| 1 ᠳ᠋ᠤᠭᠡᠷ ᠰᠠᠷ᠎ᠠ ᠶᠢᠨ 17 ᠤ ᠡᠳᠦᠷ᠂ 2016 ᠤᠨ ᠤ ᠪᠦᠬᠦ ᠤᠷᠤᠨ ᠤ ᠮᠤᠩᠭᠤᠯ ᠬᠢᠳᠠᠳ ᠡᠮ | ᠡᠮᠨᠡᠯᠭᠡ ᠶᠢᠨ ᠦᠭᠡᠷᠡᠴᠢᠯᠡᠯᠳᠡ ᠬᠦᠭᠵᠢᠯᠳᠡ ᠶᠢᠨ ᠬᠤᠷᠠᠯ ᠬᠤᠷᠠᠯᠳᠤᠵᠦ᠂ ᠮᠠᠨ ᠤ ᠤᠷᠤᠨ 2020 ᠤᠨ ᠪᠤᠯᠳᠠᠯ᠎ᠠ | ︽ᠬᠦᠮᠦᠨ ᠪᠦᠷᠢ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡ ᠬᠦᠷᠳᠡᠬᠦ︾ ᠬᠠᠷᠠᠯᠳᠠ ᠶᠢ ᠪᠡᠶᠡᠯᠡᠬᠦᠯᠬᠦ | ᠡᠷᠡᠬᠦᠯ ᠴᠢᠬᠢᠷᠠᠭ ᠤᠨ ᠬᠠᠷᠠᠯᠳᠠ ᠶᠢ ᠳᠤᠷᠠᠳᠴᠠᠢ᠃ | ᠤᠳᠤᠬᠠᠨ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠠᠯᠪᠠᠨ ᠠᠴᠠ ᠡᠷᠬᠢᠯᠡᠭᠰᠡᠨ ᠮᠤᠩᠭᠤᠯ ᠬᠢᠳᠠᠳ | ᠡᠮᠨᠡᠯᠭᠡ ᠶᠢᠨ ᠬᠤᠷᠢᠶ᠎ᠠ 2010 ᠤᠨ ᠤ 110 ᠪᠠᠶᠢᠭᠰᠠᠨ ᠠᠴᠠ 122 ᠪᠤᠯᠤᠨ ᠨᠡᠮᠡᠭᠳᠡᠵᠠᠢ︔ ᠮᠤᠩᠭᠤᠯ ᠬᠢᠳᠠᠳ | ᠡᠮᠨᠡᠯᠭᠡ ᠶᠢᠨ ᠡᠪᠡᠳᠴᠢᠳᠡᠨ ᠤ ᠤᠷᠤ 2010 ᠤᠨ ᠤ 9000 ᠪᠠᠶᠢᠭᠰᠠᠨ ᠠᠴᠠ 18000 ᠪᠤᠯᠤᠨ ᠨᠡᠮᠡᠭᠳᠡᠵᠦ᠂ | ᠮᠤᠩᠭᠤᠯ ᠬᠢᠳᠠᠳ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠠᠵᠢᠯᠳᠠᠨ 2010 ᠤᠨ ᠤ 9900 ᠬᠦᠮᠦᠨ | ᠪᠠᠶᠢᠭᠰᠠᠨ ᠠᠴᠠ 16000 ᠬᠦᠮᠦᠨ ᠪᠤᠯᠵᠦ᠂ 61.62% ᠢᠶᠠᠷ ᠨᠡᠮᠡᠭᠳᠡᠵᠠᠢ︔ ᠮᠢᠩᠭᠠᠨ ᠬᠦᠮᠦᠨ ᠪᠦᠷᠢ ᠳᠤ | ᠨᠤᠭᠳᠠᠬᠤ ᠮᠤᠩᠭᠤᠯ ᠬᠢᠳᠠᠳ ᠡᠮᠨᠡᠯᠭᠡ ᠶᠢᠨ ᠡᠪᠡᠳᠴᠢᠳᠡᠨ ᠤ ᠤᠷᠤ 0.69 ᠪᠤᠯᠵᠦ᠂ ᠪᠦᠬᠦ ᠤᠯᠤᠰ ᠤᠨ | ᠲᠠᠪᠤᠳᠤᠭᠠᠷ ᠲᠤ ᠵᠢᠬᠰᠠᠵᠦ᠂ ᠪᠦᠬᠦ ᠤᠯᠤᠰ ᠤᠨ 0.56 ᠲᠠᠢ ᠬᠠᠷᠢᠴᠠᠭᠤᠯᠪᠠᠯ 0.13 ᠤᠷᠤ ᠢᠯᠡᠬᠦᠦ ᠪᠤᠯᠪᠠ᠃ | ᠮᠠᠨ ᠤ ᠤᠷᠤᠨ 2015 ᠤᠨ ᠳᠤ ᠡᠯ᠎ᠠ ᠱᠠᠳᠤᠨ ᠤ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ | ᠰᠠᠭᠤᠷᠢ ᠲᠦᠬᠦᠭᠡᠷᠦᠮᠵᠢ ᠪᠠ ᠲᠤᠨᠤᠭ ᠲᠦᠭᠦᠭᠡᠷᠦᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠳᠠ ᠶᠢ ᠲᠦᠷᠭᠡᠳᠭᠡᠵᠦ᠂ | 2015 ᠤᠨ ᠤ ᠰᠡᠭᠦᠯᠴᠢ ᠪᠤᠯᠳᠠᠯ᠎ᠠ ᠪᠦᠬᠦ ᠤᠷᠤᠨ ᠤ 65% ᠤᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ | ᠤᠯᠤᠰ ᠤᠨ ᠵᠡᠷᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠤᠭᠳᠠᠭᠠᠯ ᠢ ᠦᠩᠭᠡᠷᠡᠭᠡᠵᠠᠢ᠃ 2012 | ᠤᠨ ᠳᠤ ᠡᠬᠢᠯᠡᠵᠦ ᠬᠡᠷᠡᠭᠵᠢᠬᠦᠯᠦᠭᠰᠡᠨ ᠦᠨᠳᠦᠰᠦᠨ ᠱᠠᠳᠤᠨ ᠤ ᠮᠤᠩᠭᠤᠯ ᠬᠢᠳᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠢᠨᠵᠧᠨᠧᠷᠢᠩ ᠦᠨᠳᠦᠰᠦᠨ ᠱᠠᠳᠤᠨ ᠤ ᠮᠤᠩᠭᠤᠯ ᠬᠢᠳᠠᠳ ᠡᠮ | ᠡᠮᠨᠡᠯᠭᠡ ᠶᠢᠨ ᠡᠬᠢ ᠪᠠᠶᠠᠯᠢᠭ ᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠮᠤᠩᠭᠤᠯ ᠬᠢᠳᠠᠳ ᠡᠮ ᠡᠮᠨᠡᠯᠭᠡ ᠳᠤ | ᠳᠤᠬᠢᠷᠠᠠᠭᠰᠠᠨ ᠮᠡᠷᠭᠡᠵᠢᠯ ᠪᠠ ᠦᠨᠳᠦᠰᠦᠨ ᠮᠡᠷᠭᠡᠵᠢᠯ ᠢ ᠳᠦᠷᠢᠮᠵᠢᠬᠦᠯᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠠᠬᠦᠯᠪᠡ᠃ |