2016 ᠣᠨ ᠤ ᠪᠦᠬᠦ ᠣᠷᠣᠨ ᠤ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠤᠨ ᠬᠤᠷᠠᠯᠳᠤᠭᠠᠨ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/1/19
     
    1 ᠳ᠋ᠦ᠋ᠭᠡᠷ ᠰᠠᠷ᠎ᠠ ᠶᠢᠨ 18᠎ ᠤ ᠡᠳᠦᠷ᠂ 2016 ᠣᠨ ᠤ ᠪᠦᠬᠦ ᠣᠷᠣᠨ ᠤ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠤᠨ ᠬᠤᠷᠠᠯᠳᠤᠭᠠᠨ ᠬᠥᠬᠡᠬᠤᠲᠠ ᠳᠤ ᠬᠤᠷᠠᠯᠳᠤᠪᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠦᠢ ᠬᠤᠩ ᡁᠢ ᠬᠤᠷᠠᠯ ᠡᠷᠬᠢᠯᠡᠪᠡ᠃      ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦᠩ ᠭᠦᠸᠧ ᠴᠢᠩ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᠪᠥᠸᠧ ᠶᠠᠠ 2015 ᠣᠨ ᠤ ᠰᠣᠶᠣᠯ᠂ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠢ ᠳ᠋ᠦᠩᠨᠡᠵᠦ᠂ 2016 ᠣᠨ ᠤ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠳᠡᠳ᠋ ᠲᠡᠷᠢᠭᠦᠯᠡᠭᠴᠢ ᠯᠢᠦ ᠰᠢᠨ ᠯᠧ 2015 ᠣᠨ ᠤ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ 2016 ᠣᠨ ᠤ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠠᠵᠢᠯ ᠢ ᠰᠠᠶᠢᠲᠤᠷ ᠬᠢᠬᠦ ᠲᠣᠳᠣᠷᠬᠠᠢ ᠱᠠᠭᠠᠷᠳᠠᠯᠭ᠎ᠠ ᠳᠤᠷᠠᠳᠪᠠ᠃      ᠥᠪᠥᠷ ᠮᠣᠩᠭᠤᠯ ᠤᠨ ᠡᠯ᠎ᠡ ᠠᠶᠢᠮᠠᠭ ᠬᠤᠳᠠ ᠶᠢᠨ ᠬᠤᠪᠢᠳᠠᠨ ᠬᠠᠮᠢᠶᠠᠷᠬᠤ ᠳᠡᠳ᠋ ᠠᠶᠢᠮᠠᠭ ᠬᠤᠳᠠ ᠶᠢᠨ ᠳᠠᠷᠤᠭ᠎ᠠ᠂ ᠰᠣᠶᠣᠯ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ᠂ ᠨᠠᠮ ᠤᠨ ᠰᠡᠳᠬᠦᠯ᠂ ᠷᠠᠳᠢᠤ᠋ ᠺᠢᠨᠣ᠋ ᠲᠧᠯᠸᠢᠰ ᠬᠤᠷᠢᠶ᠎ᠠ ᠶᠢᠨ ᠭᠤᠣᠯ ᠬᠠᠷᠢᠭᠤᠴᠠᠯᠭᠠᠲᠠᠨ︔ ᠬᠢᠯᠢ ᠳᠠᠭᠠᠤ ᠬᠤᠰᠢᠭᠤ ᠬᠤᠲᠠ ︵ᠲᠣᠭᠤᠷᠢᠭ︶᠎ ᠶᠢᠨ ᠬᠤᠪᠢᠳᠠᠨ ᠬᠠᠮᠢᠶᠠᠷᠬᠤ ᠳᠡᠳ᠋ ᠬᠤᠰᠢᠭᠤ ᠬᠤᠲᠠ ︵ᠲᠣᠭᠤᠷᠢᠭ︶᠎ ᠶᠢᠨ ᠳᠠᠷᠤᠭ᠎ᠠ᠂ ᠰᠣᠶᠣᠯ ᠪᠡᠶ᠎ᠡ ᠶᠢᠨ ᠲᠠᠮᠢᠷ ᠰᠣᠨᠢᠨ ᠮᠡᠳᠡᠭᠡ ᠷᠠᠳᠢᠤ᠋ ᠶᠢᠨ ᠲᠣᠪᠴᠢᠶ᠎ᠠ ᠶᠢᠨ ᠳᠠᠷᠤᠭ᠎ᠠ︔ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠷᠠᠳᠢᠤ᠋ ᠺᠢᠨᠣ᠋ ᠲᠧᠯᠸᠢᠰ ᠬᠤᠷᠢᠶ᠎ᠠ᠂ ᠬᠡᠪᠯᠡᠯ ᠤᠨ ᠪᠦᠯᠦᠭᠯᠡᠯ᠂ ᠺᠢᠨᠣ᠋ ᠶᠢᠨ ᠪᠦᠯᠦᠭᠯᠡᠯ᠂ ᠷᠠᠳᠢᠤ᠋ ᠲᠧᠯᠸᠢᠰ ᠰᠦᠯᠵᠢᠶ᠎ᠡ ᠶᠢᠨ ᠪᠦᠯᠦᠭᠯᠡᠯ᠂ ᠰᠢᠨᠬᠤᠸᠠ ᠲᠠᠷᠬᠠᠭᠠᠬᠤ ᠪᠦᠯᠦᠭᠯᠡᠯ ᠤᠨ ᠭᠤᠣᠯ ᠬᠠᠷᠢᠭᠤᠴᠠᠯᠭᠠᠲᠠᠨ︔ ᠬᠤᠯᠪᠤᠭᠳᠠᠯ ᠪᠦᠬᠦᠢ ᠬᠡᠪᠯᠡᠯ ᠤᠨ ᠬᠤᠷᠢᠶ᠎ᠠ᠂ ᠬᠡᠪᠯᠡᠨ ᠳᠠᠷᠤᠮᠠᠯᠯᠠᠬᠤ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠲᠠᠷᠬᠠᠭᠠᠬᠤ ᠠᠵᠤ ᠠᠬᠤᠶᠢᠯᠠᠯ᠂ ᠺᠢᠨᠣ᠋ ᠲᠧᠯᠸᠢᠰ ᠦᠢᠯᠡᠳᠬᠦ ᠪᠠᠶᠢᠭᠤᠯᠤᠮᠵᠢ᠂ ᠦᠵᠡᠵᠦ ᠰᠣᠨᠣᠰᠬᠤ ᠫᠷᠤᠭ᠍ᠷᠠᠮ ᠤᠨ ᠰᠦᠯᠵᠢᠶ᠎ᠡ ᠶᠢᠨ ᠲᠥᠯᠥᠭᠡᠯᠡᠭᠴᠢ︔ ᠥᠪᠥᠷ ᠮᠣᠩᠭᠤᠯ ᠤᠨ ᠰᠣᠨᠢᠨ ᠮᠡᠳᠡᠭᠡ ᠬᠡᠪᠯᠡᠯ ᠷᠠᠳᠢᠤ᠋ ᠺᠢᠨᠣ᠋ ᠲᠧᠯᠸᠢᠰ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠡᠯ᠎ᠡ ᠬᠡᠯᠲᠡᠰ ᠭᠠᠵᠠᠷ ᠤᠨ ᠬᠠᠷᠢᠭᠤᠴᠠᠯᠭᠠᠲᠠᠨ᠂ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号