| | ︽13᠂ 5︾ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ —— 2016 ᠣᠨ ᠳᠤ ᠳᠤᠮᠳᠠᠳᠤ | ᠤᠯᠤᠰ ᠤᠨ ᠠᠵᠤ ᠠᠬᠤᠶ ᠶᠠᠮᠠᠷ ᠶᠠᠮᠠᠷ ᠰᠢᠨ᠎ᠡ ᠬᠠᠨᠳᠤᠰᠢ ᠲᠠᠢ ᠪᠣᠢ︖ | 12 ᠳ᠋ᠤᠭᠠᠷ ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ ᠶᠠᠪᠤᠭᠳᠠᠭᠰᠠᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯᠳᠤᠭᠠᠨ ᠨᠢ ᠢᠷᠡᠬᠦ ᠵᠢᠯ ᠤᠨ ᠠᠵᠤ ᠠᠬᠤᠢ ᠶᠢᠨ ᠪᠠᠶᠢᠳᠠᠯ᠂ ᠲᠣᠭᠳᠠᠭᠤᠨ | ᠨᠡᠮᠡᠭᠳᠡᠯ ᠤᠨ ᠭᠤᠣᠯᠳᠠᠯᠭ᠎ᠠ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠠᠶᠢᠯᠳᠤᠬᠤ ᠠᠷᠭ᠎ᠠ ᠪᠣᠳᠤᠯᠭ᠎ᠠ | ᠡᠭᠦᠷᠭᠡ᠂ ᠴᠢᠬᠤᠯᠠ ᠦᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠭᠤᠣᠯ ᠠᠭᠤᠯᠭ᠎ᠠ ᠪᠠ ᠨᠡᠬᠡᠬᠡᠯᠲᠡ ᠶᠢᠨ ᠪᠠᠶᠢᠯᠳᠤᠬᠤ ᠪᠣᠳᠤᠯᠭ᠎ᠠ ᠳᠤ ᠲᠣᠳᠤᠷᠬᠠᠢ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠨᠡᠮᠡᠭᠳᠡᠯ ᠢ ᠲᠣᠭᠳᠠᠭᠤᠨ ᠪᠠᠶᠢᠯᠭᠠᠬᠤ ᠨᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃ | | ᠪᠠᠶᠢᠳᠠᠯ ᠠᠴᠠ ᠦᠵᠡᠪᠡᠯ᠄ ᠰᠢᠨ᠎ᠡ ᠬᠡᠪ ᠪᠠᠶᠢᠳᠠᠯ ᠳᠣᠣᠷ᠎ᠠ ᠦᠨᠳᠦᠰᠦᠨ ᠬᠠᠨᠳᠤᠰᠢ ᠰᠠᠶᠢᠵᠢᠷᠠᠵᠤ ᠪᠠᠶᠢᠪᠡᠴᠦ | ᠬᠦᠴᠢᠷᠳᠡᠯ ᠪᠣᠯᠤᠨ ᠦᠷᠢᠰᠦᠯᠳᠦᠭᠡᠨ ᠮᠦᠨ ᠲᠤᠯᠭᠠᠷᠠᠵᠤ ᠪᠠᠶᠢᠨ᠎ᠠ | 2016 ᠣᠨ ᠪᠣᠯ ︽13᠂ 5︾ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠰᠢᠨ᠎ᠡ ᠲᠠᠪᠤᠨ | ᠵᠢᠯ ᠳᠤ ᠳᠤᠮᠳᠠᠳᠤ ᠤᠯᠤᠰ ᠤᠨ ᠠᠵᠤ ᠠᠬᠤᠢ ᠶᠠᠮᠠᠷ ᠪᠠᠶᠢᠳᠠᠯ ᠳᠤ ᠲᠤᠯᠭᠠᠷᠠᠬᠤ ᠪᠣᠢ︖ | ᠬᠤᠷᠠᠯ ᠠᠴᠠ ᠮᠠᠨ ᠤ ᠤᠯᠤᠰ ᠤᠨ ᠠᠵᠤ ᠠᠬᠤᠢ ᠶᠢᠨ ᠲᠤᠯᠭᠠᠷᠠᠵᠤ ᠪᠠᠶᠢᠭ᠎ᠠ ᠪᠦᠬᠦᠶᠢᠯᠡ ᠪᠠᠶᠢᠳᠠᠯ ᠢ | ᠮᠠᠭᠠᠳᠯᠠᠨ ᠰᠣᠳᠤᠯᠤᠭᠠᠳ ᠵᠢᠭᠠᠵᠤ ᠭᠠᠷᠭᠠᠭᠰᠠᠨ ᠨᠢ᠂ ᠰᠢᠨ᠎ᠡ ᠬᠡᠪ ᠪᠠᠶᠢᠳᠠᠯ ᠢ ᠲᠠᠨᠢᠬᠤ᠂ ᠰᠢᠨ᠎ᠡ ᠬᠡᠪ ᠪᠠᠶᠢᠳᠠᠯ ᠳᠤ | ᠵᠣᠬᠢᠴᠠᠬᠤ᠂ ᠰᠢᠨ᠎ᠡ ᠬᠡᠪ ᠪᠠᠶᠢᠳᠠᠯ ᠢ ᠬᠥᠲᠥᠯᠥᠨ ᠳᠠᠭᠠᠭᠤᠯᠬᠤ ᠪᠣᠯ᠂ ᠣᠳᠣᠬᠠᠨ ᠪᠠ ᠬᠤᠶᠢᠰᠢᠳᠠ ᠶᠢᠨ ᠨᠢᠭᠡᠨ | ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠶᠡᠭᠡ ᠯᠣᠭᠢᠭ ᠮᠦᠨ᠂ ᠡᠨᠡ ᠨᠢ | ᠳᠡᠯᠡᠬᠡᠢ ᠶᠢᠨ ᠠᠵᠤ ᠠᠬᠤᠢ ᠶᠢᠨ ᠤᠷᠲᠤ ᠦᠶᠡᠯᠡᠯ ᠤᠨ ᠬᠤᠭᠤᠴᠠᠭ᠎ᠠ ᠪᠠ ᠮᠠᠨ ᠤ ᠤᠯᠤᠰ ᠤᠨ ᠬᠦᠭᠵᠢᠯᠲᠡ ᠶᠢᠨ | ᠱᠠᠳᠤ ᠦᠶ᠎ᠡ ᠶᠢᠨ ᠴᠢᠨᠠᠷᠲᠠᠶ ᠰᠢᠨᠵᠢ ᠲᠡᠮᠳᠡᠭ ᠵᠢᠴᠢ ᠲᠡᠭᠦᠨ ᠤ ᠬᠠᠷᠢᠯᠴᠠᠨ ᠦᠢᠯᠡᠴᠢᠯᠡᠯ ᠳᠤ ᠬᠢᠭᠰᠡᠨ | ᠶᠡᠷᠦᠩᠬᠡᠶᠢᠯᠡᠭᠰᠡᠨ ᠴᠢᠬᠤᠯᠠ ᠶᠡᠭᠡ ᠮᠠᠭᠠᠳᠯᠠᠯᠲᠠ ᠪᠣᠯᠤᠨ᠎ᠠ᠃ | ᠬᠤᠷᠠᠯ ᠠᠴᠠ ᠦᠵᠡᠭᠰᠡᠨ ᠨᠢ᠂ ᠨᠢᠭᠡ ᠲᠠᠯ᠎ᠠ ᠪᠠᠷ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ | ᠦᠨᠳᠦᠰᠦᠨ ᠲᠠᠯ᠎ᠠ ᠨᠢ ᠰᠠᠶᠢᠨ ᠪᠠᠶᠢᠵᠤ᠂ ᠳᠠᠯᠳᠠ ᠬᠦᠴᠦᠨ ᠶᠡᠭᠡ᠂ ᠤᠶᠠᠨ ᠴᠢᠨᠠᠷ ᠴᠢᠩᠭ᠎ᠠ᠂ ᠡᠷᠭᠢᠨ ᠲᠣᠭᠤᠷᠢᠮ | ᠦᠷᠭᠡᠨ᠂ ᠨᠦᠭᠦᠭᠡ ᠲᠠᠯ᠎ᠠ ᠪᠠᠷ ᠪᠠᠰᠠ ᠤᠯᠠᠨ ᠠᠷᠪᠢᠨ ᠬᠦᠴᠢᠷᠳᠡᠯ ᠪᠠ ᠦᠷᠢᠰᠦᠯᠳᠦᠭᠡᠨ ᠲᠤᠯᠭᠠᠷᠠᠵᠤ᠂ | ᠣᠨᠴᠠᠭᠠᠶᠢᠯᠠᠨ ᠪᠦᠲᠦᠴᠡ ᠶᠢᠨ ᠴᠢᠨᠠᠷᠲᠠᠢ ᠦᠢᠯᠡᠳᠪᠦᠷᠢᠯᠡᠯ ᠤᠨ ᠴᠢᠳᠠᠪᠤᠷᠢ ᠶᠢᠨ ᠦᠯᠡᠭᠦᠳᠡᠯ ᠨᠡᠯᠢᠶᠡᠳ ᠬᠦᠨᠳᠦ | ᠨᠣᠴᠢᠲᠠᠢ ᠪᠠᠶᠢᠨ᠎ᠠ᠃ | ᠡᠳ᠋ ᠤᠨ ᠵᠠᠰᠠᠭ ᠤᠨ ᠶᠠᠮᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠣᠳᠤᠯᠬᠤ ᠭᠠᠵᠠᠷ ᠤᠨ | ᠤᠤᠯ ᠤᠨ ᠳᠠᠷᠤᠭ᠎ᠠ᠂ ᠳᠤᠮᠳᠠᠳᠤ ᠶᠢᠨ ᠰᠢᠨ᠎ᠡ ᠬᠠᠩᠭᠠᠯᠭ᠎ᠠ ᠶᠢᠨ ᠠᠵᠤ ᠠᠬᠤᠶ ᠶᠢᠨ ᠤᠬᠠᠭᠠᠨ ᠤ ᠰᠣᠳᠤᠯᠬᠤ | ᠬᠦᠷᠢᠶᠡᠯᠡᠩ ᠤᠨ ᠳᠠᠷᠤᠭ᠎ᠠ ᠵᠢᠶ᠋ᠨ ᠺᠠᠩ ᠵᠢᠭᠠᠨ ᠭᠠᠷᠭᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠠᠴᠠ ᠠᠵᠤ ᠠᠬᠤᠢ ᠶᠢᠨ ᠪᠠᠶᠢᠳᠠᠯ ᠳᠤ ᠬᠢᠭᠰᠡᠨ ᠮᠠᠭᠠᠳᠯᠠᠯᠲᠠ ᠨᠢ᠂ ᠮᠠᠨ ᠤ ᠤᠯᠤᠰ ᠤᠨ ᠪᠦᠬᠦᠶᠢᠯᠡ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠠ ᠠᠵᠢᠯ ᠣᠯᠭᠤᠬᠤ ᠨᠢ ᠤᠶᠠᠨ ᠴᠢᠨᠠᠷ ᠢ ᠲᠣᠳᠤᠷᠬᠠᠶᠢᠯᠠᠬᠤ ᠶᠢᠨ | ᠬᠠᠮᠲᠤ᠂ ᠪᠠᠰᠠ ᠪᠦᠲᠦᠴᠡ ᠶᠢᠨ ᠲᠣᠬᠢᠷᠠᠭᠤᠯᠯᠤᠯᠲᠠ ᠶᠢᠨ ᠡᠪᠡᠷᠰᠢᠶᠡᠯ ᠢ ᠡᠷᠬᠡᠪᠰᠢ ᠲᠡᠰᠪᠦᠷᠢᠯᠡᠵᠦ᠂ ᠨᠢᠭᠡ ᠪᠦᠯᠦᠭ | ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠬᠤ ᠠᠵᠤ ᠠᠬᠤᠶᠢᠯᠠᠯ ᠢ ᠰᠢᠭᠰᠢᠭᠳᠡᠭᠦᠯᠦᠨ᠎ᠡ ᠭᠡᠪᠡ᠃ | ᠲᠥᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠰᠣᠳᠤᠯᠤᠭᠴᠢ | ᠵᠠᠩ ᠯᠢ ᠴᠢᠶᠦᠨ ᠤ ᠦᠵᠡᠬᠦ ᠪᠠᠷ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠵᠤ ᠪᠠᠶᠢᠭ᠎ᠠ | ᠢᠳᠡᠪᠬᠢᠲᠡᠶ ᠦᠷ᠎ᠡ ᠪᠦᠲᠦᠮᠵᠢ ᠶᠢ ᠣᠯᠵᠤ ᠬᠠᠷᠠᠨ᠂ ᠢᠷᠡᠭᠡᠳᠦᠢ ᠶᠢᠨ ᠠᠵᠢᠯ ᠤᠨ ᠢᠲᠡᠭᠡᠯ ᠢᠶᠠᠨ ᠨᠡᠮᠡᠭᠳᠡᠭᠦᠯᠵᠦ᠂ | ᠲᠦᠭᠰᠢᠭᠦᠷᠢᠲᠦ ᠴᠢᠭ ᠪᠠ ᠲᠣᠭᠳᠠᠭᠤᠨ ᠪᠤᠰᠤ ᠴᠢᠨᠠᠷ ᠢ ᠣᠯᠵᠤ ᠬᠠᠷᠠᠨ᠂ ᠲᠣᠭᠲᠠᠭᠤᠨ ᠤ ᠳᠤᠮᠳᠠ ᠤᠷᠤᠭᠰᠢᠯᠠᠵᠤ | ᠪᠠᠶᠢᠭ᠎ᠠ ᠰᠠᠶᠢᠨ ᠪᠠᠶᠢᠳᠠᠯ ᠢ ᠪᠠᠷᠢᠮᠳᠠᠯᠠᠵᠤ᠂ ᠠᠵᠤ ᠠᠬᠤᠶ ᠶᠢᠨ ᠬᠥᠭᠵᠢᠯᠲᠡ ᠨᠢ ᠳᠤᠮᠳᠠ ᠳᠡᠭᠡᠳᠦ ᠬᠤᠷᠳᠤᠴᠠ ᠪᠠᠷ | ᠨᠡᠮᠡᠭᠳᠡᠬᠦ ᠰᠢᠨ᠎ᠡ ᠬᠡᠪ ᠪᠠᠶᠢᠳᠠᠯ ᠢ ᠲᠣᠭᠳᠠᠭᠤᠬᠠᠨ ᠪᠠᠶᠢᠯᠭᠠᠬᠤ ᠬᠡᠷᠡᠭᠲᠡᠢ ᠭᠡᠪᠡ᠃ | ᠨᠡᠮᠡᠭᠳᠡᠯ ᠠᠴᠠ ᠦᠵᠡᠪᠡᠯ᠄ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠨᠡᠩ ᠴᠢᠬᠤᠯᠠᠴᠢᠯᠠᠬᠤ ᠬᠡᠷᠡᠭᠲᠡᠢ | ᠠᠵᠤ ᠠᠬᠤᠢ ᠶᠢᠨ ᠬᠦᠭᠵᠢᠯᠲᠡ ᠶᠢ ᠬᠦᠲᠦᠯᠦᠨ ᠳᠠᠭᠠᠭᠤᠯᠬᠤ ᠰᠢᠨ᠎ᠡ ᠬᠡᠪ ᠪᠠᠶᠢᠳᠠᠯ ᠤᠨ ᠱᠠᠭᠠᠷᠳᠠᠯᠭ᠎ᠠ | ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ ᠤᠳᠠᠭᠠᠰᠢᠷᠠᠭᠰᠠᠨ | ᠪᠣᠯᠪᠠᠴᠤ᠂ ᠬᠦᠭᠵᠢᠯᠲᠡ ᠳᠡᠭᠡᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢᠨ ᠳᠡᠭᠡᠭᠰᠢᠯᠡᠭᠦᠯᠦᠯᠲᠡ ᠶᠢ | ᠨᠡᠩ ᠴᠢᠬᠤᠯᠠᠴᠢᠯᠠᠪᠠ᠃ | ᠡᠨᠡ ᠵᠢᠯ ᠤᠨ ᠡᠮᠦᠨ᠎ᠡ ᠭᠤᠷᠪᠠᠨ ᠤᠯᠠᠷᠢᠯ ᠳᠤ ᠮᠠᠨ ᠤ ᠤᠯᠤᠰ ᠤᠨ GDP ᠦᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠪᠠᠯ 6.9% ᠪᠠᠷ ᠨᠡᠮᠡᠭᠳᠡᠪᠡ᠃ 11 ᠳ᠋ᠦ᠋ᠭᠡᠷ ᠰᠠᠷ᠎ᠠ ᠳᠤ ᠨᠡᠶᠢᠲᠡᠯᠡᠭᠰᠡᠨ ︽ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠦᠯᠦᠪᠵᠢᠭᠦᠯᠭᠡ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠤᠮᠵᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ᠂ ᠳᠤᠮᠳᠠᠳᠤ ᠤᠯᠤᠰ ᠤᠨ ᠠᠵᠤ | ᠠᠬᠤᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠬᠠᠷᠠᠯᠲᠠ ᠶᠢ ᠪᠠᠷᠢᠮᠳᠠᠯᠠᠵᠤ᠂ 2016 ᠣᠨ ᠠᠴᠠ 2020 | ᠣᠨ ᠬᠦᠷᠲᠡᠯᠡᠬᠢ ᠠᠵᠤ ᠠᠬᠤᠢ ᠶᠢᠨ ᠵᠢᠯ ᠪᠦᠷᠢ ᠨᠡᠮᠡᠭᠳᠡᠬᠦ ᠳᠣᠣᠷᠠᠳᠣ ᠬᠢᠵᠠᠭᠠᠷ ᠢ 6.5% ᠠᠴᠠ ᠳᠡᠭᠡᠭᠰᠢ | ᠪᠠᠶᠢᠯᠭᠠᠨ᠎ᠠ ᠭᠡᠪᠡ᠃ | ᠲᠣᠭᠠᠨ ᠤ ᠠᠷᠤ ᠳᠠᠬᠢ ᠨᠡᠮᠡᠭᠳᠡᠯ ᠤᠨ ᠬᠥᠳᠡᠯᠭᠡᠬᠦ ᠬᠦᠴᠦᠨ ᠤ ᠲᠤᠬᠠᠢ᠂ ᠬᠤᠷᠠᠯ ᠠᠴᠠ ᠴᠢᠬᠤᠯᠠᠴᠢᠯᠠᠭᠰᠠᠨ | ᠨᠢ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ᠂ | ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠪᠠ ᠬᠥᠲᠥᠯᠥᠨ ᠵᠢᠯᠣᠭᠤᠳᠬᠤ ᠴᠢᠬᠤᠯᠠ | ᠶᠡᠭᠡ ᠰᠢᠨ᠎ᠡ ᠡᠭᠦᠳᠦᠯᠲᠡ ᠮᠦᠨ᠂ ᠤᠯᠠᠨ ᠤᠯᠤᠰ ᠤᠨ ᠮᠦᠩᠭᠦᠨ ᠭᠦᠢᠯᠡᠭᠡᠭᠡᠨ ᠤ ᠬᠢᠮᠤᠷᠠᠯ ᠡᠭᠦᠰᠦᠭᠰᠡᠨ ᠤ | ᠳᠠᠷᠠᠭᠠᠬᠢ ᠶᠡᠷᠦᠩᠬᠡᠶᠢᠯᠡᠭᠰᠡᠨ ᠤᠯᠤᠰ ᠤᠨ ᠬᠦᠴᠦᠨ ᠤ ᠦᠷᠢᠰᠦᠯᠳᠦᠭᠡᠨ ᠤ ᠰᠢᠨ᠎ᠡ ᠪᠠᠶᠢᠳᠠᠯ ᠳᠤ ᠵᠣᠬᠢᠴᠠᠬᠤ | ᠰᠠᠨᠠᠭᠠᠴᠢᠯᠠᠭᠠᠲᠤ ᠰᠤᠩᠭᠤᠯᠲᠠ ᠮᠦᠨ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ | ᠪᠠᠶᠢᠳᠠᠯ ᠳᠤ ᠵᠣᠬᠢᠴᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ ᠭᠡᠪᠡ᠃ | ᠪᠣᠳᠠᠲᠠᠢ ᠠᠴᠠ ᠦᠵᠡᠪᠡᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠳᠬᠠᠬᠤ ᠳᠤ ᠬᠠᠷᠢᠯᠴᠠᠨ | ᠤᠶᠠᠯᠳᠤᠵᠤ ᠬᠡᠷᠡᠭᠵᠢᠭᠦᠯᠬᠦ ᠲᠠᠪᠤᠨ ᠶᠡᠭᠡ ᠲᠦᠷᠦ ᠶᠢᠨ ᠪᠤᠳᠤᠯᠭ᠎ᠠ ᠶᠢᠨ ᠲᠦᠰᠢᠭ ᠲᠤᠯᠭᠠᠭᠤᠷᠢ ᠶᠢ ᠳᠤᠷᠠᠳᠴᠠᠢ᠃ | ᠨᠢᠭᠡ ᠳᠤ ᠬᠤᠷᠸ᠎ᠠ ᠲᠦᠷᠦ ᠶᠢᠨ ᠪᠤᠳᠤᠯᠭ᠎ᠠ ᠶᠢ ᠲᠣᠭᠲᠠᠭᠤᠨ ᠪᠠᠶᠢᠯᠭᠠᠵᠤ᠂ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠳᠤ ᠲᠣᠭᠳᠠᠭᠤᠨ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ︔ | ᠬᠤᠶᠠᠷ ᠲᠤ ᠠᠵᠤ ᠦᠢᠯᠡᠰ ᠤᠨ ᠲᠥᠷᠦ ᠶᠢᠨ ᠪᠣᠳᠤᠯᠭ᠎ᠠ ᠣᠨᠤᠪᠴᠢᠲᠠᠢ ᠪᠠᠶᠢᠵᠤ᠂ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠲᠣᠭᠲᠠᠭᠠᠬᠤ ᠬᠡᠷᠡᠭᠲᠡᠢ︔ ᠭᠤᠷᠪᠠ ᠳᠤ ᠬᠤᠮᠠᠬᠢ ᠲᠦᠷᠦ ᠶᠢᠨ | ᠪᠤᠳᠤᠯᠭ᠎ᠠ ᠶᠢ ᠠᠮᠢᠳᠤᠯᠢᠭ ᠪᠠᠶᠢᠯᠭᠠᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠠᠵᠤ ᠠᠬᠤᠶᠢᠯᠠᠯ ᠤᠨ | ᠠᠮᠢᠳᠤ ᠰᠤᠷᠭᠤᠭ ᠬᠦᠴᠦᠨ ᠪᠠ ᠬᠡᠷᠡᠭᠯᠡᠭᠴᠢᠳ ᠤᠨ ᠳᠠᠯᠳᠠ ᠬᠦᠴᠦᠨ ᠢ ᠬᠦᠭᠵᠢᠭᠡᠬᠦ ᠶᠢ ᠲᠡᠭᠦᠯᠳᠡᠷᠵᠢᠭᠦᠯᠬᠦ ᠬᠡᠷᠡᠭᠲᠡᠢ︔ | ᠳᠥᠷᠪᠡ ᠳᠤ ᠦᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠪᠣᠳᠠᠲᠠᠢ ᠪᠠᠶᠢᠵᠤ᠂ ᠦᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠠᠬᠢᠭᠤᠯᠬᠤ ᠬᠡᠷᠡᠭᠲᠡᠢ︔ ᠲᠠᠪᠤ ᠳᠤ ᠨᠡᠶᠢᠭᠡᠮ ᠤᠨ | ᠲᠥᠷᠦ ᠶᠢᠨ ᠪᠣᠳᠤᠯᠭ᠎ᠠ ᠶᠢᠨ ᠰᠠᠭᠤᠷᠢ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠳᠣᠣᠷ᠎ᠠ ᠬᠢᠵᠠᠭᠠᠷ ᠢ ᠪᠠᠲᠤ | ᠰᠠᠬᠢᠬᠤ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶ᠎ᠡ ᠶᠢᠨ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠬᠢ ᠪᠠᠶᠠᠯᠢᠭ | ᠬᠢᠭᠡᠳ ᠣᠷᠴᠢᠨ ᠲᠣᠭᠤᠷᠢᠨ ᠤ ᠲᠦᠷᠦ ᠶᠢᠨ ᠪᠤᠳᠤᠯᠭ᠎ᠠ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢᠦ | ᠵᠢᠶᠦ᠋ᠨ ᠠᠴᠠ᠂ 2016 ᠣᠨ ᠳᠤ ᠳᠤᠮᠳᠠᠳᠤ ᠤᠯᠤᠰ ᠤᠨ ᠠᠵᠤ ᠠᠬᠤᠶ ᠮᠦᠨᠴᠦ ᠪᠠᠭᠤᠷᠠᠯᠲᠠ ᠶᠢᠨ ᠶᠠᠪᠤᠴᠠ ᠳᠤ | ᠣᠷᠣᠰᠢᠬᠤ ᠪᠣᠯᠣᠨ᠎ᠠ᠃ ᠲᠥᠪ ᠬᠤᠷᠢᠶ᠎ᠠ ᠠᠴᠠ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠳᠤᠷᠠᠳᠤᠭᠰᠠᠨ ᠤ ᠡᠴᠦᠰ ᠤᠨ ᠵᠣᠷᠢᠯᠭ᠎ᠠ ᠪᠣᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠴᠢ ᠬᠦᠴᠦ ᠶᠢ ᠪᠣᠶᠢᠵᠢᠭᠤᠯᠬᠤ ᠪᠣᠯᠣᠨ᠎ᠠ᠂ ᠤᠷᠲᠤᠪᠲᠤᠷ ᠪᠠ ᠤᠷᠲᠤ ᠬᠤᠭᠤᠴᠠᠭᠠᠨ ᠠᠴᠠ ᠦᠵᠡᠪᠡᠯ ᠡᠨᠡ | ᠨᠢ ᠲᠣᠭᠲᠠᠭᠤᠨ ᠢᠶᠠᠷ ᠨᠡᠮᠡᠭᠳᠡᠭᠦᠯᠬᠦ ᠲᠠᠢ ᠨᠢᠭᠡᠳᠦᠯᠲᠡᠶ ᠶᠤᠮ ᠭᠡᠪᠡ᠃ | ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠠᠵᠤ ᠠᠬᠤᠶ ᠶᠢᠨ | ᠨᠡᠮᠡᠭᠳᠡᠯ ᠤᠨ ᠲᠣᠭᠲᠠᠪᠤᠷᠢᠵᠢᠭᠤᠯᠤᠯᠲᠠ ᠶᠢ ᠨᠡᠩ ᠢᠯᠡᠭᠦᠦ ᠴᠢᠬᠤᠯᠠᠴᠢᠯᠠᠬᠤ ᠨᠢ ᠠᠷᠠᠳ ᠢᠷᠭᠡᠳ ᠤᠨ ᠠᠮᠢᠳᠤᠷᠠᠯ | ᠲᠠᠢ ᠶᠠᠮᠠᠷ ᠬᠠᠷᠢᠴᠠᠭ᠎ᠠ ᠲᠠᠢ ᠪᠤᠢ︖ ︽ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠲᠣᠭᠲᠠᠭᠠᠭᠰᠠᠨ ᠨᠢ ᠠᠷᠠᠳ ᠢᠷᠭᠡᠳ ᠤᠨ ᠳᠡᠷᠭᠡᠳᠡᠬᠢ ᠰᠢᠨ᠎ᠡ ᠬᠡᠷᠡᠭᠯᠡᠭᠡᠨ ᠤ ᠵᠠᠭᠪᠤᠷ ᠤᠨ | ᠬᠠᠨᠭ᠍ᠭᠠᠯᠭ᠎ᠠ ᠶᠢ ᠨᠡᠩ ᠴᠢᠬᠤᠯᠠᠴᠢᠯᠠᠵᠤ ᠪᠠᠶᠢᠬᠤ ᠶᠢ ᠬᠠᠷᠠᠭᠤᠯᠤᠨ᠎ᠠ᠃︾ ᠭᠤᠸᠠᠩ ᠹᠠ ᠰᠠᠭᠤᠷᠢ ᠮᠥᠡᠭᠭᠦᠨ ᠤ | ᠰᠤᠳᠤᠯᠤᠭᠴᠢ᠂ ᠳᠡᠳ᠋ ᠶᠡᠷᠦᠩᠬᠡᠶ ᠳᠠᠭᠠᠭᠠᠮᠠᠯ ᠵᠦ ᠫᠢᠡᠭ ᠠᠴᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠨᠢ ᠠᠷᠠᠳ ᠢᠷᠭᠡᠳ ᠲᠠᠢ ᠨᠢᠭᠲᠠ ᠬᠤᠯᠪᠣᠭ᠎ᠠ ᠲᠠᠢ ᠪᠠᠶᠢᠵᠤ᠂ ᠰᠢᠨ᠎ᠡ ᠬᠡᠷᠡᠭᠯᠡᠭᠡ ᠪᠣᠯᠣᠨ | ᠦᠢᠯᠡᠴᠢᠯᠡᠭᠡᠨ ᠤ ᠦᠢᠯᠡᠰ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠳᠤ ᠪᠠᠰᠠ ᠨᠢᠭᠡᠨ ᠬᠥᠳᠡᠯᠭᠡᠭᠴᠢ ᠬᠦᠴᠦ | ᠪᠣᠯᠵᠤ᠂ ᠢᠷᠡᠭᠡᠳᠦᠶ ᠳᠤ ᠳᠤᠮᠳᠠᠳᠤ ᠤᠯᠤᠰ ᠤᠨ GDP ᠳᠤ ᠡᠵᠡᠯᠡᠬᠦ ᠬᠤᠪᠢ ᠶᠢᠨ ᠵᠢᠩ ᠠᠯᠬᠤᠮ ᠠᠯᠬᠤᠮ ᠢᠶᠠᠷ | ᠳᠡᠭᠡᠭᠰᠢᠯᠡᠬᠦ ᠪᠣᠯᠣᠨ᠎ᠠ ᠭᠡᠵᠦ ᠦᠵᠡᠪᠡ᠃ | ᠡᠭᠦᠷᠭᠡ ᠶᠢ ᠠᠵᠢᠭᠯᠠᠪᠠᠯ᠄ ᠪᠠᠶᠢᠯᠳᠤᠬᠤ ᠠᠷᠭ᠎ᠠ ᠶᠢᠨ ᠲᠠᠯ᠎ᠠ ᠪᠠᠷ ᠲᠠᠪᠤᠨ ᠶᠡᠭᠡ ᠵᠠᠩᠭᠢᠯᠠᠭ᠎ᠠ ᠶᠢᠨ ᠴᠢᠭ᠋ ᠢ | ᠠᠳᠬᠤᠬᠤ ᠬᠡᠷᠡᠭᠲᠡᠢ | 2016 ᠣᠨ ᠤ ᠳᠤᠮᠳᠠᠳᠤ ᠤᠯᠤᠰ ᠤᠨ ᠠᠵᠤ ᠠᠬᠤᠶ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢᠨ ᠡᠭᠦᠷᠭᠡ ᠮᠠᠰᠢ ᠨᠦᠰᠡᠷ ᠬᠦᠨᠳᠦ ᠶᠤᠮ᠃ ᠡᠭᠦᠨ ᠳᠤ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠠᠴᠠ ︽ᠪᠠᠶᠢᠯᠳᠤᠬᠤ ᠪᠤᠳᠤᠯᠭ᠎ᠠ︾ ᠪᠣᠯᠣᠨ ︽ᠪᠠᠶᠢᠯᠳᠤᠬᠤ ᠠᠷᠭ᠎ᠠ︾ ᠶᠢᠨ ᠲᠠᠯ᠎ᠠ ᠪᠠᠷ | ᠲᠣᠬᠢᠷᠠᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠲᠣᠭᠲᠠᠭᠤᠨ ᠪᠠᠶᠢᠯᠭᠠᠬᠤ ᠶᠢᠨ ᠬᠠᠮᠲᠤ | ᠤᠷᠤᠭᠰᠢᠯᠠᠬᠤ ᠶᠢ ᠪᠠᠷᠢᠮᠲᠠᠯᠠᠨ᠂ ᠠᠶᠢᠵᠠᠮ ᠪᠣᠯᠣᠨ ᠡᠷᠴᠢᠮ ᠢ ᠰᠠᠶᠢᠲᠤᠷ ᠡᠵᠡᠮᠳᠡᠵᠦ᠂ ᠪᠠᠶᠢᠯᠳᠤᠬᠤ ᠠᠷᠭ᠎ᠠ ᠶᠢᠨ | ᠲᠠᠯ᠎ᠠ ᠪᠠᠷ ᠵᠠᠩᠭᠢᠯᠠᠭ᠎ᠠ ᠶᠢᠨ ᠴᠢᠭ᠋ ᠢ ᠠᠳᠬᠤᠵᠤ᠂ ᠭᠤᠣᠯᠳᠠᠭᠤ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ | ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠂ ᠬᠦᠰᠢᠭᠦᠷᠭᠡ ᠶᠢ ᠦᠭᠡᠶᠢᠰᠭᠡᠬᠦ᠂ ᠥᠪᠡᠷ ᠤᠨ ᠥᠷᠲᠡᠭ ᠢ | ᠪᠠᠭᠤᠷᠠᠭᠤᠯᠬᠤ᠂ ᠳᠤᠲᠠᠭᠳᠠᠯ ᠢ ᠨᠥᠬᠦᠪᠥᠷᠢᠯᠡᠬᠦ ᠲᠠᠪᠤᠨ ᠶᠡᠭᠡ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ᠃ | ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠭ᠎ᠠ ᠲᠠᠯ᠎ᠠ ᠶᠢ ᠢᠳᠡᠪᠬᠢᠲᠡᠶ ᠯᠠᠪᠳᠠᠭᠤᠨ ᠲᠣᠬᠢᠷᠠᠮᠵᠢᠲᠠᠢ | ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠠᠷᠢᠴᠠᠭ᠎ᠠ ᠶᠢ ᠲᠣᠬᠢᠷᠠᠮᠵᠢᠲᠠᠢ ᠰᠢᠢᠳᠪᠦᠷᠢᠯᠡᠵᠦ᠂ ᠠᠯᠢ ᠪᠣᠯᠬᠤ ᠪᠠᠷ | ᠢᠯᠡᠭᠦᠬᠡᠨ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠵᠤ᠂ ᠴᠥᠭᠡᠬᠡᠨ ᠲᠠᠮᠫᠦᠷᠠᠭᠤᠯᠤᠨ ᠢᠯᠭᠠᠷᠠᠭᠤᠯᠤᠨ ᠪᠣᠳᠣᠵᠣ᠂ | ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ ᠬᠤᠷᠠᠯ ᠠᠴᠠ ᠳᠤᠷᠠᠳᠤᠭᠰᠠᠨ ᠤ ᠬᠠᠮᠲᠤ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ ᠰᠢᠨ᠎ᠡ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠶᠢ | ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ | ᠠᠵᠤ ᠠᠬᠤᠶᠢᠯᠠᠯ ᠢ ᠬᠠᠪᠰᠤᠷᠴᠤ ᠥᠪᠡᠷ ᠤᠨ ᠦᠷᠳᠡᠭ ᠢ ᠨᠢ ᠪᠠᠭᠤᠷᠠᠭᠤᠯᠬᠤ ᠲᠠᠯ᠎ᠠ ᠪᠠᠷ᠂ ᠬᠤᠷᠠᠯ ᠳᠤ | ᠪᠣᠳᠠᠲᠤ ᠴᠣᠭᠴᠠ ᠶᠢᠨ ᠠᠵᠤ ᠠᠬᠤᠶ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ | ᠠᠵᠢᠯᠯᠠᠭ᠎ᠠ ᠥᠷᠨᠢᠭᠦᠯᠬᠦ ᠶᠢ ᠳᠤᠷᠠᠳᠴᠤ᠂ ︽ᠬᠠᠮ ᠲᠥᠷᠥ ᠶᠢᠨ ᠪᠣᠳᠣᠯᠭ᠎ᠠ︾ ᠭᠠᠷᠭᠠᠵᠠᠶ᠃ ᠡᠭᠦᠨ ᠳᠤ᠂ | ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠦᠷᠳᠡᠭ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠠᠵᠤ | ᠠᠬᠤᠶᠢᠯᠠᠯ ᠤᠨ ᠡᠳ᠋ ᠤᠨ ᠶᠠᠪᠤᠳᠠᠯ ᠤᠨ ᠥᠪᠡᠷ ᠤᠨ ᠦᠷᠲᠡᠭ᠂ ᠴᠠᠬᠢᠯᠭᠠᠨ ᠬᠦᠴᠦᠨ ᠤ ᠦᠨ᠎ᠡ ᠬᠠᠩᠰᠢ ᠵᠢᠴᠢ ᠡᠳ᠋ | ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃ | ᠭᠡᠷ ᠪᠠᠶᠢᠰᠢᠩ ᠭᠠᠵᠠᠷ ᠬᠦᠷᠦᠩᠭᠡ ᠶᠢᠨ ᠬᠥᠮᠥᠷᠭᠡ ᠶᠢᠨ ᠬᠠᠳᠠᠭᠠᠯᠠᠮᠵᠢ ᠶᠢ ᠰᠢᠢᠳᠪᠦᠷᠢᠯᠡᠬᠦ ᠲᠠᠯ᠎ᠠ ᠪᠠᠷ᠂ | ᠬᠥᠯᠥᠰᠥᠨ ᠠᠵᠢᠯᠴᠢᠳ ᠢ ᠬᠤᠲᠠ ᠶᠢᠨ ᠠᠷᠠᠳ ᠪᠣᠯᠭᠠᠬᠤ ᠶᠢ ᠲᠥᠷᠭᠡᠳᠬᠡᠬᠦ ᠪᠠᠷ ᠳᠠᠮᠵᠢᠭᠤᠯᠤᠨ᠂ ᠪᠦᠲᠦᠮᠵᠢᠲᠡᠶ | ᠬᠡᠷᠡᠭᠴᠡᠭᠡ ᠶᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡᠨ ᠤ ᠵᠠᠮ ᠢ ᠨᠡᠪᠲᠡᠷᠡᠭᠦᠯᠦᠨ᠂ ᠬᠥᠮᠦᠷᠭᠡ ᠶᠢᠨ | ᠬᠠᠳᠠᠭᠠᠯᠠᠮᠵᠢ ᠶᠢ ᠦᠭᠡᠶᠢᠰᠬᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ | ᠲᠣᠭᠲᠠᠪᠤᠷᠵᠢᠭᠤᠯᠬᠤ ᠶᠢ ᠳᠤᠷᠠᠳᠤᠪᠠ᠃ ᠡᠭᠦᠨ ᠤ ᠬᠠᠮᠲᠤ ᠪᠠᠰᠠ ᠤᠯᠠᠨ ᠨᠡᠶᠢᠲᠡ ᠶᠢᠨ ᠭᠡᠷ ᠲᠦᠷᠢᠶᠡᠰᠦᠯᠡᠯ ᠤᠨ | ᠡᠷᠬᠡ ᠶᠢ ᠡᠷᠥᠭᠡ ᠠᠮᠠ ᠶᠢᠨ ᠪᠤᠰᠤ ᠬᠥᠮᠦᠨ ᠠᠮᠠ ᠬᠦᠷᠲᠡᠯ᠎ᠡ ᠥᠷᠭᠡᠳᠬᠡᠬᠦ᠂ ᠭᠡᠷ ᠪᠠᠶᠢᠰᠢᠩ ᠭᠠᠵᠠᠷ ᠬᠦᠷᠦᠩᠭᠡ ᠶᠢ | ᠨᠡᠭᠡᠭᠡᠨ ᠠᠰᠢᠭᠯᠠᠬᠤ ᠠᠵᠤ ᠠᠬᠤᠶᠢᠯᠠᠯ ᠢ ᠵᠣᠷᠢᠭᠵᠢᠭᠤᠯᠤᠨ ᠦᠨ᠎ᠡ ᠬᠠᠨᠭ᠍ᠰᠢ ᠶᠢ ᠪᠠᠭᠤᠷᠠᠭᠤᠯᠬᠤ᠂ ᠴᠠᠭ ᠦᠶ᠎ᠡ ᠠᠴᠠ | ᠬᠤᠴᠣᠷᠣᠭᠰᠠᠨ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠶᠢ | ᠳᠤᠷᠠᠳᠤᠨ ᠭᠠᠷᠭᠠᠵᠠᠶ᠃ | ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠲᠠᠯ᠎ᠠ ᠪᠠᠷ᠂ ᠬᠤᠷᠠᠯ ᠠᠴᠠ ᠶᠠᠳᠠᠭᠤ ᠶᠢ ᠲᠡᠳᠬᠦᠬᠦ ᠪᠡᠷᠬᠡ | ᠰᠡᠳᠦᠪ ᠢ ᠰᠢᠢᠳᠪᠦᠷᠢᠯᠡᠬᠦ᠂ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠲᠡᠰ | ᠳᠡᠪᠰᠢᠭᠦᠯᠬᠦ ᠶᠢ ᠳᠡᠮᠵᠢᠬᠦ᠂ ᠡᠯ᠎ᠡ ᠲᠦᠷᠦᠯ ᠤᠨ ᠰᠢᠨ᠎ᠡ ᠡᠭᠦᠳᠦᠯᠲᠡ ᠶᠢ ᠪᠤᠶᠢᠵᠢᠭᠤᠯᠬᠤ᠂ ᠰᠠᠭᠤᠷᠢ ᠪᠡᠯᠡᠳᠬᠡᠮᠵᠢ ᠶᠢ | ᠪᠠᠶᠢᠭᠤᠯᠬᠤ᠂ ᠬᠥᠳᠡᠯᠮᠦᠷᠢᠴᠢᠳ ᠢ ᠵᠠᠬ᠎ᠠ ᠳᠡᠯᠭᠡᠭᠦᠷ ᠲᠠᠢ ᠲᠣᠬᠢᠷᠠᠯᠴᠠᠭᠤᠯᠬᠤ᠂ ᠬᠥᠳᠡᠭᠡ ᠠᠵᠤ ᠠᠬᠤᠶ ᠶᠢᠨ | ᠦᠢᠯᠡᠳᠪᠦᠷᠢᠯᠡᠯ ᠢ ᠰᠠᠶᠢᠲᠤᠷ ᠠᠳᠬᠤᠬᠤ ᠵᠡᠷᠭᠡ ᠲᠠᠯ᠎ᠠ ᠠᠴᠠ ᠰᠢᠨ᠎ᠡ ᠠᠷᠭ᠎ᠠ ᠵᠠᠮ ᠳᠤᠷᠠᠳᠤᠭᠰᠠᠨ ᠪᠠᠶᠢᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ᠂ ᠬᠤᠷᠠᠯ ᠠᠴᠠ ᠢᠲᠡᠭᠡᠮᠵᠢ ᠶᠢᠨ | ᠭᠡᠷ᠎ᠡ ᠶᠢ ᠵᠦᠷᠢᠴᠡᠭᠰᠡᠳ ᠢ ᠬᠠᠤᠯᠢ ᠶᠣᠰᠣᠭᠠᠷ ᠰᠢᠢᠳᠪᠦᠷᠢᠯᠡᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠬᠤ᠂ ᠪᠦᠬᠦ ᠲᠠᠯ᠎ᠠ ᠪᠠᠷ ᠬᠢᠨᠠᠨ ᠬᠠᠮᠢᠶᠠᠷᠬᠤ ᠶᠢ | ᠴᠢᠩᠭᠠᠳᠬᠠᠬᠤ ᠵᠡᠷᠭᠡ ᠡᠭᠦᠷᠭᠡ ᠶᠢ ᠳᠤᠷᠠᠳᠤᠨ ᠭᠠᠷᠭᠠᠪᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠯᠤᠰ ᠤᠨ ᠬᠥᠭᠵᠢᠭᠦᠯᠦᠯᠲᠡ ᠪᠣᠯᠤᠨ | ᠥᠭᠡᠷᠡᠴᠢᠯᠡᠯᠲᠡ ᠶᠢᠨ ᠰᠤᠳᠤᠯᠭᠠᠨ ᠤ ᠬᠦᠷᠢᠶᠡᠯᠡᠩ ᠤᠨ ᠭᠦᠢᠴᠡᠳᠬᠡᠬᠦ ᠳᠠᠷᠤᠭ᠎ᠠ ᠯᠢᠦ ᠶᠣᠸᠠᠨ ᠴᠦᠨ ᠠᠴᠠ᠂ ᠲᠥᠪ | ᠬᠤᠷᠢᠶ᠎ᠡ ᠶᠢᠨ ᠳᠤᠷᠠᠳᠤᠭᠰᠠᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠨᠢ ︽ | ᠬᠦᠰᠢᠭᠰᠡᠨ ᠠᠵᠤ ᠠᠬᠤᠶᠢᠯᠠᠯ︾᠂ ᠶᠡᠬᠡᠪᠡᠷ ᠥᠷᠲᠦᠭᠰᠡᠨ ᠠᠵᠤ ᠠᠬᠤᠶᠢᠯᠠᠯ ᠪᠣᠯᠤᠨ ᠦᠢᠯᠡᠳᠪᠦᠷᠢᠯᠡᠯ ᠤᠨ | ᠴᠢᠳᠠᠪᠤᠷᠢ ᠦᠯᠡᠭᠦᠳᠡᠵᠦ ᠪᠠᠶᠢᠭ᠎ᠠ ᠠᠵᠤ ᠠᠬᠤᠶᠢᠯᠠᠯ ᠤᠨ ᠲᠣᠬᠢᠷᠠᠭᠤᠯᠤᠯᠲᠠ ᠲᠠᠢ ᠬᠤᠯᠪᠤᠭᠳᠠᠨ᠎ᠠ᠃ ᠡᠨᠡᠬᠦ | ᠲᠣᠬᠢᠷᠠᠭᠤᠯᠤᠯᠲᠠ ᠨᠢ ᠤᠷᠲᠤᠪᠲᠤᠷ ᠪᠠ ᠤᠷᠲᠤ ᠬᠤᠭᠤᠴᠠᠭᠠᠨ ᠤ ᠠᠵᠤ ᠠᠬᠤᠶ ᠶᠢᠨ ᠡᠷᠡᠭᠦᠯ ᠪᠥᠭᠡᠳ | ᠦᠷᠭᠦᠯᠵᠢᠯᠡᠬᠦ ᠬᠥᠭᠵᠢᠯᠲᠡ ᠶᠢ ᠨᠡᠩ ᠢᠯᠡᠭᠦᠦ ᠴᠢᠬᠤᠯᠠᠴᠢᠯᠠᠪᠠ᠂ ᠬᠠᠷᠢᠨ ᠣᠬᠤᠷ ᠬᠤᠭᠤᠴᠠᠭᠠᠨ ᠤ ᠠᠵᠤ | ᠠᠬᠤᠶ ᠶᠢᠨ ᠬᠡᠯᠪᠡᠯᠵᠡᠯ ᠢ ᠠᠷᠭᠠᠴᠠᠬᠤ ᠶᠢᠨ ᠲᠥᠯᠦᠭᠡ ᠯᠠ ᠪᠢᠰᠢ ᠶᠤᠮ ᠭᠡᠵᠦ ᠦᠵᠡᠪᠡ᠃ | ᠳᠡᠭᠡᠷ᠎ᠡ ᠳᠤᠷᠠᠳᠤᠭᠰᠠᠨ ᠲᠠᠪᠤᠨ ᠶᠡᠭᠡ ᠪᠠᠶᠢᠯᠳᠤᠬᠤ ᠠᠷᠭ᠎ᠠ ᠶᠢᠨ ᠡᠭᠦᠷᠭᠡ ᠳᠤ ᠴᠢᠭᠯᠡᠭᠦᠯᠦᠨ᠂ ᠯᠢ ᠽᠥᠸᠧ | ᠵᠢᠶᠦ᠋ᠨ ᠠᠴᠠ ᠡᠳᠡᠭᠡᠷ ᠡᠭᠦᠷᠭᠡ ᠨᠢ ᠳᠣᠲᠣᠭᠠᠳᠤ ᠳᠠᠭᠠᠨ ᠬᠠᠷᠢᠯᠴᠠᠨ ᠬᠤᠯᠪᠤᠭ᠎ᠠ ᠲᠠᠢ ᠶᠤᠮ ᠭᠡᠵᠦ ᠢᠯᠡᠷᠬᠡᠶᠢᠯᠡᠪᠡ᠄ | ᠡᠨᠡ ᠵᠢᠯ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ | ︽ᠲᠥᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠥᠭ ᠲᠥᠮᠡᠨ ᠢᠶᠠᠷ ᠢᠶᠠᠨ ᠰᠢᠨ᠎ᠡ ᠶᠢ ᠡᠭᠦᠳᠬᠦ︾ ᠳᠤ | ᠮᠡᠳᠡᠭᠳᠡᠬᠦ᠋ᠢᠴᠡ ᠦᠷ᠎ᠡ ᠪᠦᠲᠦᠮᠵᠢ ᠤᠯᠪᠠ︔ ᠭᠡᠲᠡᠯ᠎ᠡ ᠢᠷᠡᠬᠦ ᠵᠢᠯ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠬᠦ ᠶᠢᠨ ᠬᠠᠮᠲᠤ ᠴᠢᠬᠤᠯᠠᠴᠢᠯᠠᠬᠤ | ᠶᠣᠰᠤᠲᠠᠢ ᠠᠵᠢᠯ ᠪᠣᠯ ᠳᠠᠷᠤᠶ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠯᠢᠭᠳᠡᠭᠦᠯᠬᠦ ᠪᠠ ᠠᠳᠠᠯ | ᠦᠢᠯᠡᠰ ᠴᠤᠭᠴᠠᠯᠠᠨ ᠰᠢᠨ᠎ᠡ ᠶᠢ ᠡᠭᠦᠳᠬᠦ ᠶᠢ ᠠᠬᠢᠭᠤᠯᠬᠤ ᠶᠢ ᠤᠶᠠᠯᠳᠤᠭᠤᠯᠬᠤ ᠪᠣᠯᠣᠨ᠎ᠠ᠃ ︽ᠤᠤᠯ ᠤᠨ | ᠬᠦᠰᠢᠭᠰᠡᠨ ᠠᠵᠤ ᠠᠬᠤᠶᠢᠯᠠᠯ ᠤᠨ ᠡᠵᠡᠯᠡᠵᠦ ᠪᠠᠶᠢᠭᠠᠢᠲᠡᠬᠡᠮᠵᠢ ᠶᠢᠨ ᠵᠢᠭᠡᠯᠡᠯᠭᠡ᠂ ᠭᠠᠵᠠᠷ ᠰᠢᠷᠣᠶ ᠵᠡᠷᠭᠡ ᠶᠢ | ᠪᠠᠭᠲᠠᠭᠠᠭᠰᠠᠨ ᠡᠯ᠎ᠡ ᠲᠥᠷᠥᠯ ᠤᠨ ᠡᠬᠢ ᠪᠠᠶᠠᠯᠢᠭ ᠢ ᠴᠦᠮ ᠵᠠᠰᠠᠭ ᠤᠨ ᠣᠷᠳᠣᠨ ᠤ ᠵᠢᠯᠤᠭᠤᠳᠤᠯᠭ᠎ᠠ ᠳᠣᠣᠷ᠎ᠠ | ᠰᠢᠨ᠎ᠡ ᠪᠠᠷ ᠬᠥᠭᠵᠢᠭᠰᠡᠨ ᠠᠵᠤ ᠦᠢᠯᠡᠰ ᠵᠥᠭ ᠲᠥᠪᠯᠡᠷᠡᠭᠦᠯᠵᠦ᠂ ᠬᠠᠭᠤᠴᠢᠨ ᠢ ᠦᠭᠡᠶᠢᠰᠬᠡᠨ ᠰᠢᠨ᠎ᠡ ᠶᠢ | ᠪᠠᠶᠢᠭᠤᠯᠬᠤ ᠶᠢ ᠪᠡᠶᠡᠯᠡᠭᠦᠯᠬᠦ ᠪᠣᠯᠣᠨ᠎ᠠ ᠭᠡᠵᠦ ᠯᠢ ᠽᠥᠸᠧ ᠵᠢᠶᠦ᠋ᠨ ᠬᠡᠯᠡᠪᠡ᠃ | ᠥᠭᠡᠷᠡᠴᠢᠯᠡᠯᠲᠡ ᠶᠢ ᠠᠵᠢᠭᠯᠠᠪᠠᠯ᠄ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠳ᠋ ᠤᠨ ᠵᠠᠰᠠᠭ | ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠨᠡᠶᠢᠭᠡᠮ ᠤᠨ ᠳᠠᠭᠠᠳᠬᠠᠯ ᠲᠦᠷᠪᠡᠠ ᠶᠡᠭᠡ ᠬᠦᠷᠢᠶ᠎ᠡ ᠶᠢ | ᠳᠣᠪᠣᠶᠢᠯᠠᠭᠠᠬᠤ ᠬᠡᠷᠡᠭᠲᠡᠢ | ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ᠂ | ᠬᠦᠰᠢᠭᠦᠷᠭᠡ ᠶᠢ ᠦᠭᠡᠶᠢᠰᠭᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠳᠠᠯ ᠢ ᠨᠥᠬᠦᠪᠥᠷᠢᠯᠡᠬᠦ ᠲᠠᠪᠤᠨ | ᠶᠡᠭᠡ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠡᠷᠬᠡᠪᠰᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ | ᠡᠭᠦᠨ ᠳᠤ ᠬᠠᠨᠳᠤᠭᠤᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠴᠢᠬᠤᠯᠠ ᠬᠦᠷᠢᠶ᠎ᠡ ᠬᠡᠪᠴᠢᠶ᠎ᠡ | ᠪᠣᠯᠣᠨ ᠵᠠᠩᠭᠢᠯᠠᠭ᠎ᠠ ᠶᠢᠨ ᠭᠤᠭᠴᠣᠭᠠᠨ ᠳᠠᠬᠢ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ | ᠴᠢᠬᠤᠯᠠ ᠶᠡᠭᠡ ᠳᠠᠭᠠᠭᠤᠯᠬᠤ ᠦᠢᠯᠡᠳᠦᠯ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠪᠠᠷ ᠳᠤᠷᠠᠳᠴᠠᠢ᠃ | ᠰᠤᠷᠪᠤᠯᠵᠢᠯᠠᠭᠴᠢ ᠠᠴᠠ᠂ ᠬᠤᠷᠠᠯ ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠨᠢ ᠭᠤᠣᠯᠳᠠᠭᠤ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ᠂ ᠮᠥᠩᠭᠦᠨ | ᠭᠦᠢᠯᠭᠡᠭᠡᠨ ᠤ ᠥᠭᠡᠷᠡᠴᠢᠯᠡᠯᠲᠡ ᠪᠣᠯᠤᠨ ᠨᠡᠶᠢᠭᠡᠮ ᠤᠨ ᠳᠠᠭᠠᠳᠬᠠᠯ ᠤᠨ ᠥᠭᠡᠷᠡᠴᠢᠯᠡᠯᠲᠡ ᠵᠡᠷᠭᠡ ᠳᠥᠷᠪᠡᠨ | ᠬᠦᠷᠢᠶᠡᠨ ᠳᠤ ᠲᠥᠪᠯᠡᠷᠡᠵᠦ ᠪᠠᠶᠢᠨ᠎ᠠ ᠭᠡᠵᠦ ᠳ᠋ᠦᠡᠭᠨᠡᠨ ᠡᠮᠬᠢᠯᠡᠪᠡ᠃ | — — ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠳᠤᠮᠳᠠ᠂ ᠬᠤᠷᠠᠯ ᠠᠴᠠ | ᠤᠯᠤᠰ ᠤᠨ ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ ᠪᠣᠯᠣᠨ ᠡᠵᠡᠩᠨᠡᠯᠲᠡ ᠶᠢᠨ ᠺᠣᠮᠫᠠᠨᠢ ᠶᠢ ᠲᠥᠷᠭᠡᠨ | ᠥᠭᠡᠷᠡᠴᠢᠯᠡᠨ ᠪᠠᠶᠢᠭᠤᠯᠵᠤ᠂ ᠮᠣᠨᠣᠫᠣᠯᠢ ᠶᠢᠨ ᠠᠵᠢᠯ ᠲᠥᠷᠥᠯ ᠤᠨ ᠥᠭᠡᠷᠡᠴᠢᠯᠡᠯᠲᠡ ᠶᠢ ᠲᠥᠷᠭᠡᠨ ᠠᠬᠢᠭᠤᠯᠬᠤ | ᠬᠡᠷᠡᠭᠲᠡᠶ ᠭᠡᠵᠦ ᠳᠤᠷᠠᠳᠴᠠᠢ᠃ | — ᠡᠳ᠋ ᠤᠨ ᠵᠠᠰᠠᠭ ᠤᠨ ᠭᠠᠶᠢᠯᠢ ᠶᠢᠨ ᠥᠭᠡᠷᠡᠴᠢᠯᠡᠯᠲᠡ ᠳᠤ᠂ ᠬᠤᠷᠠᠯ ᠠᠴᠠ ᠲᠥᠪ ᠪᠠ ᠣᠷᠣᠨ | ᠨᠤᠲᠤᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠠᠳᠬᠤᠵᠤ᠂ | ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠵᠡᠷᠭᠡ ᠵᠠᠩᠭᠢᠯᠠᠭ᠎ᠠ ᠶᠢᠨ | ᠴᠢᠨᠠᠷᠲᠠᠶ ᠠᠰᠠᠭᠤᠳᠠᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠲᠤᠷᠠᠳᠪᠠ᠃ | — ᠮᠥᠩᠭᠦᠨ ᠭᠦᠢᠯᠭᠡᠭᠡᠨ ᠤ ᠥᠭᠡᠷᠡᠴᠢᠯᠡᠯᠲᠡ ᠳᠤ᠂ ᠬᠤᠷᠠᠯ ᠠᠴᠠ ᠪᠡᠯᠡ ᠲᠣᠬᠢᠷᠠᠭᠤᠯᠬᠤ ᠴᠢᠳᠠᠮᠵᠢ ᠪᠠᠷ | ᠪᠦᠷᠢᠨ ᠲᠡᠭᠦᠯᠳᠡᠷ᠂ ᠰᠠᠭᠤᠷᠢ ᠲᠦᠷᠢᠮ ᠯᠠᠪᠳᠠᠭᠤᠨ ᠪᠠᠲᠤᠲᠠᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠪᠦᠲᠦᠮᠵᠢᠲᠡᠶ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠬᠠᠮᠠᠭᠠᠯᠠᠬᠤ | ᠰᠲ᠋ᠣᠺ ᠤᠨ ᠵᠠᠬ᠎ᠠ ᠳᠡᠯᠭᠡᠭᠦᠷ ᠢ ᠲᠦᠷᠭᠡᠨ ᠪᠤᠢ ᠪᠣᠯᠭᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠰᠢᠮᠳᠠᠭᠤᠯᠤᠨ ᠰᠤᠳᠤᠯᠤᠨ ᠳᠤᠷᠠᠳᠬᠤ ᠶᠢᠨ ᠬᠠᠮᠲᠤ ᠪᠠᠩᠬᠢ ᠶᠢᠨ | ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠢ ᠭᠡᠵᠦ ᠳᠤᠷᠠᠳᠪᠠ᠃ | — ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠳᠤ᠂ ᠬᠤᠷᠠᠯ ᠠᠴᠠ ᠬᠤᠪᠢ ᠬᠥᠮᠦᠨ ᠤ ᠳᠠᠩᠰᠠᠨ | ᠡᠷᠦᠬᠡ ᠶᠢ ᠲᠡᠭᠦᠯᠳᠡᠷᠵᠢᠭᠦᠯᠵᠦ᠂ ᠨᠠᠷᠢᠪᠴᠢᠯᠠᠨ ᠪᠣᠳᠣᠵᠥ ᠲᠡᠩᠴᠡᠭᠦᠷᠢᠰᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠶ | ᠲᠥᠯᠥᠪᠯᠡᠬᠦ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ | ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠳᠤᠷᠠᠳᠪᠠ᠃ | | ᠣᠯᠠᠨ ᠲᠤᠰᠬᠠᠶ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ᠳᠡᠭᠡᠷ᠎ᠡ ᠳᠤᠷᠠᠳᠤᠭᠰᠠᠨ ᠲᠦᠷᠪᠡᠨ | ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠪᠤᠳᠠᠳᠤ ᠠᠵᠤ ᠠᠬᠤᠶ ᠶᠢᠨ ᠬᠥᠭᠵᠢᠯᠲᠡ ᠶᠢᠨ ᠡᠭᠦᠷᠭᠡ | ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠲᠠᠢ ᠪᠢᠲᠡᠭᠦᠦ ᠴᠠᠭᠠᠷᠢᠭ ᠢ | ᠪᠦᠷᠢᠯᠳᠦᠭᠦᠯᠵᠦ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠬᠤ | ᠪᠣᠯᠣᠨ᠎ᠠ ᠭᠡᠪᠡ᠃ | ᠠᠷᠠᠳ ᠤᠨ ᠠᠮᠢᠳᠤᠷᠠᠯ ᠢ ᠠᠵᠢᠭᠯᠠᠪᠠᠯ᠄ ᠲᠦᠢᠯ ᠤᠨ ᠣᠨᠣᠪᠴᠢᠲᠠᠢ ᠬᠠᠪᠰᠤᠷᠤᠨ ᠲᠡᠳᠬᠦᠬᠦ ᠪᠠ ᠲᠦᠷᠦ ᠶᠢᠨ | ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠶᠢ ᠴᠢᠬᠤᠯᠠᠴᠢᠯᠠᠬᠤ ᠬᠡᠷᠡᠭᠲᠡᠢ | ᠮᠠᠨ ᠤ ᠤᠯᠤᠰ ᠤᠨ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠤ ᠵᠠᠩᠭᠢᠯᠠᠭ᠎ᠠ ᠶᠢᠨ | ᠦᠶ᠎ᠡ ᠶᠢᠨ ᠠᠬᠤᠶ ᠪᠠᠶᠢᠳᠠᠯ ᠤᠨ ᠳᠣᠣᠷ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠵᠤ ᠠᠬᠤᠶ ᠶᠢᠨ ᠬᠦᠴᠢᠷᠳᠡᠯ ᠢ ᠬᠠᠪᠰᠤᠷᠠᠨ ᠲᠡᠳᠬᠦᠬᠦ | ᠪᠠ ᠲᠦᠷᠦ ᠶᠢᠨ ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠶᠢ ᠳᠣᠪᠣᠶᠢᠯᠭᠠᠪᠠ᠃ | ᠬᠤᠷᠠᠯ ᠠᠴᠠ ᠳᠤᠷᠠᠳᠤᠭᠰᠠᠨ ᠨᠢ᠂ ᠣᠨᠴᠠᠭᠠᠶ ᠬᠥᠮᠦᠰ ᠤᠨ ᠣᠨᠴᠠᠭᠠᠶ ᠬᠦᠴᠢᠷᠳᠡᠯ ᠢ ᠲᠦᠢᠯ ᠤᠨ | ᠣᠨᠣᠪᠴᠢᠲᠠᠢ ᠬᠠᠪᠰᠤᠷᠤᠨ ᠲᠡᠳᠬᠦᠬᠦ ᠶᠢ ᠨᠡᠩ ᠴᠢᠬᠤᠯᠠᠴᠢᠯᠠᠬᠤ ᠬᠡᠷᠡᠭᠲᠡᠶ᠃ ᠨᠡᠶᠢᠭᠡᠮ ᠤᠨ ᠲᠦᠷᠦ ᠶᠢᠨ | ᠪᠤᠳᠤᠯᠭ᠎ᠠ ᠪᠠᠷ ᠳᠣᠣᠷᠠᠳᠤ ᠪᠠᠲᠤᠯᠠᠭ᠎ᠠ ᠪᠣᠯᠭᠠᠬᠤ ᠪᠣᠯ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠰᠠᠭᠤᠷᠢ | ᠱᠤᠭᠤᠮ ᠢ ᠰᠠᠬᠢᠵᠤ᠂ ᠨᠡᠶᠢᠭᠡᠮ ᠤᠨ ᠪᠠᠲᠤᠯᠠᠭ᠎ᠠ ᠶᠢᠨ ᠨᠡᠶᠢᠭᠡᠮ ᠤᠨ ᠲᠣᠭᠲᠠᠪᠤᠷᠢᠵᠢᠭᠤᠯᠬᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠭᠤᠣᠯᠳᠠᠯᠭ᠎ᠠ ᠪᠠᠨ ᠳᠠᠭᠠᠭᠠᠨ ᠠᠪᠬᠤ ᠳᠡᠭᠡᠷ᠎ᠡ ᠲᠠᠯᠪᠢᠵᠤ᠂ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠲᠤᠯᠠᠬᠤ ᠬᠡᠷᠡᠭᠲᠡᠶ | ᠭᠡᠪᠡ᠃ | ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠬᠡᠷᠬᠢᠨ ᠰᠠᠶᠢᠲᠤᠷ ᠬᠢᠬᠦ ᠳᠤ | ᠴᠢᠭᠯᠡᠭᠦᠯᠵᠦ᠂ ᠬᠤᠷᠠᠯ ᠠᠴᠠ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠵᠦ᠂ ᠲᠦᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠪᠠᠶᠢᠭᠤᠯᠤᠭᠰᠠᠨ | ᠶᠠᠳᠠᠭᠤ ᠬᠦᠴᠢᠷᠳᠡᠯᠲᠡᠶ ᠬᠥᠮᠦᠨ ᠠᠮᠠ ᠳᠤ ᠵᠣᠷᠢᠭᠤᠯᠤᠨ᠂ ᠪᠡᠯᠡ ᠮᠥᠩᠭᠦ᠂ ᠲᠦᠷᠦ ᠶᠢᠨ ᠪᠤᠳᠤᠯᠭ᠎ᠠ᠂ ᠠᠵᠢᠯ | ᠵᠡᠷᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠡᠨ ᠠᠳᠬᠤᠵᠤ ᠪᠣᠳᠠᠲᠠᠶ ᠠᠵᠢᠯᠯᠠᠨ᠂ | ᠶᠠᠳᠠᠭᠤ ᠶᠢ ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠵᠠᠷᠢᠮ ᠲᠤᠰᠬᠠᠶ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ᠠᠷᠠᠳ ᠤᠨ ᠠᠮᠢᠳᠤᠷᠠᠯ ᠢ ᠪᠠᠲᠤᠯᠠᠬᠤ ᠳᠤ ᠠᠵᠢᠯ | ᠣᠯᠭᠤᠯᠲᠠ ᠶᠢ ᠨᠡᠮᠡᠭᠳᠡᠭᠦᠯᠬᠦ ᠠᠴᠠ ᠰᠠᠯᠵᠤ ᠴᠢᠳᠠᠬᠤ ᠦᠭᠡᠢ᠃ ᠪᠦᠲᠦᠴᠡ ᠶᠢᠨ ᠴᠢᠨᠠᠷ ᠲᠠᠢ ᠲᠤᠬᠢᠷᠠᠭᠤᠯᠤᠯᠳᠠ ᠪᠠ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠲᠦᠷᠦ ᠶᠢᠨ ᠪᠤᠳᠤᠯᠭ᠎ᠠ ᠶᠢᠨ ᠳᠣᠣᠷᠠᠳᠤ ᠪᠠᠲᠤᠯᠠᠭ᠎ᠠ ᠨᠢ ᠪᠣᠯᠵᠤ | ᠦᠨᠳᠦᠰᠦᠨ ᠠᠴᠠ ᠨᠢ ᠪᠡᠶᠡᠯᠡᠭᠦᠯᠦᠭᠰᠡᠨ ᠶᠠᠪᠤᠳᠠᠯ ᠪᠣᠯᠣᠨ᠎ᠠ ᠭᠡᠪᠡ᠃ | ᠵᠢᠶᠠ ᠺᠠᠩ ᠵᠢᠭᠠᠵᠤ ᠭᠠᠷᠭᠠᠭᠰᠠᠨ ᠨᠢ᠂ ᠡᠨᠡ ᠬᠡᠳᠦᠨ ᠵᠢᠯ ᠳᠤ ᠮᠠᠨ ᠤ ᠤᠯᠤᠰ ᠤᠨ ᠠᠵᠢᠯ ᠣᠯᠭᠤᠯᠲᠠ ᠶᠢᠨ | ᠪᠠᠶᠢᠳᠠᠯ ᠨᠡᠯᠢᠶᠡᠳ ᠵᠦᠭᠡᠷ᠂ ᠲᠦᠷᠦᠭᠦᠦ ᠭᠤᠷᠪᠠᠨ ᠤᠯᠠᠷᠢᠯ ᠳᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ | 1000 ᠲᠦᠮᠡ ᠶᠢ ᠳᠠᠪᠠᠵᠠᠢ᠂ ᠡᠳᠡᠭᠡᠷ ᠨᠢ ᠴᠥᠮ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢᠨ | ᠦᠷ᠎ᠡ ᠪᠦᠲᠦᠭᠡᠯ ᠮᠥᠨ᠃ ᠠᠵᠤ ᠠᠬᠤᠶ ᠶᠢᠨ ᠪᠦᠲᠦᠴᠡ ᠳᠤᠮᠳᠠᠬᠢ ᠦᠢᠯᠡᠴᠢᠯᠡᠭᠡᠨ ᠤ ᠦᠢᠯᠡᠰ ᠤᠨ ᠡᠵᠡᠯᠡᠬᠦ | ᠬᠠᠷᠢᠴᠠᠯ ᠤᠨ ᠳᠡᠭᠡᠭᠰᠢᠯᠡᠬᠦ ᠶᠢ ᠳᠠᠭᠠᠯᠳᠤᠨ᠂ GDP ᠨᠢᠭᠡ ᠵᠠᠭᠤᠨ ᠤ ᠴᠡᠭ ᠨᠡᠮᠡᠭᠳᠡᠬᠦ ᠪᠦᠷᠢ ᠳᠤ ᠬᠠᠩᠭᠠᠭᠰᠠᠨ | ᠠᠵᠢᠯ ᠣᠯᠭᠤᠯᠲᠠ ᠶᠢᠨ ᠠᠵᠢᠯ ᠤᠨ ᠪᠠᠶᠢᠷᠢ ᠨᠢᠭᠡᠨᠲᠡ ᠨᠢᠭᠡ ᠬᠤᠪᠢ ᠢᠶᠠᠷ ᠨᠡᠮᠡᠭᠳᠡᠪᠡ ᠭᠡᠪᠡ᠃ | ᠨᠡᠭᠡᠭᠡᠯᠲᠡ ᠬᠢᠬᠦ ᠶᠢ ᠠᠵᠢᠭᠯᠠᠪᠠᠯ᠄ ᠥᠨᠳᠥᠷ ᠬᠢᠷᠢ ᠬᠡᠮᠵᠢᠶ᠎ᠡ ᠲᠠᠢ ᠬᠤᠣᠰ ᠬᠠᠨᠳᠤᠯᠭᠠᠲᠤ ᠨᠡᠭᠡᠭᠡᠯᠲᠡ ᠶᠢ | ᠴᠢᠬᠤᠯᠠᠴᠢᠯᠠᠬᠤ ᠬᠡᠷᠡᠭᠲᠡᠢ | ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠳᠠᠭᠠᠯᠳᠤᠨ᠂ | ᠠᠽᠢᠶ᠎ᠠ ᠲᠢᠪ ᠤᠨ ᠪᠡᠯᠡ ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠵᠡᠷᠭᠡ | ᠪᠠᠶᠢᠭᠤᠯᠤᠮᠵᠢ ᠨᠤᠭᠤᠳ ᠠᠯᠬᠤᠮ ᠠᠯᠬᠤᠮ ᠢᠶᠠᠷ ᠨᠥᠯᠥᠭᠡ ᠪᠠᠨ ᠪᠠᠳᠠᠷᠠᠭᠤᠯᠵᠤ᠂ ᠳᠤᠮᠳᠠᠳᠤ ᠤᠯᠤᠰ ᠤᠨ | ᠭᠠᠳᠠᠭᠠᠳᠤ ᠲᠠᠢ ᠨᠡᠭᠡᠭᠡᠯᠲᠡ ᠶᠢᠨ ᠲᠦᠷᠦ ᠶᠢᠨ ᠪᠤᠳᠦᠯᠭ᠎ᠠ ᠴᠤ ᠬᠥᠮᠦᠰ ᠤᠨ ᠠᠩᠬᠠᠷᠤᠯ ᠢ ᠶᠡᠭᠡ ᠪᠠᠷ ᠲᠠᠲᠠᠬᠤ ᠪᠣᠯᠪᠠ᠃ | | ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠨᠢ᠂ ᠭᠠᠳᠠᠭᠠᠳᠤ ᠲᠠᠢ | ᠨᠡᠭᠡᠭᠡᠯᠲᠡ ᠶᠢ ᠶᠢ ᠥᠷᠭᠡᠳᠬᠡᠵᠦ᠂ ᠥᠨᠳᠥᠷ ᠬᠢᠷᠢ ᠬᠡᠮᠵᠢᠶ᠎ᠡ ᠲᠠᠢ ᠬᠤᠣᠰ ᠬᠠᠨᠳᠤᠯᠭᠠᠲᠤ ᠨᠡᠭᠡᠭᠡᠯᠲᠡ ᠶᠢ | ᠠᠬᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠲᠠᠢ ᠨᠡᠭᠡᠭᠡᠯᠲᠡ ᠶᠢᠨ ᠣᠷᠣᠨ ᠪᠦᠰᠡ ᠶᠢᠨ | ᠪᠠᠶᠢᠷᠢᠰᠢᠯ ᠢ ᠰᠢᠯᠢᠳᠡᠭᠵᠢᠭᠦᠯᠬᠦ᠂ ᠭᠠᠳᠠᠭᠠᠳᠤ ᠠᠷᠠᠯᠵᠢᠶᠠᠨ ᠤ ᠤᠬᠢ ᠰᠢᠯᠢᠳᠡᠭ ᠢ ᠣᠷᠣᠭᠤᠯᠵᠤ ᠭᠠᠷᠭᠠᠬᠤ᠂ | ᠭᠠᠳᠠᠭᠠᠳᠤ ᠶᠢᠨ ᠪᠡᠯᠡ ᠮᠥᠩᠭᠦ ᠶᠢ ᠢᠳᠡᠪᠬᠢᠲᠡᠶ ᠠᠰᠢᠭᠯᠠᠬᠤ᠂ ᠤᠯᠤᠰ ᠤᠨ ᠬᠤᠭᠤᠷᠣᠨᠳᠣᠬᠢ ᠦᠢᠯᠡᠳᠪᠦᠷᠢᠯᠡᠬᠦ | ᠴᠢᠳᠠᠪᠤᠷᠢ ᠪᠣᠯᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ | ᠴᠢᠯᠥᠭᠡᠲᠦ ᠠᠷᠠᠯᠵᠢᠶᠠᠨ ᠤ ᠣᠷᠣᠨ ᠵᠢᠴᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠬᠡᠯᠡᠯᠴᠡᠭᠡ ᠶᠢ ᠲᠦᠷᠭᠡᠳᠬᠡᠬᠦ᠂ | ᠪᠦᠬᠦ ᠪᠥᠮᠪᠥᠷᠴᠡᠭ ᠤᠨ ᠠᠵᠤ ᠠᠬᠤᠶ ᠶᠢᠨ ᠵᠠᠰᠠᠯᠲᠠ ᠵᠡᠷᠭᠡ ᠠᠵᠢᠯ ᠳᠤ ᠢᠳᠡᠪᠬᠢᠲᠡᠶ ᠣᠷᠣᠯᠴᠠᠬᠤ ᠶᠢ ᠦᠷᠭᠦᠯᠵᠢᠯᠡᠨ | ᠰᠠᠶᠢᠲᠤᠷ ᠠᠳᠬᠤᠬᠤ ᠬᠡᠷᠡᠭᠲᠡᠶ᠃ ᠭᠠᠳᠠᠭᠠᠳᠤ ᠪᠡᠯᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠠᠰᠢᠭᠯᠠᠵᠤ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠡᠭᠡᠭᠡ ᠠᠳᠠᠯᠢ ᠪᠠᠷ | ᠦᠵᠡᠵᠦ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠽᠢᠶ᠎ᠠ ᠲᠢᠪ ᠤᠨ ᠪᠡᠯᠡ | ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠵᠡᠷᠭᠡ ᠪᠠᠶᠢᠭᠤᠯᠤᠮᠵᠢ ᠶᠢᠨ ᠪᠡᠯᠡ | ᠲᠣᠬᠢᠷᠠᠭᠤᠯᠬᠤ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠢᠬᠤᠯᠠ ᠶᠡᠭᠡ ᠪᠡᠯᠭᠡ ᠲᠡᠮᠳᠡᠭᠲᠦ | ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠬᠤᠣᠰ ᠬᠠᠨᠳᠤᠯᠭᠠᠲᠤ ᠭᠠᠳᠠᠭᠰᠢ ᠨᠡᠭᠡᠭᠡᠯᠳᠡ ᠶᠢ ᠲᠦᠯᠬᠢᠨ ᠠᠬᠢᠭᠤᠯᠬᠤ ᠨᠢ᠂ ᠭᠠᠳᠠᠭᠠᠳᠤ ᠤᠯᠤᠰ ᠠᠴᠠ | ᠳᠤᠮᠳᠠᠳᠤ ᠤᠯᠤᠰ ᠲᠤ ᠪᠡᠯᠡ ᠣᠷᠣᠭᠤᠯᠬᠤ ᠪᠠ ᠮᠠᠨ ᠤ ᠤᠯᠤᠰ ᠤᠨ ᠭᠠᠳᠠᠭᠠᠳᠤ ᠳᠤ ᠪᠡᠯᠡ ᠣᠷᠣᠭᠤᠯᠬᠤ ᠬᠤᠶᠠᠷ | ᠬᠦᠷᠢᠶ᠎ᠡ ᠬᠡᠪᠴᠢᠶᠡᠨ ᠳᠤ ᠴᠥᠮ ᠵᠣᠬᠢᠬᠤ ᠠᠮᠵᠢᠯᠲᠠ ᠭᠠᠷᠭᠠᠬᠤ ᠬᠡᠷᠡᠭᠲᠡᠶ ᠶᠢ ᠬᠠᠷᠠᠭᠤᠯᠵᠤ ᠪᠤᠢ᠃ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠳᠡᠮ ᠰᠢᠨᠵᠢᠯᠡᠭᠡᠨ ᠤ ᠺᠣᠮᠢᠰ ᠤᠨ ᠨᠠᠷᠢᠨ ᠪᠢᠴᠢᠭ ᠤᠨ | ᠳᠠᠷᠤᠭ᠎ᠠ ᠵᠠᠩ ᠶᠠᠨ ᠱᠧᠩ ᠤᠨ ᠦᠵᠡᠬᠦ ᠪᠠᠷ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠢ | ᠳᠠᠭᠠᠯᠳᠤᠨ᠂ ᠳᠤᠮᠳᠠᠳᠤ ᠤᠯᠤᠰ ᠨᠢᠭᠡᠨᠲᠡ ᠠᠯᠬᠤᠮ ᠠᠯᠬᠤᠮ ᠢᠶᠠᠷ ᠬᠥᠷᠥᠩᠭᠡ ᠶᠢᠨ ᠴᠡᠪᠡᠷ ᠭᠠᠷᠭᠠᠯᠲᠠ ᠶᠢᠨ ᠤᠯᠤᠰ | ᠪᠣᠯᠵᠤ ᠪᠣᠢ᠂ ᠡᠨᠡ ᠨᠢ ᠢᠷᠡᠬᠦ ᠵᠢᠯ ᠤᠨ ᠬᠤᠣᠰ ᠬᠠᠨᠳᠤᠯᠭᠠᠲᠤ ᠭᠠᠳᠠᠭᠠᠳᠤ ᠲᠠᠢ ᠨᠡᠭᠡᠭᠡᠯᠲᠡ ᠳᠤ ᠳᠤ ᠨᠡᠩ ᠥᠨᠳᠥᠷ | ᠱᠠᠭᠠᠷᠳᠠᠯᠭ᠎ᠠ ᠳᠤᠷᠠᠳᠪᠠ ᠭᠡᠪᠡ᠃ | ︽ᠢᠷᠡᠭᠡᠳᠦᠶ ᠳᠤ ᠴᠢᠯᠥᠭᠡᠲᠦ ᠠᠷᠠᠯᠵᠢᠶᠠᠨ ᠤ ᠣᠷᠣᠨ ᠤ ᠪᠠᠶᠢᠭᠤᠯᠤᠯᠲᠠ ᠶᠢ ᠴᠢᠩᠭᠠᠷᠠᠭᠤᠯᠵᠤ᠂ | ᠭᠠᠳᠠᠭᠠᠳᠤ ᠳᠤ ᠪᠡᠯᠡ ᠣᠷᠣᠭᠤᠯᠬᠤ ᠪᠠᠷ ᠭᠠᠳᠠᠭᠠᠳᠤ ᠳᠤ ᠲᠠᠸᠠᠷ ᠭᠠᠷᠭᠠᠬᠤ ᠶᠢ ᠳᠠᠶᠢᠴᠢᠯᠠᠵᠤ᠂ ᠡᠭᠦᠨ ᠤ | ᠵᠡᠷᠭᠡᠴᠡᠭᠡᠪᠡᠷ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠥᠪᠡᠷ ᠤᠨ ᠡᠵᠡᠮᠰᠢᠯᠳᠤ ᠨᠡᠷᠡᠳᠤ ᠲᠥᠷᠥᠯ ᠲᠡᠮᠳᠡᠭᠲᠦ᠂ | ᠪᠡᠶ᠎ᠡ ᠪᠠᠨ ᠳᠠᠭᠠᠭᠠᠵᠤ ᠡᠵᠡᠩᠨᠡᠨ ᠪᠣᠷᠣᠯᠠᠭᠤᠯᠬᠤ ᠠᠷᠠᠯᠵᠢᠶ᠎ᠠ ᠶᠢ ᠬᠥᠭᠵᠢᠭᠦᠯᠬᠦ ᠪᠠᠷ ᠭᠠᠳᠠᠭᠠᠳᠤ ᠠᠷᠠᠯᠵᠢᠶ᠎ᠠ ᠶᠢ | ᠲᠣᠭᠲᠠᠭᠤᠨ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠪᠣᠯᠣᠨ᠎ᠠ︾ ᠭᠡᠵᠦ ᠵᠠᠩ ᠶᠠᠨ ᠱᠧᠩ ᠬᠡᠯᠡᠪᠡ᠃ | | |