ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ  ᠪᠦ᠋ ᠰᠢᠶᠤᠤ ᠯᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016/1/19
     1 ᠳ᠋ᠤᠭᠡᠷ ᠰᠠᠷ᠎ᠠ ᠶᠢᠨ 18᠎ ᠤ ᠡᠲᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠭᠡᠲᠦᠮᠡᠯ ᠹᠷᠤᠨᠲ ᠤᠨ ᠬᠡᠯᠲᠡᠰ ᠪᠤᠯᠤᠨ ᠦᠪᠡᠷᠲᠡᠭᠡᠨ ᠵᠠᠰᠬᠠᠤ ᠤᠷᠤᠨ ᠤ ᠶᠡᠭᠡ ᠲᠡᠭᠡᠲᠦ ᠰᠤᠷᠭᠠᠭᠤᠯᠢ ᠶᠢᠨ ᠠᠵᠢᠯ ᠤᠨ ᠬᠤᠷᠢᠶ᠎ᠠ ᠬᠥᠬᠡᠬᠤᠲᠠ ᠳᠤ ᠪᠥᠬᠦ ᠣᠷᠣᠨ ᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠬᠤᠷᠠᠯᠳᠤᠭᠤᠯᠪᠠ᠃ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ ᠪᠦ᠋ ᠰᠢᠶᠤᠤ ᠯᠢᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠰᠢᠨ᠎ᠡ ᠬᠡᠪ ᠪᠠᠶᠢᠳᠠᠯ ᠳᠣᠣᠷ᠎ᠠ᠂ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠡᠪᠴᠢᠶ᠎ᠡ ᠨᠡᠩ ᠥᠷᠭᠡᠨ᠂ ᠡᠭᠦᠷᠭᠡ ᠨᠡᠩ ᠬᠥᠨᠳᠣ᠂ ᠴᠢᠬᠤᠯᠠ ᠪᠠᠶᠢᠷᠢ ᠰᠠᠭᠤᠷᠢ ᠨᠡᠩ ᠳᠣᠪᠣᠶᠢᠮ᠎ᠡ ᠪᠣᠯᠪᠠ᠃ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠬᠢᠭᠤᠯᠵᠤ᠂ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠥᠪᠰᠢᠨ ᠢ ᠬᠠᠮᠠᠭᠠᠯᠠᠬᠤ ᠥᠨᠳᠥᠷᠴᠡ ᠠᠴᠠ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠰᠠᠶᠢᠲᠤᠷ ᠬᠢᠬᠦ ᠲᠦᠢᠯ ᠤᠨ ᠴᠢᠬᠤᠯᠠ ᠴᠢᠨᠠᠷ ᠪᠣᠯᠣᠨ ᠪᠣᠳᠠᠲᠤ ᠪᠠᠶᠢᠳᠠᠯ ᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠣᠯᠣᠰ ᠲᠥᠷᠥ ᠶᠢᠨ ᠦᠵᠡᠯ ᠣᠬᠠᠮᠰᠠᠷ᠂ ᠬᠠᠷᠢᠭᠤᠴᠠᠯᠭᠠᠲᠤ ᠦᠵᠡᠯ ᠤᠬᠠᠮᠰᠠᠷ ᠪᠣᠯᠣᠨ ᠡᠭᠦᠷᠭᠡᠲᠦ ᠦᠵᠡᠯ ᠣᠬᠠᠮᠰᠠᠷ ᠢ ᠦᠨᠡᠨᠬᠦ ᠴᠢᠩᠭᠠᠭᠳᠬᠠᠵᠤ᠂ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠴᠢᠬᠤᠯᠠ ᠶᠡᠭᠡ ᠣᠯᠣᠰ ᠲᠥᠷᠦ ᠶᠢᠨ ᠡᠭᠦᠷᠭᠡ ᠪᠣᠯᠭᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ ᠭᠡᠪᠡ᠃      ᠪᠦ᠋ ᠰᠢᠶᠤᠤ ᠯᠢᠨ ᠴᠢᠬᠤᠯᠠᠴᠢᠯᠠᠬᠰᠠᠨ ᠨᠢ᠂ ᠲᠦᠪ ᠤᠨ ᠪᠠ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠰᠢᠨ᠎ᠡ ᠱᠠᠭᠠᠷᠲᠠᠯᠭ᠎ᠠ ᠶᠢ ᠤᠨᠤᠪᠴᠢᠲᠠᠢ ᠡᠵᠡᠮᠰᠢᠵᠦ᠂ ᠲᠦᠪ ᠤᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ᠂ ᠨᠢᠭᠡᠲᠦᠮᠡᠯ ᠹᠷᠤᠨᠲ ᠤᠨ ᠠᠵᠢᠯ ᠤᠨ ᠲᠦᠷᠢᠮ ᠪᠤᠯᠤᠨ ᠪᠦᠬᠦ ᠤᠯᠤᠰ ᠤᠨ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢᠨ ᠭᠤᠣᠯᠯᠠᠬᠤ ᠴᠢᠬᠤᠯᠠ ᠠᠭᠤᠯᠭ᠎ᠠ ᠶᠢ ᠬᠦᠨᠵᠡᠭᠡᠢ ᠤᠢᠢᠯᠠᠭᠠᠵᠦ᠂ ᠮᠠᠨ ᠤ ᠤᠷᠤᠨ ᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠭᠠᠷᠳᠠᠴᠠ ᠶᠢ ᠤᠨᠤᠪᠴᠢᠲᠠᠢ ᠡᠷᠢᠵᠦ᠂ ᠪᠣᠲᠠᠲᠠᠢ ᠠᠵᠢᠯ ᠤᠨ ᠠᠷᠭ᠎ᠠ ᠪᠠᠷᠢᠯ ᠢ ᠰᠤᠳᠤᠯᠤᠨ᠂ ᠮᠠᠨ ᠤ ᠤᠷᠤᠨ ᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠰᠢᠨ᠎ᠡ ᠪᠠᠶᠢᠲᠠᠯ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ᠃ ᠠᠰᠠᠭᠤᠳᠠᠯ ᠤᠨ ᠦᠵᠡᠯ ᠤᠬᠠᠮᠰᠠᠷ ᠢ ᠴᠢᠩᠭᠠᠳᠬᠠᠵᠤ᠂ ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ᠨᠢᠭᠡᠲᠦᠮᠡᠯ ᠹᠷᠣᠨᠲ ᠶᠢᠨ ᠠᠵᠢᠯ ᠤᠨ ᠬᠡᠪᠴᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠬᠠᠨᠳᠤᠭᠤᠯᠤᠨ᠂ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠨᠠᠷᠢᠨ ᠳᠠᠩᠰᠠ ᠭᠠᠷᠭᠠᠵᠤ᠂ ᠠᠯᠬᠤᠮ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠰᠢᠨ᠎ᠡ ᠡᠭᠦᠳᠦᠯᠲᠡ ᠶᠢ ᠠᠬᠢᠭᠤᠯᠵᠦ᠂ ᠬᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠠᠨᠳᠤᠯᠭᠠᠲᠤ ᠴᠢᠨᠠᠷᠲᠠᠢ ᠪᠠᠷ ᠬᠠᠶᠢᠨ ᠰᠦᠪᠡᠭᠴᠢᠯᠡᠨ ᠦᠢᠯᠡᠳᠦᠯᠭᠡᠵᠢᠭᠦᠯᠬᠦ ᠶᠢ ᠴᠢᠩᠭᠠᠳᠬᠠᠵᠤ᠂ ᠨᠢᠭᠡᠲᠦᠮᠡᠯ ᠹᠷᠤᠨᠲ ᠤᠨ ᠠᠵᠢᠯ ᠤᠨ ᠪᠠᠶᠢᠭᠤᠯᠤᠯ ᠤᠨ ᠲᠣᠭᠲᠠᠴᠠ᠂ ᠲᠠᠪᠴᠠᠩ ᠤᠨ ᠠᠴᠢᠶᠠᠯᠠᠪᠤᠷᠢ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠢᠭᠡᠲᠦᠮᠡᠯ ᠹᠷᠤᠨᠲ ᠤᠨ ︽ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠳᠤᠳᠬᠠᠬᠤ ︿13.5﹀᠎ ᠶᠢᠨ ᠠᠵᠢᠯᠯᠠᠭ᠎ᠠ︾᠎ ᠶᠢ ᠦᠷᠨᠢᠭᠦᠯᠵᠦ᠂ ᠶᠡᠭᠡ ᠲᠡᠭᠡᠲᠦ ᠰᠤᠷᠭᠠᠭᠤᠯᠢ ᠶᠢᠨ ᠲᠤᠰ ᠪᠡᠶ᠎ᠡ ᠶᠢᠨ ᠲᠠᠪᠠᠭᠤᠯᠢᠬ ᠢ ᠪᠠᠲᠠᠷᠠᠭᠤᠯᠤᠨ᠂ ᠨᠡᠷᠡᠲᠦ ᠲᠦᠷᠦᠯ ᠲᠡᠮᠲᠡᠭᠲᠦ ᠶᠢᠨ ᠠᠵᠢᠯᠯᠠᠭ᠎ᠠ ᠶᠢ ᠴᠢᠷᠮᠠᠶᠢᠨ ᠴᠤᠭᠴᠠᠯᠠᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠨᠢᠭᠡᠲᠦᠮᠡᠯ ᠹᠷᠤᠨᠲ ᠤᠨ ᠰᠠᠯᠠᠭ᠎ᠠ ᠮᠦᠴᠢᠷ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠡ ᠨᠤᠭᠤᠳ ᠵᠢᠯᠣᠭᠤᠳᠣᠯᠭ᠎ᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ︔ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠡ ᠎ ᠨᠤᠭᠤᠳ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠨᠢᠭᠡᠨ ᠰᠢᠨ᠎ᠡ ᠬᠢᠷᠢ ᠬᠡᠮᠵᠢᠶ᠎ᠡ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号