ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 5 ᠵᠢᠯ ᠳᠤ 134 ᠳ᠋ᠦᠩᠰᠢᠭᠤᠷ ᠲᠥᠭᠦᠷᠢᠭ ᠪᠡᠯᠡ ᠣᠷᠤᠭᠤᠯᠵᠦ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠳᠤ ᠬᠡᠷᠡᠭᠯᠡᠪᠡ
ᠨᠡᠶᠢᠲᠡᠯᠡᠭᠰᠡᠨ ᠴᠠᠭ᠄
2016/1/18
      ︽12᠂ 5︾᠎ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦᠨ ᠤ ᠣᠷᠤᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠵᠤ᠂ 5 ᠵᠢᠯ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 134 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃       ᠪᠦᠬᠦ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠠᠯᠭᠤᠷᠯᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠭ᠎ᠠ ᠪᠠᠶᠢᠳᠠᠯ ᠳᠣᠣᠷ᠎ᠠ᠂ ᠲᠥᠪ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 77.2 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠣᠰ ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ 56.8 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠮᠠᠨ ᠤ ᠣᠷᠣᠨ ᠤ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠰᠡᠳᠬᠢᠮᠵᠢ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠯ ᠪᠦᠷᠢ ᠪᠦᠬᠦ ᠣᠷᠣᠨ ᠤ 2834 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠷᠢ ᠳᠤ 45 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠵᠤ᠂ ᠨᠡᠶᠢᠲᠡ12.75 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠦ᠂ ᠲᠥᠯᠥᠪᠵᠢᠭᠦᠯᠭᠡ ᠶᠢ ᠲᠣᠰᠬᠤᠨ ᠡᠷᠦᠬᠡ ᠳᠤ ᠬᠦᠷᠭᠡᠬᠦ᠂ ᠲᠥᠷᠥᠯ ᠵᠦᠢᠯ ᠢ ᠲᠣᠰᠬᠤᠨ ᠡᠷᠦᠬᠡ ᠳᠤ ᠬᠦᠷᠭᠡᠬᠦ᠂ ᠺᠠᠳ᠋ᠷ ᠢ ᠲᠣᠰᠬᠤᠨ ᠡᠷᠦᠬᠡ ᠳᠤ ᠬᠥᠷᠭᠡᠬᠦ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠡᠬᠢᠯᠡᠨ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠪᠡᠯᠡ ᠮᠥᠩᠭᠦ᠂ ᠲᠥᠷᠥᠯ ᠵᠦᠢᠯ᠂ ᠺᠠᠳ᠋ᠷ ᠪᠠ ᠶᠠᠳᠠᠭᠤ ᠶᠢ ᠲᠡᠳᠬᠦᠬᠦ ᠡᠲᠡᠭᠡᠳ ᠢ ᠨᠢᠭᠲᠠ ᠵᠣᠯᠭᠠᠭᠤᠯᠵᠤ᠂ ᠪᠡᠯᠡ ᠮᠥᠩᠭᠦ ᠶᠢᠨ ᠬᠡᠷᠡᠭᠯᠡᠭᠡᠨ ᠤ ᠣᠨᠣᠪᠴᠢᠲᠤ ᠴᠢᠨᠠᠷ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠪᠡ᠃      2013 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠯ ᠪᠦᠷᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ 4.75 ᠳ᠋ᠦᠩᠰᠢᠭᠤᠷ ᠲᠥᠭᠦᠷᠢᠭ ᠨᠡᠶᠢᠯᠡᠭᠦᠯᠦᠨ᠂ ᠮᠤᠵᠢ ᠶᠢᠨ ᠳᠠᠰ ᠤᠨ 38 ᠤᠳᠤᠷᠢᠳᠤᠯᠭ᠎ᠠ ᠶᠢᠨ ᠬᠠᠷᠢᠯᠴᠠᠭᠰᠠᠨ ᠤᠯᠤᠰ ᠤᠨ ᠳᠡᠰ ᠤᠨ ᠶᠠᠳᠠᠭᠤ ᠶᠢ ᠲᠡᠳᠬᠦᠬᠦ ᠬᠤᠰᠢᠭᠤ ᠰᠢᠶᠠᠨ ᠳᠤ 1000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠷᠣᠨ ᠤ ᠳᠠᠰ ᠤᠨ 19 ᠶᠠᠳᠠᠭᠤ ᠶᠢ ᠲᠡᠳᠬᠦᠬᠦ ᠬᠤᠰᠢᠭᠤ ᠰᠢᠶᠠᠨ ᠳᠤ 500 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠥᠨᠥ ᠪᠣᠯᠬᠤ ᠳᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠳᠠᠭᠠᠭᠠᠯᠲᠠ ᠳᠤᠤᠷ᠎ᠠ᠂ ᠲᠠᠷᠢᠶᠠᠯᠠᠩ ᠤᠨ ᠪᠠᠩᠬᠢ ᠶᠢ ᠬᠥᠳᠡᠯᠭᠡᠨ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ 60.09 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠭᠤᠯᠵᠤ᠂ ᠨᠡᠶᠢᠲᠡ 415 ᠰᠢᠶᠠᠩ ᠪᠠᠯᠭᠠᠰᠤ 4322 ᠵᠠᠰᠠᠭ ᠵᠠᠬᠢᠷᠭᠠᠨ ᠤ ᠲᠣᠰᠬᠤᠨ ᠢ ᠪᠦᠷᠬᠦᠵᠦ᠂ 93 ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠪᠠ 10.6 ᠲᠦᠮᠡᠨ ᠮᠠᠯᠴᠢᠨ ᠲᠠᠷᠢᠶᠠᠴᠢᠨ ᠢ ᠳᠡᠮᠵᠢᠨ ᠠᠵᠤ ᠦᠢᠯᠡᠰ ᠢ ᠬᠥᠭᠵᠢᠭᠦᠯᠵᠦ᠂ 12.2 ᠲᠦᠮᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号