᠮᠵᠢ ᠶᠢ ᠵᠣᠬᠢᠴᠠᠩᠭᠤᠢ ᠪᠠᠷ ᠪᠠᠶᠢᠷᠢᠯᠠᠭᠤᠯᠵᠤ᠂ ᠲᠤᠰᠬᠠᠢ | ᠠᠵᠢᠯᠲᠠᠨ ᠢ ᠲᠣᠬᠢᠷᠠᠭᠤᠯᠤᠨ᠂ ᠢᠳᠡᠭᠡᠨ ᠤ ᠠᠮᠦᠷ ᠲᠥᠪᠰᠢᠨ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠲᠤᠰᠬᠠᠶᠢᠵᠢᠭᠰᠠᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠬᠦᠴᠦᠨ ᠢ ᠴᠢᠩᠭᠠᠳᠬᠠᠬᠤ ᠪᠠᠨ | ᠦᠨᠡᠨᠬᠦ ᠪᠠᠲᠤᠯᠠᠨ᠎ᠠ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠤ | ᠠᠮᠦᠷ ᠲᠥᠪᠰᠢᠨ ᠢ ᠬᠢᠨᠠᠨ ᠬᠠᠮᠢᠶᠠᠷᠬᠤ ᠠᠵᠢᠯ ᠤᠨ ᠡᠷᠬᠡ ᠶᠢᠨ ᠬᠠᠷᠢᠴᠠᠭ᠎ᠠ ᠶᠢ ᠵᠦᠢ ᠵᠣᠬᠢᠰᠲᠠᠢ ᠬᠤᠪᠢᠶᠠᠷᠢᠯᠠᠨ᠎ᠠ᠃ | ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠢᠳᠡᠰᠢᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠴᠢᠳᠠᠪᠤᠷᠢ ᠶᠢ | ᠴᠢᠩᠭᠠᠳᠬᠠᠨ᠂ ᠰᠤᠮᠤ ᠰᠢᠶᠠᠩ ᠪᠠᠯᠭᠠᠰᠤ ᠪᠣᠶᠣ ᠣᠷᠣᠨ ᠪᠦᠰᠡ ᠶᠢᠨ ᠴᠢᠨᠠᠷᠲᠠᠢ ᠢᠳᠡᠰᠢᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠪᠠᠶᠢᠭᠤᠯᠤᠮᠵᠢ ᠶᠢ | ᠪᠦᠷᠢᠨᠰᠢᠭᠦᠯᠵᠦ᠂ ᠭᠠᠴᠠᠭ᠎ᠠ ᠲᠤᠰᠬᠤᠨ ᠤ ᠬᠢᠨᠠᠨ ᠬᠠᠮᠢᠶᠠᠷᠤᠭᠴᠢ ᠶᠢᠨ ᠡᠩᠨᠡᠭᠡ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠨ | ᠬᠠᠤᠯᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠨᠡᠶᠢᠯᠡᠭᠦᠯᠦᠨ | ᠲᠡᠭᠦᠯᠳᠡᠷᠵᠢᠭᠦᠯᠦᠨ᠎ᠡ᠃ ᠮᠠᠯ ᠵᠢᠭᠦᠷᠲᠡᠨ ᠤ ᠲᠣᠭᠲᠠᠭᠰᠠᠨ ᠴᠢᠬ ᠲᠤ ᠨᠢᠳᠤᠯᠬᠤ ᠶᠢ ᠬᠢᠨᠠᠨ ᠬᠠᠮᠢᠶᠠᠷᠬᠤ ᠣᠷᠣᠨ | ᠨᠣᠲᠤᠭ ᠤᠨ ᠡᠭᠦᠷᠭᠡ ᠬᠠᠷᠢᠭᠤᠴᠠᠯᠭ᠎ᠠ ᠶᠢ ᠪᠣᠲᠠᠲᠠᠢ ᠭᠠᠵᠠᠷ ᠲᠤᠨᠢ ᠲᠣᠬᠢᠷᠠᠭᠤᠯᠬᠤ ᠶᠢ ᠢᠳᠡᠪᠬᠢᠲᠡᠢ ᠲᠦᠯᠬᠢᠨ | ᠠᠬᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2. ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ | ᠡᠯ᠎ᠡ ᠱᠠᠲᠤᠨ ᠤ ᠢᠳᠡᠭᠡᠨ ᠤ ᠠᠮᠦᠷ ᠲᠥᠪᠰᠢᠨ ᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ ᠶᠢᠨ | ᠨᠢᠭᠡᠲᠦᠯᠲᠡᠢ ᠵᠣᠬᠢᠴᠠᠭᠤᠯᠬᠤ᠂ ᠬᠢᠨᠠᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ | ᠨᠣᠲᠤᠭ ᠤᠨ ᠠᠷᠠᠳ ᠤᠨ ᠵᠠᠰᠠᠭ ᠤᠨ ᠣᠷᠳᠤᠨ ᠤ ᠢᠳᠡᠭᠡᠨ ᠤ ᠠᠮᠦᠷ ᠲᠥᠪᠰᠢᠨ ᠤ ᠠᠵᠢᠯ ᠤᠨ ᠬᠠᠷᠢᠶᠠᠲᠤ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠦᠷ | ᠲᠥᠪᠰᠢᠨ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠶᠡᠷᠦᠩᠬᠡᠶᠢᠯᠡᠨ ᠵᠣᠬᠢᠴᠠᠭᠤᠯᠬᠤ ᠬᠦᠴᠦᠨ ᠢ ᠴᠢᠩᠭᠠᠳᠬᠠᠵᠤ᠂ | ᠢᠳᠡᠭᠡᠨ ᠤ ᠠᠮᠦᠷ ᠲᠥᠪᠰᠢᠨ ᠢ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ ᠶᠢᠨ ᠡᠳᠦᠷ ᠲᠤᠳᠤᠮ ᠤᠨ ᠠᠵᠢᠯ ᠢ | ᠨᠡᠩ ᠰᠠᠶᠢᠨ ᠡᠭᠦᠷᠭᠡᠯᠡᠵᠦ᠂ ᠰᠠᠯᠠᠭ᠎ᠠ ᠮᠦᠴᠢᠷ ᠪᠠ ᠣᠷᠣᠨ ᠪᠦᠰᠡ ᠶᠢᠨ ᠬᠤᠭᠤᠷᠤᠨᠳᠤᠬᠢ ᠮᠡᠳᠡᠭᠡ ᠵᠠᠩᠭᠢ | ᠮᠡᠳᠡᠭᠡᠯᠡᠬᠦ᠂ ᠪᠠᠶᠢᠳᠠᠯ ᠢ ᠵᠦᠪᠳᠡᠯᠴᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠢᠬᠡᠳ ᠡᠷᠡᠭᠦᠦ ᠶᠢᠨ ᠬᠠᠤᠯᠢ ᠴᠠᠭᠠᠵᠠ ᠬᠡᠷᠡᠭᠵᠢᠭᠦᠯᠬᠦ ᠶᠢ ᠵᠤᠯᠭᠠᠭᠤᠯᠬᠤ᠂ ᠠᠳᠡᠯ ᠢ ᠰᠢᠢᠳᠪᠦᠷᠢᠯᠡᠬᠦ | ᠵᠡᠷᠭᠡ ᠯᠦᠭᠡ ᠵᠣᠬᠢᠴᠠᠭᠤᠯᠤᠨ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠴᠤᠭᠭᠠᠷ ᠠᠳᠬᠤᠵᠤ | ᠬᠠᠮᠲᠤ ᠬᠠᠮᠢᠶᠠᠷᠬᠤ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 3. ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ︵1︶ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠲᠡᠪᠴᠡᠩ ᠢ ᠢᠳᠡᠪᠬᠢᠲᠡᠢ ᠪᠠᠶᠢᠭᠤᠯᠵᠤ᠂ ᠨᠡᠶᠢᠭᠡᠮ ᠤᠨ | ᠬᠠᠮᠲᠤ ᠶᠢᠨ ᠵᠠᠰᠠᠯᠲᠠ ᠶᠢᠨ ᠵᠣᠷᠢᠬᠵᠢᠭᠤᠯᠬᠤ ᠲᠣᠭᠲᠠᠴᠠ ᠶᠢ ᠪᠠᠶᠢᠭᠤᠯᠤᠨ᠂ ᠵᠠᠭᠠᠯᠳᠤᠵᠤ ᠢᠯᠡᠴᠢᠯᠡᠨ ᠮᠡᠳᠡᠭᠦᠯᠬᠦ | ᠵᠠᠮ ᠮᠦᠷ ᠢ ᠰᠠᠭᠠᠳ ᠦᠭᠡᠢ ᠨᠠᠪᠲᠡᠷᠡᠭᠦᠯᠵᠦ᠂ ᠢᠯᠡᠴᠢᠯᠡᠨ ᠮᠡᠳᠡᠭᠦᠯᠬᠦ ᠶᠢ ᠬᠦᠬᠢᠭᠦᠯᠦᠨ ᠱᠠᠩᠨᠠᠬᠤ ᠲᠤᠰᠬᠠᠢ ᠪᠡᠯᠡ | ᠮᠦᠩᠭᠦ ᠶᠢ ᠨᠠᠶᠢᠳᠠᠪᠤᠷᠢᠵᠢᠭᠤᠯᠤᠨ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠳᠤ ᠬᠡᠷᠡᠭᠯᠡᠭᠴᠢ᠂ | ᠰᠣᠨᠢᠨ ᠮᠡᠳᠡᠭᠡ ᠶᠢᠨ ᠵᠠᠭᠤᠴᠢᠯᠠᠭᠤᠷ᠂ ᠰᠠᠶᠢᠨ ᠳᠤᠷᠠᠴᠤᠳ ᠵᠡᠷᠭᠡ ᠶᠢᠨ ᠨᠡᠶᠢᠭᠡᠮ ᠤᠨ ᠡᠯ᠎ᠡ ᠡᠲᠡᠭᠡᠳ ᠤᠨ | ᠣᠷᠤᠯᠴᠠᠬᠤ ᠢᠳᠡᠪᠬᠢᠵᠢᠯ ᠢ ᠳᠠᠶᠢᠴᠢᠯᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠴᠢ᠂ ᠵᠣᠬᠢᠴᠠᠭᠤᠯᠤᠨ | ᠬᠠᠮᠢᠶᠠᠷᠤᠭᠴᠢ᠂ ᠮᠡᠳᠡᠭᠡ ᠵᠠᠩᠭᠢᠴᠢ ᠵᠡᠷᠭᠡ ᠣᠯᠠᠨ ᠲᠦᠮᠡᠨᠴᠢ ᠴᠢᠨᠠᠷᠲᠠᠢ ᠡᠩᠨᠡᠭᠡ ᠶᠢ ᠶᠡᠬᠡᠪᠡᠷ ᠬᠥᠭᠵᠢᠭᠦᠯᠦᠨ᠎ᠡ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠠᠵᠢᠯ ᠲᠦᠷᠦᠯ ᠤᠨ ᠨᠡᠶᠢᠭᠡᠮᠯᠢᠭ ᠤᠨ ᠠᠵᠢᠯ ᠲᠦᠷᠦᠯ ᠤᠨ ᠳᠦᠷᠢᠮ ᠭᠡᠷ᠎ᠡ᠂ ᠦᠪᠡᠷ ᠢ ᠪᠠᠨ | ᠱᠠᠭᠠᠷᠳᠠᠬᠤ ᠵᠢᠷᠤᠮᠵᠢᠯ ᠪᠣᠯᠣᠨ ᠲᠣᠬᠠᠶᠢᠯᠠᠭᠰᠠᠨ ᠠᠵᠢᠯ ᠤᠨ ᠶᠤᠰᠤ ᠮᠤᠷᠠᠯ ᠤᠨ ᠵᠠᠷᠴᠢᠮ ᠢ ᠲᠣᠭᠲᠠᠭᠠᠬᠤ ᠪᠠᠷ | ᠳᠡᠮᠵᠢᠵᠦ᠂ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ ᠢᠳᠡᠭᠡᠨ ᠤ ᠠᠮᠦᠷ ᠲᠥᠪᠰᠢᠨ ᠤ | ᠲᠥᠭᠰᠢᠭᠦᠷᠢ ᠶᠢᠨ ᠪᠠᠶᠢᠳᠠᠯ ᠤᠨ ᠮᠡᠳᠡᠭᠡ ᠵᠠᠩᠭᠢ ᠶᠢ ᠰᠣᠯᠢᠯᠴᠠᠨ ᠣᠶᠢᠯᠠᠭᠠᠯᠴᠠᠵᠤ᠂ ᠠᠵᠢᠯ ᠲᠦᠷᠦᠯ ᠤᠨ | ᠦᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ ᠡᠷᠳᠡᠮᠳᠡᠨ ᠮᠡᠷᠭᠡᠵᠢᠯᠲᠡᠳ ᠤᠨ ᠲᠥᠷᠥ ᠶᠢᠨ ᠪᠣᠳᠣᠯᠭ᠎ᠠ ᠶᠢ | ᠵᠦᠪᠳᠡᠯᠴᠡᠨ ᠰᠠᠨᠠᠭᠤᠯᠬᠤ ᠠᠷᠠᠳ ᠢ ᠰᠡᠭᠡᠭᠡᠷᠡᠭᠦᠯᠬᠦ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠣᠯᠠᠨ ᠲᠦᠮᠡᠨ | ᠣᠷᠣᠯᠴᠠᠬᠤ᠂ ᠮᠡᠷᠭᠡᠵᠢᠯᠲᠡᠨ ᠨᠤᠲᠠᠯᠠᠬᠤ ᠶᠠᠪᠤᠳᠠᠯ ᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠬᠠᠤᠯᠢ ᠪᠠᠷ ᠲᠣᠭᠲᠠᠭᠠᠭᠰᠠᠨ ᠵᠢᠷᠤᠮ ᠳᠤ ᠣᠷᠤᠭᠤᠯᠤᠨ᠂ ᠭᠤᠷᠪᠠᠳᠡᠬᠢ ᠡᠲᠡᠭᠡᠳ ᠤᠨ ᠪᠠᠶᠢᠭᠤᠯᠤᠮᠵᠢ ᠶᠢᠨ | ᠪᠠᠶᠢᠴᠠᠭᠠᠨ ᠰᠢᠯᠭᠠᠬᠤ᠂ ᠵᠦᠢ ᠶᠤᠰᠤᠴᠢ ᠴᠢᠨᠠᠷᠲᠠᠢ ᠪᠠᠷ ᠪᠠᠶᠢᠴᠠᠭᠠᠬᠤ ᠪᠠ ᠨᠤᠲᠠᠯᠠᠬᠤ ᠵᠡᠷᠭᠡ ᠲᠠᠯ᠎ᠠ ᠪᠠᠷ | ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ | ᠵᠦᠪᠯᠡᠯ ᠤᠨ ᠠᠯᠪᠠᠨ ᠭᠡᠷ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵3︶ ᠢᠳᠡᠭᠡᠨ ᠤ ᠠᠮᠦᠷ ᠲᠥᠪᠰᠢᠨ ᠢ ᠬᠠᠤᠯᠢ ᠪᠠᠷ ᠵᠠᠰᠠᠬᠤ ᠬᠦᠮᠦᠵᠢᠯ ᠢ ᠭᠦᠨᠵᠡᠭᠡᠢ ᠦᠷᠨᠢᠭᠦᠯᠵᠦ᠂ | ᠬᠢᠨᠠᠨ ᠬᠠᠮᠢᠶᠠᠷᠬᠤ ᠠᠵᠢᠯᠲᠠᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠳᠬᠠᠨ᠂ ᠦᠨᠳᠦᠰᠦᠨ ᠱᠠᠲᠤᠨ ᠤ | ᠬᠢᠨᠠᠨ ᠬᠠᠮᠢᠶᠠᠷᠬᠤ ᠠᠵᠢᠯᠲᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠣᠷᠣᠨ | ᠨᠣᠲᠤᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠦᠷ ᠲᠥᠪᠰᠢᠨ ᠤ ᠮᠡᠳᠡᠯᠭᠡ ᠶᠢᠨ ᠲᠤᠰᠬᠠᠢ ᠰᠡᠳᠦᠪᠲᠦ | ᠪᠤᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠢᠳᠡᠭᠡᠨ ᠤ ᠠᠮᠦᠷ ᠲᠥᠪᠰᠢᠨ ᠤ ᠠᠵᠢᠯ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠪᠣᠯᠣᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠠᠵᠢᠯᠯᠠᠭᠴᠢᠳ ᠤᠨ ᠢᠳᠡᠭᠡᠨ ᠤ ᠠᠮᠦᠷ ᠲᠥᠪᠰᠢᠨ ᠤ ᠲᠣᠬᠠᠢ ᠬᠦᠮᠦᠵᠢᠯ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠢᠯᠯᠠᠭᠴᠢᠳ ᠤᠨ ᠬᠠᠤᠯᠢ ᠴᠠᠭᠠᠵᠠ ᠶᠢ ᠰᠠᠬᠢᠵᠤ ᠡᠵᠡᠩᠨᠡᠬᠦ | ᠦᠵᠡᠯ ᠤᠬᠠᠮᠰᠠᠷ ᠢ ᠴᠢᠩᠭᠠᠳᠬᠠᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ | ᠪᠣᠯᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ | ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠵᠢᠷᠭᠤᠭ᠎ᠠ︶ ᠣᠯᠠᠨ ᠠᠷᠭ᠎ᠠ ᠪᠠᠷᠢᠯ ᠢ ᠬᠠᠮᠲᠤ ᠳᠤᠨᠢ ᠬᠡᠷᠡᠭᠯᠡᠬᠦ ᠶᠢ ᠪᠠᠷᠢᠮᠲᠠᠯᠠᠵᠤ᠂ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ | 1. ᠬᠢᠨᠠᠨ ᠬᠠᠮᠢᠶᠠᠷᠬᠤ ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ᠃ | ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ ᠢᠳᠡᠭᠡᠨ ᠤ ᠠᠮᠦᠷ | ᠲᠥᠪᠰᠢᠨ ᠤ ᠬᠢᠨᠠᠨ ᠬᠠᠮᠢᠶᠠᠷᠬᠤ ᠲᠤᠰᠬᠠᠢ ᠵᠦᠢᠯ ᠤᠨ ᠲᠣᠬᠠᠶᠢᠯᠠᠭᠰᠠᠨ ᠠᠵᠢᠯ ᠤᠨ ᠵᠠᠷᠤᠳᠠᠯ ᠤᠨ | ᠣᠷᠤᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠲᠤᠰᠬᠠᠢ ᠪᠡᠯᠡ | ᠮᠦᠩᠭᠦ ᠶᠢᠨ ᠬᠡᠷᠡᠭᠯᠡᠯᠲᠡ ᠶᠢ ᠵᠦᠢ ᠵᠣᠬᠢᠰᠲᠠᠢ ᠲᠣᠬᠢᠷᠠᠭᠤᠯᠤᠨ᠂ ᠲᠥᠪ ᠤᠨ ᠰᠢᠯᠵᠢᠭᠦᠯᠦᠨ ᠥᠭᠬᠦ ᠪᠡᠯᠡ ᠮᠦᠩᠭᠦ ᠶᠢ | ᠬᠡᠷᠡᠭᠯᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠢ ᠪᠡᠯᠡ ᠮᠦᠩᠭᠦ ᠶᠢ ᠬᠡᠷᠡᠭᠯᠡᠭᠰᠡᠨ | ᠪᠠᠶᠢᠳᠠᠯ ᠢ ᠣᠨ ᠤ ᠬᠤᠭᠤᠰ ᠲᠤ ᠰᠤᠭᠤᠴᠠᠨ ᠪᠠᠶᠢᠴᠠᠭᠠᠬᠤ᠂ ᠵᠢᠯ ᠤᠨ ᠰᠡᠭᠦᠯᠴᠢ ᠬᠢᠨᠠᠨ ᠪᠤᠳᠤᠬᠤ ᠤᠷᠲᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠠᠵᠢᠯ ᠤᠨ ᠵᠠᠷᠤᠳᠠᠯ ᠪᠣᠯᠣᠨ ᠲᠤᠨᠤᠭ ᠲᠥᠭᠦᠭᠡᠷᠦᠮᠵᠢ ᠬᠤᠳᠠᠯᠳᠤᠨ ᠠᠪᠬᠤ ᠳᠤ ᠴᠢᠬᠤᠯᠠ ᠪᠦᠬᠦᠢ | ᠪᠠᠲᠤᠯᠠᠭ᠎ᠠ ᠣᠯᠭᠤᠬᠤ ᠬᠡᠷᠡᠭᠲᠡᠢ᠃ ᠲᠤᠰᠬᠠᠢ ᠪᠡᠯᠡ ᠮᠦᠩᠭᠦ ᠶᠢ ᠲᠣᠭᠲᠠᠭᠠᠯ ᠠᠴᠠ ᠵᠦᠷᠢᠴᠡᠨ ᠬᠡᠷᠡᠭᠯᠡᠭᠰᠡᠨ | ᠨᠢᠭᠡᠴᠡ ᠳᠤ ᠮᠡᠳᠡᠭᠡᠯᠡᠬᠦ ᠪᠠ ᠪᠤᠯᠵᠤᠨ ᠶᠠᠷᠢᠯᠴᠠᠬᠤ ᠳᠦᠷᠢᠮ ᠢ ᠬᠡᠷᠡᠭᠵᠢᠭᠦᠯᠵᠦ᠂ ᠲᠤᠰᠬᠠᠢ ᠪᠡᠯᠡ ᠮᠦᠩᠭᠦ ᠶᠢ | ᠵᠢᠷᠤᠮᠵᠢᠭᠤᠨ᠂ ᠠᠮᠦᠷ ᠲᠥᠪᠰᠢᠨ᠂ ᠪᠦᠲᠦᠮᠵᠢᠲᠡᠢ ᠬᠡᠷᠡᠭᠯᠡᠬᠦ ᠶᠢ ᠦᠨᠡᠨᠬᠦ ᠪᠠᠲᠤᠯᠠᠵᠤ᠂ ᠬᠢᠨᠠᠨ ᠬᠠᠮᠢᠶᠠᠷᠬᠤ | ᠲᠣᠬᠠᠶᠢᠯᠠᠭᠰᠠᠨ ᠠᠵᠢᠯ ᠤᠨ ᠵᠠᠷᠤᠳᠠᠯ ᠭᠦᠢᠴᠡᠳ ᠦᠭᠡᠢ ᠪᠠᠶᠢᠬᠤ ᠳᠣᠪᠤᠶᠢᠮ᠎ᠠ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 2. ᠴᠤᠬᠴᠠᠯᠠᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠬᠦ ᠬᠡᠷᠡᠭᠲᠡᠢ᠃ | ︽ᠢᠳᠡᠭᠡᠨ ᠪᠠ ᠡᠮ ᠤᠨ ᠵᠦᠢᠯᠡᠰ ᠢᠶᠠᠷ ᠠᠮᠦᠷ ᠲᠥᠪᠰᠢᠨ ᠦᠪᠦᠷ ᠮᠣᠩᠭᠤᠯ︾ ᠢ ᠪᠦᠲᠦᠭᠡᠨ ᠪᠠᠶᠢᠭᠤᠯᠬᠤ | ᠶᠡᠷᠦᠩᠬᠡᠢ ᠬᠠᠷᠠᠯᠲᠠ᠂ ᠣᠨ ᠤ ᠡᠭᠦᠷᠭᠡ᠂ ᠬᠡᠷᠡᠭᠵᠢᠭᠦᠯᠬᠦ ᠠᠯᠬᠤᠮ ᠳᠠᠷᠠᠭ᠎ᠠ᠂ ᠪᠠᠲᠤᠯᠠᠬᠤ ᠠᠷᠭ᠎ᠠ ᠬᠡᠮᠵᠢᠶ᠎ᠠ ᠶᠢ | ᠤᠯᠠᠮ ᠨᠢᠭᠡ ᠠᠯᠬᠤᠮ ᠪᠣᠲᠠᠲᠠᠶᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠯᠤᠰ ᠤᠨ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠯᠤᠭ᠎ᠠ | ᠲᠣᠭᠲᠠᠭᠰᠠᠨ ᠬᠠᠮᠲᠤᠪᠠᠷ ᠪᠠᠶᠢᠭᠤᠯᠵᠤ ᠬᠤᠷᠰᠢᠨ ᠠᠵᠢᠯᠯᠠᠬᠤ ᠵᠦᠪᠯᠡᠯᠴᠡᠭᠡᠷ ᠤᠨ ᠠᠭᠤᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ︽ᠢᠳᠡᠭᠡᠨ ᠪᠠ ᠡᠮ ᠤᠨ ᠵᠦᠢᠯᠡᠰ ᠢᠶᠠᠷ ᠠᠮᠦᠷ ᠲᠥᠪᠰᠢᠨ ᠦᠪᠦᠷ | ᠮᠣᠩᠭᠤᠯ︾ ᠢ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠭᠡᠨ ᠠᠬᠢᠭᠤᠯᠤᠨ᠎ᠠ᠃ ᠢᠳᠡᠭᠡᠨ ᠤ ᠠᠮᠦᠷ ᠲᠥᠪᠰᠢᠨ | ᠬᠤᠲᠠ ᠶᠢ ᠴᠤᠬᠴᠠᠯᠠᠨ ᠪᠠᠶᠢᠭᠤᠯᠬᠤ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ | ᠰᠢᠶᠠᠨ ᠪᠠ ᠭᠠᠳᠠᠭᠠᠲᠤ ᠠᠴᠠ ᠣᠷᠤᠭᠤᠯᠤᠭᠰᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ | ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠲᠣᠬᠠᠢ ᠤᠯᠤᠰ ᠤᠨ ᠪᠠᠶᠢᠷᠢᠯᠠᠭᠤᠯᠤᠯᠲᠠ | ᠪᠠ ᠱᠠᠭᠠᠷᠳᠠᠯᠭ᠎ᠠ ᠶᠤᠰᠤᠭᠠᠷ᠂ ᠲᠤᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠪᠣᠲᠠᠲᠠᠢ | ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠢᠳᠡᠭᠡᠨ ᠤ ᠠᠮᠦᠷ ᠲᠥᠪᠰᠢᠨ ᠬᠤᠲᠠ᠂ ᠵᠢᠱᠢᠶ᠎ᠡ ᠦᠵᠡᠭᠦᠯᠬᠦ ᠬᠤᠰᠢᠭᠤ | ᠰᠢᠶᠠᠨ᠂ ᠲᠣᠭᠤᠷᠢᠭ᠂ ᠵᠡᠭᠡᠯᠢ᠂ ᠠᠵᠤ ᠠᠬᠤᠶᠢᠯᠠᠯ ᠢ ᠴᠤᠬᠴᠠᠯᠠᠨ ᠪᠠᠶᠢᠭᠤᠯᠬᠤ ᠠᠵᠢᠯᠯᠠᠭ᠎ᠠ ᠶᠢ ᠶᠡᠬᠡᠪᠡᠷ | ᠦᠷᠨᠢᠭᠦᠯᠵᠦ᠂ ︽ᠢᠳᠡᠭᠡᠨ ᠤᠮᠳᠠᠭᠠᠨ ᠤ ᠪᠣᠬᠢᠷᠳᠤᠯ︾ ᠢ ᠵᠠᠰᠠᠬᠤ ᠠᠵᠢᠯ ᠢ ᠲᠦᠯᠬᠢᠨ ᠠᠬᠢᠭᠤᠯᠵᠤ᠂ 2015 | ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 3. ᠪᠠᠶᠢᠴᠠᠭᠠᠨ ᠰᠢᠯᠭᠠᠬᠤ ᠴᠢᠳᠠᠪᠤᠷᠢ ᠪᠣᠯᠣᠨ ᠬᠠᠤᠯᠢ ᠬᠡᠷᠡᠭᠵᠢᠭᠦᠯᠬᠦ ᠲᠣᠨᠤᠭ ᠲᠥᠭᠦᠭᠡᠷᠦᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠢᠳᠡᠭᠡᠨ ᠤ ᠶᠠᠰᠤ ᠴᠢᠨᠠᠷ ᠤᠨ | ᠠᠮᠤᠷ ᠲᠦᠪᠰᠢᠨ ᠢ ᠪᠠᠶᠢᠴᠠᠭᠠᠨ ᠰᠢᠯᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠬᠢᠨᠠᠨ | ᠬᠠᠮᠢᠶᠠᠷᠬᠤ ᠪᠠ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠬᠡᠷᠡᠭᠴᠡᠭᠡ ᠶᠢ | ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠪᠠᠶᠢᠴᠠᠭᠠᠨ ᠰᠢᠯᠭᠠᠬᠤ ᠲᠥᠪ ᠤᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠢᠮᠠᠭ ᠬᠤᠲᠠ ᠶᠢᠨ ᠢᠳᠡᠭᠡᠨ ᠤ ᠠᠮᠦᠷ ᠲᠥᠪᠰᠢᠨ ᠤ | ᠲᠣᠷᠰᠢᠯᠲᠠ ᠶᠢᠨ ᠲᠠᠰᠤᠭ ᠢ ᠦᠭᠡᠷᠡᠴᠢᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠭᠡᠨ ᠠᠬᠢᠭᠤᠯᠤᠨ᠎ᠠ᠃ ᠬᠤᠰᠢᠭᠤ | ᠰᠢᠶᠠᠨ ︵ᠬᠤᠲᠠ᠂ ᠲᠣᠭᠤᠷᠢᠭ︶ ᠨᠤᠭᠤᠳ ᠢᠳᠡᠭᠡᠨ ᠤ ᠦᠳᠲᠡᠷ ᠲᠥᠷᠭᠡᠨ ᠪᠠᠶᠢᠴᠠᠭᠠᠨ ᠰᠢᠯᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠨ ᠰᠢᠯᠭᠠᠬᠤ ᠡᠬᠢ ᠪᠠᠶᠠᠯᠢᠭ ᠢ ᠨᠡᠶᠢᠯᠡᠭᠦᠯᠬᠦ ᠶᠢ | ᠢᠳᠡᠪᠬᠢᠲᠡᠢ ᠲᠦᠯᠬᠢᠨ ᠠᠬᠢᠭᠤᠯᠤᠨ᠎ᠠ᠃ ︽ᠬᠡᠷᠡᠭᠯᠡᠵᠦ ᠪᠣᠯᠬᠤ ᠬᠡᠷᠡᠭᠯᠡᠵᠦ ᠭᠦᠢᠴᠡᠬᠦ᠂ ᠨᠦᠬᠦᠵᠦ ᠨᠡᠮᠡᠬᠦ ᠨᠦᠬᠦᠵᠦ | ᠭᠦᠢᠴᠡᠳᠭᠡᠬᠦ︾ ᠵᠠᠷᠴᠢᠮ ᠤᠨ ᠶᠣᠰᠤᠭᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ | ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠬᠡᠷᠡᠭᠵᠢᠭᠦᠯᠬᠦ ᠲᠡᠷᠭᠡ ᠬᠥᠰᠬᠡ᠂ ᠲᠣᠨᠤᠭ | ᠲᠥᠭᠦᠭᠡᠷᠦᠮᠵᠢ᠂ ᠪᠡᠯᠡᠳᠭᠡᠮᠵᠢ ᠶᠢ ᠲᠣᠬᠢᠷᠠᠭᠤᠯᠬᠤ ᠪᠠᠨ ᠭᠤᠣᠯᠳᠠᠯᠭ᠎ᠠ ᠲᠠᠢ ᠴᠢᠩᠭᠠᠳᠬᠠᠵᠤ᠂ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠬᠦ ᠲᠣᠨᠤᠭ ᠲᠥᠭᠦᠭᠡᠷᠦᠮᠵᠢ ᠲᠣᠬᠢᠷᠠᠭᠤᠯᠬᠤ ᠪᠠᠷᠢᠮᠵᠢᠶ᠎ᠠ ᠶᠢ ᠦᠨᠡᠨᠬᠦ | ᠳᠡᠭᠡᠭᠰᠢᠯᠡᠭᠦᠯᠦᠨ᠎ᠡ᠃ ᠪᠠᠶᠢᠴᠠᠭᠠᠨ ᠰᠢᠯᠭᠠᠬᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠴᠢᠳᠠᠪᠤᠷᠢ ᠶᠢ ᠵᠦᠢ | ᠵᠣᠬᠢᠰᠲᠠᠢ ᠠᠰᠢᠭᠯᠠᠨ᠂ ᠠᠮᠦᠷ ᠲᠥᠪᠰᠢᠨ ᠢ ᠬᠢᠨᠠᠨ ᠬᠠᠮᠢᠶᠠᠷᠬᠤ ᠪᠠ ᠠᠵᠤ ᠦᠢᠯᠡᠰ ᠢ ᠬᠥᠭᠵᠢᠭᠦᠯᠬᠦ ᠬᠡᠷᠡᠭᠴᠡᠭᠡ ᠶᠢ | ᠬᠠᠩᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠦᠪᠡᠷᠰᠡᠳ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 4. ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠤᠯᠤᠰ ᠤᠨ ᠨᠢᠭᠡᠲᠦᠯᠲᠡᠢ ᠦᠨᠳᠦᠷ ᠪᠦᠲᠦᠮᠵᠢᠲᠡᠢ᠂ ᠡᠬᠢ ᠪᠠᠶᠠᠯᠢᠭ ᠢ ᠬᠠᠮᠳᠤ ᠳᠠᠭᠠᠨ ᠬᠦᠷᠳᠡᠬᠦ ᠢᠳᠡᠭᠡᠨ ᠤ | ᠠᠮᠦᠷ ᠲᠥᠪᠰᠢᠨ ᠤ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠬᠤ ᠱᠠᠭᠠᠷᠳᠠᠯᠭ᠎ᠠ ᠶᠣᠰᠤᠭᠠᠷ᠂ ᠮᠠᠨ ᠤ ᠣᠷᠣᠨ ᠤ | ᠢᠳᠡᠭᠡᠨ ᠤ ᠠᠮᠦᠷ ᠲᠥᠪᠰᠢᠨ ᠢ ᠬᠢᠨᠠᠨ ᠬᠠᠮᠢᠶᠠᠷᠬᠤ ᠮᠡᠳᠡᠭᠡ ᠵᠠᠩᠬᠢᠵᠢᠯᠲᠠ ᠶᠢᠨ ᠢᠨᠵᠧᠨᠧᠷᠢᠩ᠂ ᠢᠳᠡᠭᠡᠨ ᠤ ᠠᠮᠦᠷ | ᠲᠥᠪᠰᠢᠨ ᠤ ᠲᠥᠭᠰᠢᠭᠦᠷᠢ ᠶᠢ ᠦᠨᠡᠯᠡᠨ ᠵᠢᠱᠢᠵᠦ ᠰᠡᠷᠡᠮᠵᠢᠯᠡᠭᠦᠯᠬᠦ ᠰᠢᠰᠲ᠋ᠧᠮ᠂ ᠴᠢᠬᠤᠯᠠ ᠢᠳᠡᠭᠡᠨ ᠤ ᠠᠮᠦᠷ | ᠲᠥᠪᠰᠢᠨ ᠤ ᠤᠬᠤᠴᠢᠯᠠᠨ ᠨᠡᠬᠡᠮᠵᠢᠯᠡᠬᠦ ᠰᠢᠰᠲ᠋ᠧᠮ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠨ ᠬᠠᠮᠢᠶᠠᠷᠬᠤ ᠮᠡᠳᠡᠭᠡ ᠵᠠᠩᠭᠢ ᠶᠢᠨ ᠲᠡᠪᠴᠡᠩ ᠵᠡᠷᠭᠡ ᠲᠦᠷᠦᠯ | ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠭᠡᠨ᠂ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ︾ | ᠪᠦᠬᠦ ᠶᠠᠪᠤᠴᠠ ᠶᠢ ᠤᠬᠤᠴᠢᠯᠠᠨ ᠨᠡᠬᠡᠮᠵᠢᠯᠡᠵᠦ ᠪᠣᠯᠬᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠯᠦᠭᠡ | ᠲᠥᠭᠰᠢᠭᠦᠷᠢ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠳᠤ ᠳᠠᠭᠠᠨ ᠬᠦᠷᠳᠡᠬᠦ ᠶᠢ ᠴᠢᠩᠭᠠᠳᠬᠠᠨ᠎ᠠ᠃ | ᠢᠳᠡᠭᠡᠨ ᠤ ᠠᠮᠦᠷ ᠲᠥᠪᠰᠢᠨ ᠤ ᠪᠠᠷᠢᠮᠵᠢᠶ᠎ᠠ᠂ ᠲᠥᠭᠰᠢᠭᠦᠷᠢ ᠶᠢ ᠬᠢᠨᠠᠨ ᠰᠢᠯᠭᠠᠬᠤ᠂ ᠲᠥᠭᠰᠢᠭᠦᠷᠢ ᠶᠢ ᠦᠨᠡᠯᠡᠨ | ᠵᠢᠱᠢᠬᠦ᠂ ᠡᠳᠦᠷ ᠲᠣᠳᠤᠮ ᠤᠨ ᠬᠢᠨᠠᠯᠲᠠ ᠬᠠᠮᠢᠶᠠᠷᠤᠯᠲᠠ ᠶᠢᠨ ᠪᠦᠷᠢᠳᠭᠡᠭᠰᠡᠨ ᠲᠤᠭ᠎ᠠ ᠪᠠᠷᠢᠮᠲᠠ ᠶᠢ ᠴᠤᠭᠯᠠᠭᠤᠯᠬᠤ | ᠪᠠ ᠵᠠᠳᠠᠯᠤᠨ ᠠᠰᠢᠭᠯᠠᠵᠤ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ ᠬᠢᠷᠢ ᠬᠡᠮᠵᠢᠶ᠎ᠡ ᠪᠣᠯᠣᠨ ᠬᠢᠨᠠᠨ | ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ | ᠲᠤᠰ ᠲᠤᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | 5. ᠲᠥᠭᠰᠢᠭᠦᠷᠢ ᠶᠢ ᠬᠢᠨᠠᠨ ᠰᠢᠯᠭᠠᠬᠤ ᠪᠠ ᠦᠨᠡᠯᠡᠨ ᠵᠢᠱᠢᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ︵1︶ ᠲᠥᠭᠰᠢᠭᠦᠷᠢ ᠶᠢ ᠬᠢᠨᠠᠨ ᠰᠢᠯᠭᠠᠬᠤ ᠰᠦᠯᠵᠢᠶ᠎ᠡ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠣᠯᠣᠨ | ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠦᠨᠡᠯᠡᠨ ᠵᠢᠱᠢᠬᠦ ᠠᠵᠢᠯ ᠤᠨ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠦᠨ᠎ᠡ᠃ ᠢᠳᠡᠭᠡᠨ ᠠᠴᠠ ᠢᠷᠡᠯᠲᠡ ᠲᠠᠢ ᠡᠪᠡᠳᠴᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ | ᠰᠢᠯᠭᠠᠬᠤ ᠬᠡᠪᠴᠢᠶ᠎ᠡ ᠪᠠᠨ ᠥᠷᠭᠡᠳᠭᠡᠨ᠂ ᠰᠠᠯᠠᠭ᠎ᠠ ᠮᠦᠴᠢᠷ ᠤᠨ ᠬᠤᠭᠤᠷᠤᠨᠲᠤ ᠪᠠᠨ ᠮᠡᠳᠡᠭᠡ ᠵᠠᠩᠭᠢ ᠨᠡᠪᠲᠡᠷᠡᠯᠴᠡᠬᠦ᠂ | ᠵᠣᠬᠢᠴᠠᠩᠭᠤᠢ ᠨᠢᠭᠡᠲᠦᠯᠲᠡᠢ ᠰᠡᠷᠭᠡᠶᠢᠯᠡᠨ ᠡᠵᠡᠮᠰᠢᠬᠦ ᠠᠵᠢᠯ ᠤᠨ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵2︶ ᠢᠳᠡᠭᠡᠨ ᠤ ᠰᠢᠨ᠎ᠡ ᠲᠥᠭᠰᠢᠭᠦᠷᠢ᠂ ᠭᠠᠳᠠᠭᠠᠲᠤ ᠠᠴᠠ ᠣᠷᠣᠭᠤᠯᠬᠤ ᠭᠠᠳᠠᠭᠠᠲᠤ ᠳᠤ ᠭᠠᠷᠭᠠᠬᠤ | ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ | ᠲᠥᠭᠰᠢᠭᠦᠷᠢ ᠶᠢᠨ ᠰᠦᠪᠡᠭᠴᠢ ᠶᠢ ᠢᠯᠡᠷᠡᠭᠦᠯᠬᠦ᠂ ᠵᠠᠳᠠᠯᠬᠤ᠂ ᠮᠡᠳᠡᠭᠦᠯᠬᠦ᠂ ᠮᠡᠳᠡᠭᠡᠯᠡᠬᠦ ᠪᠠ ᠰᠡᠷᠡᠮᠵᠢᠯᠡᠭᠦᠯᠬᠦ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ | ᠬᠢᠵᠢᠭ ᠪᠠᠶᠢᠴᠠᠭᠠᠬᠤ ᠲᠣᠪᠴᠢᠶ᠎ᠠ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠲᠤᠨᠢ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | 6. ᠢᠳᠡᠭᠡᠨ ᠤ ᠠᠮᠦᠷ ᠲᠥᠪᠰᠢᠨ ᠤ ︽13 · 5︾ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠦᠷ ᠲᠥᠪᠰᠢᠨ ᠤ ︽12 · 5︾ ᠶᠢᠨ ᠲᠤᠰᠬᠠᠢ | ᠲᠦᠯᠦᠪᠵᠢᠭᠦᠯᠭᠡ ᠶᠢᠨ ᠲᠦᠷᠦᠯ ᠵᠦᠢᠯ ᠢ ᠱᠠᠯᠠᠪᠳᠠᠨ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ | ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠤᠳᠠᠳᠤ ᠪᠠᠶᠢᠳᠠᠯ ᠢ ᠦᠨᠳᠦᠰᠦᠯᠡᠨ᠂ | ᠦᠪᠡᠷᠲᠡᠭᠡᠨ ᠵᠠᠰᠠᠬᠤ ᠣᠷᠣᠨ ᠤ ︽13 · 5︾ ᠶᠢᠨ ᠲᠦᠯᠦᠪᠵᠢᠭᠦᠯᠭᠡ ᠳᠠᠬᠢ ᠢᠳᠡᠭᠡᠨ ᠤ ᠠᠮᠦᠷ ᠲᠥᠪᠰᠢᠨ ᠤ | ᠲᠤᠰᠬᠠᠢ ᠲᠦᠯᠦᠪᠵᠢᠭᠦᠯᠭᠡ ᠶᠢ ᠭᠠᠷᠳᠠᠵᠤ ᠵᠣᠬᠢᠶᠠᠨ ᠪᠠᠶᠢᠭᠤᠯᠤᠨ ᠨᠠᠶᠢᠷᠠᠭᠤᠯᠵᠤ᠂ ᠦᠪᠡᠷᠲᠡᠭᠡᠨ ᠵᠠᠰᠠᠬᠤ ᠣᠷᠣᠨ ᠤ | ᠢᠳᠡᠭᠡᠨ ᠤ ᠠᠮᠦᠷ ᠲᠥᠪᠰᠢᠨ ᠤ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠮᠠᠨ ᠤ ᠣᠷᠣᠨ ᠤ ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠪᠣᠯᠣᠨ ᠢᠳᠡᠭᠡᠨ ᠤ ᠠᠮᠦᠷ ᠲᠥᠪᠰᠢᠨ ᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠦᠷᠭᠡᠳᠭᠡᠨ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠡᠯ᠎ᠡ ᠬᠠᠮᠢᠶ᠎ᠠ ᠪᠦᠬᠦᠢ | ᠪᠦᠷᠢᠯᠳᠦᠭᠦᠨ ᠨᠢᠭᠡᠴᠡ ᠲᠠᠢ ᠬᠠᠮᠲᠤᠷᠠᠯᠴᠠᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ | ᠨᠢᠭᠡᠴᠡ ᠨᠦᠭᠦᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ︽ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠦᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠤᠯᠤᠰ ᠢᠶᠠᠨ ᠬᠠᠤᠯᠢ ᠪᠠᠷ ᠵᠠᠰᠬᠠᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ︾ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠦᠨᠳᠦᠷᠴᠡ ᠠᠴᠠ ᠢᠳᠡᠭᠡᠨ ᠤ ᠠᠮᠦᠷ ᠲᠥᠪᠰᠢᠨ ᠤ ᠠᠵᠢᠯ ᠢ | ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠤᠲᠠᠲᠠᠢ ᠠᠷᠭ᠎ᠠ | ᠬᠡᠮᠵᠢᠶ᠎ᠡ ᠶᠢ ᠲᠣᠭᠲᠠᠭᠠᠵᠤ᠂ ᠴᠠᠭ ᠬᠤᠭᠤᠴᠠᠭ᠎ᠠ ᠠᠬᠢᠴᠠ ᠶᠢ ᠲᠤᠳᠤᠷᠬᠠᠶᠢᠯᠠᠨ᠂ ᠲᠤᠰ ᠲᠤᠰ ᠤᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠶᠣᠰᠤᠭᠠᠷ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠤᠨ᠎ᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠢᠳᠡᠭᠡᠨ ᠤ ᠠᠮᠦᠷ | ᠲᠥᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ | ᠢᠳᠡᠭᠡᠨ ᠤ ᠠᠮᠦᠷ ᠲᠥᠪᠰᠢᠨ ᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ | ᠲᠤᠰ ᠭᠠᠵᠠᠷ ᠣᠷᠣᠨ ᠤ ᠢᠳᠡᠭᠡᠨ ᠤ ᠠᠮᠦᠷ ᠲᠥᠪᠰᠢᠨ ᠤ ᠠᠵᠢᠯ ᠢ ᠨᠢᠭᠡᠲᠦᠯᠲᠡᠢ ᠤᠳᠤᠷᠢᠳᠬᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠨ᠂ ᠲᠤᠰ ᠭᠠᠵᠠᠷ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ | ᠪᠤᠲᠠᠲᠠᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠡᠭᠦᠷᠭᠡ ᠶᠢᠨ ᠬᠠᠷᠠᠯᠲᠠ ᠶᠢ ᠪᠤᠲᠠᠲᠠᠶᠢᠵᠢᠭᠤᠯᠤᠨ | ᠨᠠᠷᠢᠯᠢᠬᠵᠢᠭᠤᠯᠵᠤ᠂ ᠪᠡᠶᠡᠯᠡᠭᠦᠯᠬᠦ ᠴᠠᠭ ᠬᠤᠭᠤᠴᠠᠭ᠎ᠠ᠂ ᠰᠢᠯᠭᠠᠨ ᠬᠢᠨᠠᠬᠤ ᠭᠦᠢᠴᠡᠳᠭᠡᠯ ᠲᠤᠭ᠎ᠠ ᠪᠣᠯᠣᠨ | ᠬᠠᠷᠢᠭᠤᠴᠠᠬᠤ ᠬᠦᠮᠦᠨ ᠢ ᠲᠤᠳᠤᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ | ᠨᠠᠶᠢᠳᠠᠪᠤᠷᠢᠵᠢᠭᠤᠯᠤᠨ᠎ᠠ᠃ ᠣᠯᠠᠨ ᠰᠠᠯᠠᠭ᠎ᠠ ᠮᠦᠴᠢᠷ ᠲᠤ ᠬᠤᠯᠪᠣᠭᠳᠠᠬᠤ ᠠᠵᠢᠯ ᠢ ᠲᠦᠷᠦᠭᠦᠯᠡᠭᠰᠡᠨ ᠰᠠᠯᠠᠭ᠎ᠠ | ᠮᠦᠴᠢᠷ ᠠᠴᠠ ᠵᠣᠬᠢᠴᠠᠭᠤᠯᠬᠤ ᠪᠠᠨ ᠴᠢᠩᠭᠠᠳᠬᠠᠵᠤ᠂ ᠪᠤᠰᠤᠳ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠶᠤᠰᠤᠭᠠᠷ ᠢᠳᠡᠪᠬᠢᠲᠡᠢ ᠳᠡᠮᠵᠢᠨ ᠬᠠᠮᠵᠢᠯᠴᠠᠵᠤ᠂ ᠪᠠᠶᠢᠷᠢᠯᠠᠭᠤᠯᠤᠯᠲᠠ ᠲᠠᠢ᠂ ᠰᠢᠮᠳᠠᠭᠤᠯᠤᠯᠳᠠ᠂ | ᠪᠠᠶᠢᠴᠠᠭᠠᠯᠲᠠ ᠲᠠᠢ᠂ ᠬᠠᠷᠢᠭᠤ ᠲᠤᠰᠬᠠᠯᠳᠠ ᠲᠠᠢ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠬᠤ ᠬᠡᠷᠡᠭᠲᠡᠢ᠃ | ᠢᠳᠡᠭᠡᠨ ᠤ ᠠᠮᠦᠷ ᠲᠥᠪᠰᠢᠨ ᠢ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠢᠳᠡᠭᠡᠨ ᠤ ᠠᠮᠦᠷ ᠲᠥᠪᠰᠢᠨ ᠢ ᠣᠷᠣᠨ ᠨᠣᠲᠤᠭ ᠤᠨ ᠵᠠᠰᠠᠭ ᠤᠨ ᠣᠷᠳᠤᠨ ᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠨᠡᠶᠢᠭᠡᠮ ᠤᠨ ᠬᠠᠮᠢᠶᠠᠷᠤᠯᠲᠠ ᠶᠢᠨ ᠶᠡᠷᠦᠩᠬᠡᠶᠢᠯᠡᠨ | ᠵᠠᠰᠠᠬᠤ ᠶᠢ ᠰᠢᠯᠭᠠᠨ ᠬᠢᠨᠠᠬᠤ ᠬᠡᠪᠴᠢᠶᠡᠨ ᠳᠤ ᠣᠷᠤᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ | ᠪᠠᠭ ᠪᠠ ᠬᠠᠮᠢᠶ᠎ᠠ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠴᠢᠬᠤᠯᠠ ᠦᠨᠳᠦᠰᠦ | ᠪᠠᠷᠢᠮᠲᠠ ᠪᠣᠯᠭᠠᠨ᠎ᠠ᠃ ᠵᠣᠷᠢᠬᠵᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ | ᠳ᠋ᠦᠩ ᠤᠨ ᠠᠰᠢᠭᠯᠠᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠢᠳᠡᠭᠡᠨ ᠤ ᠠᠮᠦᠷ ᠲᠥᠪᠰᠢᠨ ᠤ ᠵᠦᠪᠯᠡᠯ ᠵᠢᠴᠢ | ᠲᠡᠭᠦᠨ ᠤ ᠠᠯᠪᠠᠨ ᠭᠡᠷ ᠤᠳ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠳᠬᠠᠨ᠂ ᠵᠣᠬᠢᠴᠠᠭᠤᠯᠵᠤ ᠬᠤᠯᠪᠣᠭᠠᠯᠠᠨ | ᠬᠦᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ | ᠬᠠᠷᠢᠭᠤᠴᠠᠯᠭ᠎ᠠ ᠶᠢᠨ ᠪᠢᠴᠢᠭ ᠢ ᠳᠡᠰ ᠳᠡᠰ ᠢᠶᠠᠷ ᠲᠣᠭᠲᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ | ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠦᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠨ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠶᠢᠨ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ | ᠨᠢᠭᠡᠴᠡ ᠨᠦᠭᠦᠳ ᠳᠣᠣᠷᠠᠳᠣ ᠱᠠᠲᠤᠨ ᠤ ᠠᠵᠢᠯ ᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠤᠰ ᠲᠤᠰ ᠤᠨ | ᠡᠷᠬᠡ ᠮᠡᠳᠡᠯ ᠢᠶᠠᠨ ᠦᠨᠳᠦᠰᠦᠯᠡᠨ ᠣᠨ ᠤ ᠭᠤᠣᠯᠳᠠᠯᠭ᠎ᠠ ᠪᠣᠯᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ | ᠬᠢᠨᠠᠵᠤ ᠦᠨᠡᠯᠡᠬᠦ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠦᠷᠨᠢᠭᠦᠯᠵᠦ᠂ ᠡᠯ᠎ᠡ ᠵᠦᠢᠯ ᠤᠨ ᠠᠵᠢᠯ ᠢ | ᠯᠠᠪᠳᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ | ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠵᠤ᠂ ᠨᠠᠵᠠᠭᠠᠢ ᠬᠤᠶᠢᠷᠭᠤ᠂ ᠬᠠᠷᠢᠯᠴᠠᠨ ᠲᠦᠯᠬᠢᠯᠴᠠᠬᠦ᠂ ᠠᠵᠢᠯ ᠨᠢ | ᠪᠦᠲᠦᠮᠵᠢ ᠦᠭᠡᠢ ᠵᠡᠷᠭᠡ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠵᠢᠯᠯᠠᠭ᠎ᠠ ᠳᠤ | ᠬᠠᠷᠢᠭᠤᠴᠠᠯᠭ᠎ᠠ ᠬᠡᠯᠡᠯᠴᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠢᠯᠡᠰ ᠤᠨ | ᠠᠮᠦᠷ ᠲᠥᠪᠰᠢᠨ ᠤ ᠠᠳᠡᠯ ᠳᠤᠮᠳᠠ ᠬᠠᠷᠢᠭᠤᠴᠠᠯᠭ᠎ᠠ ᠡᠭᠦᠷᠭᠡᠯᠡᠬᠦ ᠬᠤᠯᠪᠣᠭᠳᠠᠯ ᠪᠦᠬᠦᠢ ᠬᠦᠮᠦᠰ ᠠᠴᠠ ᠬᠠᠤᠯᠢ | ᠴᠠᠭᠠᠵᠠ ᠰᠠᠬᠢᠯᠭ᠎ᠠ ᠪᠠᠲᠤ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |