ᠥᠪᠥᠷ ᠮᠣᠩᠭᠤᠯ ᠤᠨ ᠬᠤᠤᠷ ᠴᠠᠭᠠᠵᠠᠯᠠᠬᠤ ᠬᠥᠮᠥᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ 26 ᠲᠤᠰᠬᠠᠢ ᠮᠡᠷᠭᠡᠵᠢᠯᠲᠡᠨ ᠡᠯᠰᠡᠭᠳᠡᠨ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2016/1/18
    1 ᠳ᠋ᠦ᠋ᠭᠡᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠰᠤᠷᠭᠠᠨ ᠬᠥᠮᠥᠵᠢᠯ ᠤᠨ ᠲᠢᠩᠬᠢᠮ ᠲᠠᠢ ᠬᠠᠮᠲᠤᠷᠠᠨ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠥᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠤᠭᠰᠠᠨ ᠪᠦᠭᠡᠳ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠷᠢᠨ ᠡᠯᠰᠡᠬᠦ ᠶᠣᠰᠣᠯᠠᠯ ᠶᠠᠪᠤᠭᠤᠯᠵᠤ᠂ ᠰᠤᠷᠭᠠᠨ ᠬᠥᠮᠥᠵᠢᠯ ᠵᠡᠷᠭᠡ ᠠᠵᠢᠯ ᠦᠢᠯᠡᠰ ᠠᠴᠠ ᠢᠷᠡᠭᠰᠡᠨ 26 ᠲᠤᠰᠬᠠᠢ ᠮᠡᠷᠭᠡᠵᠢᠯᠲᠡᠨ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠪᠠ᠃      ᠶᠤᠰᠤᠯᠠᠯ ᠤᠨ ᠳᠠᠷᠠᠭ᠎ᠠ ᠠᠩᠬᠠᠳᠠᠭᠴᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠶᠢᠰᠢᠲᠠ ᠶᠢᠨ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠥᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ ᠪᠠᠲᠤ ᠰᠠᠭᠤᠷᠢ ᠲᠠᠯᠪᠢᠪᠠ᠃      ᠣᠶᠢᠯᠭᠠᠭᠰᠠᠨ ᠢᠶᠠᠷ᠂ ᠣᠳᠣᠬᠠᠨ ᠳᠤ᠂ ᠳᠤᠮᠳᠠᠳᠤ ᠤᠯᠤᠰ ᠬᠤᠣᠷᠲᠤ ᠡᠳ᠋ ᠤᠨ ᠠᠰᠠᠭᠤᠳᠠᠯ ᠲᠦᠷᠭᠡᠨ ᠦᠷᠪᠢᠰᠬᠦ ᠬᠤᠭᠤᠴᠠᠭᠠᠨ ᠳᠤ ᠣᠷᠣᠵᠤ᠂ ᠬᠢᠯᠢ ᠶᠢᠨ ᠭᠠᠳᠠᠨᠠᠬᠢ ᠬᠤᠣᠷᠲᠤ ᠡᠳ᠋ ᠲᠠᠰᠤᠷᠠᠯᠲᠠ ᠦᠭᠡᠢ ᠨᠡᠪᠴᠢᠨ ᠣᠷᠣᠵᠤ ᠢᠷᠡᠵᠦ᠂ ᠤᠯᠤᠰ ᠤᠨ ᠳᠣᠲᠣᠭᠠᠳᠤ ᠳᠤ ᠬᠤᠣᠷ ᠦᠢᠯᠡᠳᠬᠦ ᠫᠠᠨᠽᠠᠯᠠᠬᠤ ᠠᠵᠢᠯᠯᠠᠭ᠎ᠠ ᠶᠡᠬᠡᠲᠡ ᠥᠷᠨᠢᠵᠦ᠂ ᠨᠡᠶᠢᠯᠡᠯᠭᠡ ᠬᠤᠣᠷᠲᠤ ᠡᠳ᠋ ᠤᠨ ᠠᠰᠠᠭᠤᠳᠠᠯ ᠨᠡᠩ ᠰᠢᠷᠦᠭᠦᠰᠴᠦ᠂ ᠬᠤᠣᠷᠲᠤ ᠡᠳ᠋ ᠤᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠡᠳᠦᠷ ᠢᠷᠡᠬᠦᠶ᠎ᠡ ᠥᠷᠭᠡᠵᠢᠵᠦ ᠪᠤᠢ᠃ ᠤᠳᠤᠬᠠᠨ ᠪᠤᠯᠲᠠᠯ᠎ᠠ᠂ ᠪᠦᠬᠦ ᠤᠯᠤᠰ ᠲᠤ ᠳᠠᠩᠰᠠᠯᠠᠨ ᠲᠡᠮᠳᠡᠭᠡᠯᠡᠭᠰᠡᠨ ᠬᠤᠣᠷ ᠡᠳ᠋ᠯᠡᠭᠴᠢ ᠨᠢᠭᠡᠨᠲᠡ 355 ᠲᠦᠮᠨ ᠳᠤ ᠬᠦᠷᠴᠦ᠂ ᠥᠪᠥᠷ ᠮᠣᠩᠭᠤᠯ ᠤᠨ ᠳᠠᠩᠰᠠᠯᠠᠨ ᠲᠡᠮᠳᠡᠭᠡᠯᠡᠭᠰᠡᠨ ᠬᠤᠣᠷ ᠡᠳ᠋ᠯᠡᠭᠴᠢ ᠨᠢᠭᠡᠨᠲᠡ 48357 ᠬᠥᠮᠥᠨ ᠳᠤ ᠬᠦᠷᠴᠦ᠂  ᠬᠤᠣᠷ ᠡᠳ᠋ᠯᠡᠭᠴᠢ ᠶᠢᠨ ᠲᠤᠭ᠎ᠠ 2011ᠣᠨ ᠤ ᠬᠢ ᠠᠴᠠ ᠨᠢᠭᠡ ᠳᠠᠬᠢᠨ ᠢᠯᠡᠭᠦᠦ ᠨᠡᠮᠡᠭᠳᠡᠵᠦ᠂ ᠪᠣᠳᠠᠲᠠᠢ ᠬᠤᠣᠷ ᠡᠳ᠋ᠯᠡᠵᠦ ᠪᠠᠶᠢᠭ᠎ᠠ ᠶᠡᠷᠦᠩᠬᠡᠢ ᠬᠥᠮᠥᠨ ᠤ ᠲᠤᠭ᠎ᠠ 15 ᠲᠦᠮᠡ ᠶᠢ ᠳᠠᠪᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ ᠶᠡᠷᠦᠩᠬᠡᠢ ᠠᠩᠭᠢ ᠶᠢᠨ ᠳᠠᠷᠤᠭ᠎ᠠ ᠸᠠᠩ ᠵᠢᠶᠠᠨ ᠭᠦᠸᠧ ᠤᠨ ᠢᠯᠡᠳᠬᠡᠭᠰᠡᠨ ᠨᠢ᠂ ᠬᠤᠣᠷᠲᠤ ᠡᠳ᠋ ᠢ ᠰᠡᠷᠭᠡᠶᠢᠯᠡᠬᠦ ᠬᠥᠮᠥᠵᠢᠯ ᠢ ᠶᠡᠬᠡᠪᠡᠷ ᠴᠢᠩᠭᠠᠳᠬᠠᠵᠤ᠂ ᠪᠦᠬᠦ ᠠᠷᠠᠳ ᠤᠨ ᠬᠤᠣᠷ ᠢ ᠴᠠᠭᠠᠵᠠᠯᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯ᠂ ᠬᠤᠣᠷᠲᠤ ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠦᠨᠳᠦᠰᠦᠨ ᠠᠷᠭ᠎ᠠ ᠬᠡᠮᠵᠢᠶ᠎ᠡ ᠮᠦᠨ᠃ ᠬᠦᠨᠳᠦ ᠬᠡᠴᠡᠭᠦᠦ ᠪᠠᠶᠢᠳᠠᠯ ᠳᠤ ᠬᠠᠨᠳᠤᠭᠤᠯᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠡᠷᠬᠡᠪᠰᠢ ᠰᠡᠷᠭᠡᠶᠢᠯᠡᠬᠦ ᠪᠠᠷ ᠭᠤᠣᠯ ᠪᠣᠯᠭᠠᠬᠤ ᠴᠢᠬᠤᠯᠠ ᠴᠢᠭᠯᠡᠯᠲᠡ ᠪᠣᠯᠭᠠᠵᠤ᠂ ᠬᠤᠣᠷᠲᠤ ᠡᠳ᠋ ᠢ ᠰᠡᠷᠭᠡᠶᠢᠯᠡᠬᠦ ᠬᠥᠮᠥᠵᠢᠯ ᠢ ᠲᠡᠷᠢᠭᠦᠨ ᠪᠠᠶᠢᠷᠢᠨ ᠳᠤ ᠲᠠᠯᠪᠢᠵᠦ᠂ ᠬᠤᠣᠷᠲᠤ ᠡᠳ᠋ ᠤᠨ ᠠᠰᠠᠭᠤᠳᠠᠯ ᠤᠨ ᠦᠷᠪᠢᠰᠦᠨ ᠬᠥᠭᠵᠢᠬᠦ ᠶᠢ ᠦᠨᠳᠦᠰᠦᠨ ᠠᠴᠠ ᠨᠢ ᠬᠤᠷᠢᠭᠯᠠᠨ ᠵᠣᠭᠰᠣᠭᠠᠬᠤ ᠬᠡᠷᠡᠭᠲᠡᠢ᠃ ᠡᠯ᠎ᠡ ᠲᠤᠰᠬᠠᠢ ᠮᠡᠷᠭᠡᠵᠢᠯᠲᠡᠳ ᠬᠤᠣᠷ ᠴᠠᠭᠠᠵᠠᠯᠠᠬᠤ ᠠᠵᠢᠯ ᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠮᠠᠨ ᠤ ᠣᠷᠣᠨ ᠤ ᠤᠳᠤᠬᠠᠨ ᠤ ᠬᠤᠣᠷᠲᠤ ᠡᠳ᠋ ᠤᠨ ᠪᠠᠶᠢᠳᠠᠯ ᠢ ᠬᠢᠨᠠᠮᠠᠭᠠᠢ ᠰᠤᠳᠤᠯᠤᠨ ᠵᠠᠳᠠᠯᠵᠤ᠂ ᠣᠳᠣᠬᠠᠨ ᠤ ᠬᠤᠣᠷ ᠴᠠᠭᠠᠵᠠᠯᠠᠬᠤ ᠰᠡᠷᠭᠡᠶᠢᠯᠡᠨ ᠤᠬᠠᠭᠤᠯᠬᠤ ᠬᠥᠮᠥᠵᠢᠯ ᠤᠨ ᠠᠵᠢᠯ ᠤᠨ ᠳᠤᠮᠳᠠ ᠣᠷᠣᠰᠢᠵᠦ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠵᠢᠭᠠᠵᠤ ᠭᠠᠷᠭᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号