| | | ᠣᠶᠢᠷ᠎ᠠ ᠳᠤ᠂ 2016 ᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠤ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠤᠷᠠᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠲᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠲᠥᠪ ᠤᠨ | ᠡᠷᠬᠢᠯᠡᠭᠴᠢ ᠯᠢᠦ ᠬᠤ᠋ ᠴᠧᠩ ᠵᠢᠴᠢ ᠪᠦᠬᠦ ᠣᠷᠣᠨ ᠤ 14 ᠠᠶᠢᠮᠠᠭ ᠬᠤᠳᠠ ᠶᠢᠨ ᠬᠤᠪᠢᠶᠠᠷᠢ ᠲᠥᠪ ᠪᠣᠯᠤᠨ | ᠠᠰ ᠲᠠᠭᠠᠨ ᠲᠥᠯᠥᠪᠯᠡᠭᠡ ᠲᠠᠢ ᠬᠤᠳᠠ ᠶᠢᠨ ᠡᠷᠬᠢᠯᠡᠭᠴᠢ ᠬᠤᠷᠠᠯ ᠳᠤ ᠣᠷᠣᠯᠴᠠᠭᠰᠠᠨ ᠪᠠᠶᠢᠨ᠎ᠠ᠂ ᠡᠭᠦᠨ ᠤ ᠬᠠᠮᠲᠤ | ᠪᠠᠰᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠬᠠᠮᠢᠶ᠎ᠠ | ᠪᠦᠬᠦᠢ ᠤᠳᠤᠷᠢᠳᠤᠯᠭ᠎ᠠ ᠵᠢᠴᠢ ᠡᠯ᠎ᠡ ᠵᠠᠩᠭᠢᠯᠠᠭ᠎ᠠ ᠶᠢᠨ ᠺᠠᠳ᠋ᠷ ᠬᠤᠷᠠᠯ ᠳᠤ ᠤᠷᠤᠯᠴᠠᠵᠡᠢ᠃ | ᠬᠤᠷᠠᠯ ᠠᠴᠠ 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠢ ᠪᠦᠷᠢᠳᠬᠡᠨ ᠳ᠋ᠦᠩᠨᠡᠵᠦ᠂ 2016 ᠣᠨ ᠤ ᠠᠵᠢᠯ ᠤᠨ | ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ 2015 ᠣᠨ ᠤ ︽12.5︾ ᠶᠢᠨ ᠡᠴᠦᠰ ᠤᠨ ᠦᠶ᠎ᠡ ᠳᠤ᠂ ᠪᠦᠬᠦ | ᠣᠷᠣᠨ ᠲᠠᠪᠤᠨ ᠵᠢᠯ ᠤᠨ ᠳᠣᠲᠣᠷ᠎ᠠ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢ ᠨᠡᠶᠢᠳᠡ120 ᠳ᠋ᠦᠩᠰᠢᠭᠤᠷ | ᠲᠥᠭᠦᠷᠢᠭ ᠪᠤᠷᠤᠯᠠᠭᠤᠯᠵᠤ᠂ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠨᠡᠶᠢᠲᠡ 33.52 ᠳ᠋ᠦᠩᠰᠢᠭᠤᠷ ᠲᠥᠭᠦᠷᠢᠭ | ᠴᠤᠭᠯᠠᠭᠤᠯᠪᠠ᠂ ᠡᠭᠦᠨ ᠤ ᠳᠣᠲᠣᠷ᠎ᠠ 2015 ᠣᠨ ᠳᠤ ᠭᠠᠭᠴᠠ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ 38.28 | ᠳ᠋ᠦᠩᠰᠢᠭᠤᠷ ᠲᠥᠭᠦᠷᠢᠭ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠶ᠂ ᠵᠠᠬ᠎ᠠ ᠳᠡᠯᠭᠡᠭᠦᠷ ᠤᠨ | ᠬᠤᠪᠢ ᠶᠢᠨ ᠲᠤᠭ᠎ᠠ ᠪᠠ ᠪᠦᠬᠦ ᠤᠯᠤᠰ ᠤᠨ ᠨᠡᠷ᠎ᠡ ᠶᠢᠨ ᠵᠢᠭᠰᠠᠭᠠᠯᠲᠠ ᠬᠤᠶᠠᠭᠤᠯᠠ ᠪᠠᠨ ᠤᠷᠦᠬᠰᠢ ᠰᠢᠯᠵᠢᠵᠦ᠂ | ᠤᠯᠠᠠ ᠤᠳᠠᠭ᠎ᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠲᠥᠪ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠦᠬᠢᠭᠦᠯᠦᠯ | ᠰᠠᠶᠢᠰᠢᠶᠠᠯ ᠢ ᠬᠦᠷᠲᠡᠵᠦ᠂ 2015 ᠣᠨ ᠤ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ 2016 ᠣᠨ ᠪᠤᠯ ︽13 · 5︾ ᠶᠢᠨ ᠡᠬᠢᠨ ᠤ ᠬᠠᠭᠤᠳᠠᠰᠤ ᠰᠡᠬᠦᠭᠳᠡᠬᠦ ᠵᠢᠯ ᠪᠤᠯᠤᠨ᠎ᠠ᠂ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠰᠢᠨ᠎ᠡ ᠶᠢ ᠡᠭᠦᠳᠬᠦ᠂ | ᠵᠤᠬᠢᠴᠠᠩᠭᠤᠢ᠂ ᠪᠤᠬᠢᠷᠳᠤᠯ ᠦᠭᠡᠢ᠂ ᠴᠢᠯᠦᠭᠡᠲᠡᠢ ᠶᠠᠪᠤᠯᠴᠠᠬᠤ᠂ ᠬᠠᠮᠲᠤ ᠡᠳ᠋ᠯᠡᠬᠦ︾ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠶᠢᠨ ᠬᠠᠮᠲᠤ ᠦᠨᠡᠨ ᠬᠦ ᠲᠤᠤᠱᠯᠠᠭᠤᠯᠵᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠵᠣᠬᠢᠴᠠᠩᠭᠤᠶ ᠬᠥᠭᠵᠢᠯᠲᠡ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ | ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠬᠦᠳᠬᠦ ᠪᠠᠷ ᠳᠠᠮᠵᠢᠭᠤᠯᠤᠨ᠂ ᠠᠮᠢᠳᠤᠯᠢᠭ ᠬᠦᠴᠦᠨ ᠢ ᠪᠠᠳᠠᠷᠠᠭᠤᠯᠵᠤ᠂ | ᠠᠩᠭᠢ ᠪᠦᠯᠬᠦᠮ ᠤᠨ ᠭᠤᠣᠯᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠵᠤᠬᠢᠴᠠᠩᠭᠤᠢ ᠬᠦᠭᠵᠢᠯᠲᠡ ᠪᠠᠷ | ᠳᠠᠮᠵᠢᠭᠤᠯᠤᠨ ᠲᠣᠭᠯᠠᠭᠠᠮ ᠤᠨ ᠦᠢᠯᠡᠳᠬᠦᠨ ᠪᠠ ᠣᠷᠣᠨ ᠪᠦᠰᠡ ᠶᠢᠨ ᠲᠡᠩᠴᠡᠭᠦᠷᠢᠲᠡᠶ ᠬᠥᠭᠵᠢᠯᠲᠡ ᠶᠢ | ᠠᠬᠢᠭᠤᠯᠤᠨ᠎ᠠ︔ ᠰᠠᠭᠤᠷᠢ ᠪᠦᠲᠦᠭᠡᠨ ᠪᠠᠶᠢᠭᠤᠯᠤᠯᠲᠠ᠂ ᠡᠵᠡᠩᠨᠡᠨ ᠪᠣᠷᠣᠯᠠᠭᠤᠯᠬᠤ ᠤᠬᠠᠭᠤᠯᠬᠤ᠂ ᠦᠢᠯᠡᠴᠢᠯᠡᠭᠡᠨ ᠤ | ᠪᠠᠲᠤᠯᠠᠭ᠎ᠠ ᠵᠡᠷᠭᠡ ᠪᠠᠶᠢᠩᠭᠤ ᠶᠢᠨ ᠠᠵᠢᠯ ᠢ ᠯᠠᠪᠳᠠᠭᠤᠨ ᠰᠠᠶᠢᠲᠤᠷ ᠬᠢᠬᠦ ᠶᠢᠨ ᠵᠡᠷᠭᠡᠴᠡᠭᠡᠪᠡᠷ᠂ ︽ᠲᠠᠪᠤᠨ | ᠬᠥᠭᠵᠢᠭᠦᠯᠬᠦ᠂ ᠭᠤᠷᠪᠠᠨ ᠬᠡᠯᠪᠡᠷᠢ ᠶᠢ ᠬᠤᠪᠢᠷᠠᠭᠤᠯᠬᠤ᠂ ᠲᠠᠪᠤᠨ ᠰᠢᠨ᠎ᠡ ᠶᠢ ᠡᠭᠦᠳᠬᠦ᠂ ᠲᠦᠷᠪᠡᠨ ᠪᠦᠲᠦᠭᠡᠨ | ᠪᠠᠶᠢᠭᠤᠯᠤᠯᠲᠠ᠂ ᠳᠥᠷᠪᠡᠨ ᠴᠢᠩᠭᠠᠳᠬᠠᠬᠤ︾ ᠠᠵᠢᠯ ᠤᠨ ᠰᠡᠳᠬᠢᠮᠵᠢ ᠪᠠᠷ ᠡᠯ᠎ᠡ ᠵᠦᠢᠯ ᠤᠨ ᠠᠵᠢᠯ ᠢ | ᠦᠷᠨᠢᠭᠦᠯᠡᠨᠡ᠃ | ᠬᠤᠷᠠᠯᠳᠤᠭᠠᠨ ᠨᠢ 2016 ᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠪᠠ ᠲᠣᠣᠷ | ᠴᠢᠭ᠋ ᠤᠨ ᠤᠳᠤᠨ ᠲᠡᠰ ᠢ ᠰᠢᠯᠭᠠᠷᠠᠭᠤᠯᠤᠨ ᠲᠣᠭᠲᠠᠭᠠᠬᠤ ᠠᠵᠢᠯ ᠳᠤ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠦ᠂ | ᠪᠣᠳᠠᠲᠠᠶ ᠱᠠᠭᠠᠷᠳᠠᠯᠭ᠎ᠠ ᠲᠤᠷᠠᠳᠬᠤ ᠶᠢᠨ ᠬᠠᠮᠲᠤ ᠡᠯ᠎ᠡ ᠠᠶᠢᠮᠠᠭ ᠬᠤᠲᠠ ᠶᠢᠨ 2015 ᠣᠨ ᠤ ᠲᠤᠬᠠᠶᠢᠯᠠᠭᠰᠠᠨ | ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠳᠤ ᠬᠤᠷᠢᠶᠠᠩᠭᠤᠶᠢᠯᠠᠯ ᠪᠠ ᠳ᠋ᠦᠩᠨᠡᠯᠲᠡ ᠬᠢᠭᠰᠡᠨ ᠪᠠᠶᠢᠨ᠎ᠠ᠃ |