| ᠬᠤᠷᠠᠯ ᠤᠨ ᠠᠬᠤᠢ ᠲᠠᠯᠠᠪᠠᠢ | 1 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ | ᠪᠠᠭᠤᠭᠰᠠᠨ ᠺᠠᠳ᠋ᠷᠴᠤᠳ ᠲᠤ ᠠᠵᠤ ᠠᠬᠤᠶ ᠶᠢᠨ ᠪᠠᠶᠢᠳᠠᠯ ᠢ ᠮᠡᠳᠡᠭᠦᠯᠬᠦ ᠬᠤᠷᠠᠯ ᠬᠥᠬᠡᠬᠤᠲᠠ ᠳᠤ ᠬᠤᠷᠠᠯᠳᠤᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠧᠩ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ | ᠺᠠᠳ᠋ᠷᠴᠤᠳ ᠤᠨ ᠲᠣᠪᠴᠢᠶ᠎ᠠ ᠶᠢᠨ ᠳᠠᠷᠤᠭ᠎ᠠ ᠶᠤᠸᠠᠢ ᡁᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠳᠡᠭᠡᠷ᠎ᠡ᠂ ᠹᠦ᠋ ᠲᠠᠢ ᠽᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ | ᠵᠢᠴᠢ ︽12· 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠮᠡᠳᠡᠭᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽12· 5 | ︾ ᠶᠢᠨ ᠬᠤᠭᠤᠴᠠᠭᠠᠨ ᠤ ᠪᠠ 2016 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠵᠢᠴᠢ | ᠬᠠᠷᠠᠯᠲᠠᠲᠤ ᠡᠭᠦᠷᠭᠡ ᠶᠢᠨ ᠠᠵᠢᠯᠯᠠᠭᠠᠨ ᠳᠤ ᠪᠣᠳᠠᠲᠠᠶ ᠲᠣᠳᠣᠷᠬᠠᠶᠢᠯᠠᠯᠲᠠ ᠬᠢᠵᠡᠶ᠃ ᠡᠭᠦᠨ ᠳᠤ᠂ 2015 ᠣᠨ ᠳᠤ | ᠥᠪᠥᠷ ᠮᠣᠩᠭᠤᠯ ᠤᠨ ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ | ᠪᠠᠶᠢᠵᠤ᠂ ᠵᠢᠱᠢᠯᠲᠡ ᠪᠠᠷ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ 7.8% ᠪᠠᠷ ᠨᠡᠮᠡᠭᠳᠡᠵᠦ᠂ | ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.5% ᠪᠠᠷ ᠨᠡᠮᠡᠭᠳᠡᠵᠦ᠂ ᠲᠣᠭᠲᠠᠮᠠᠯ ᠬᠦ᠋ᠷᠦᠩᠭᠡ ᠶᠢᠨ | ᠪᠡᠯᠡ ᠣᠷᠣᠭᠤᠯᠤᠯᠲᠠ 14.5% ᠪᠠᠷ ᠨᠡᠮᠡᠭᠳᠡᠪᠡ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ | ᠲᠤᠰ ᠲᠤᠰ 9% ᠪᠣᠯᠣᠨ 10% ᠪᠠᠷ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠢᠯᠡᠳᠬᠡᠭᠴᠢ ᠲᠤᠭ᠎ᠠ ᠨᠢ 1.1% ᠪᠠᠷ ᠥᠰᠴᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠶ ᠥᠷᠳᠡᠭ ᠲᠠᠬᠢ | ᠡᠨᠧᠷᠭᠢ ᠶᠢᠨ ᠬᠤᠷᠣᠭᠳᠠᠯ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ | ᠬᠡᠮᠵᠢᠶ᠎ᠡ ᠨᠢ ᠲᠤᠰ ᠲᠤᠰ 4% ᠪᠣᠯᠣᠨ 5% ᠪᠠᠷ ᠳᠣᠷᠣᠭᠰᠢᠯᠠᠪᠠ᠃ | ︽2016 ᠣᠨ ᠪᠣᠯ ︿13· 5﹀ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ | ᠮᠦᠨ᠂ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠬᠢᠯᠡᠯᠲᠡ ᠶᠢ ᠰᠢᠪᠲᠤᠯᠬᠤ ᠵᠢᠯ | ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ | ᠠᠵᠢᠯ ᠢ ᠰᠠᠶᠢᠲᠤᠷ ᠬᠢᠬᠦ ᠴᠢᠬᠤᠯᠠ ᠨᠢᠭᠡ ᠵᠢᠯ ᠪᠣᠯᠬᠤ ᠶᠤᠮ᠃︾ ᠹᠦ᠋ ᠲᠠᠢ ᠽᠧᠩ ᠮᠡᠳᠡᠭᠦᠯᠦᠯᠲᠡ ᠶᠢᠨ ᠬᠤᠷᠠᠯ | ᠳᠡᠭᠡᠷ᠎ᠡ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯᠳᠤᠭᠠᠨ ᠠᠴᠠ 2016 ᠣᠨ ᠤ ᠠᠵᠤ ᠠᠬᠤᠶ ᠶᠢᠨ ᠠᠵᠢᠯ ᠤᠨ ᠭᠤᠣᠯ ᠵᠢᠱᠢᠭᠰᠡᠨ ᠬᠠᠷᠠᠯᠲᠠ ᠶᠢ ᠲᠣᠳᠣᠷᠬᠠᠶ | ᠳᠤᠷᠠᠳᠪᠠ᠃ ᠡᠭᠦᠨ ᠳᠤ᠂ ︽ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 7.5% ᠪᠠᠷ | ᠨᠡᠮᠡᠭᠳᠡᠭᠦᠯᠵᠦ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 12% ᠢᠶᠠᠷ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠭᠡᠢ ᠲᠤᠭ᠎ᠠ ᠶᠢ 9% ᠪᠠᠷ ᠨᠡᠮᠡᠭᠳᠡᠭᠦᠯᠵᠦ᠂ ᠡ᠊ᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 8% | ᠪᠣᠯᠣᠨ 9% ᠪᠠᠷ ᠨᠡᠮᠡᠭᠳᠡᠭᠦᠯᠵᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠶ ᠥᠷᠳᠡᠭ ᠲᠠᠬᠢ ᠡᠨᠧᠷᠭᠢ ᠶᠢᠨ | ᠬᠤᠷᠣᠭᠳᠠᠯ ᠢ 2.8% ᠪᠠᠷ ᠳᠣᠷᠣᠭᠰᠢᠯᠠᠭᠤᠯᠵᠤ᠂ ᠬᠤᠲᠠ ᠪᠠᠯᠭᠠᠰᠤ ᠶᠢᠨ 26 ᠲᠦᠮᠡᠨ ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠳᠤ ᠡᠵᠡᠮᠳᠡᠵᠦ᠂ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠣᠳᠠᠲᠠᠶ ᠠᠬᠢᠴᠠ ᠲᠠᠢ ᠪᠣᠯᠭᠠᠨ᠎ᠠ᠃︾ ᠭᠡᠪᠡ᠃ | ᠶᠤᠸᠠᠢ ᡁᠢ ᠵᠢᠶᠦ᠋ᠨ ᠮᠡᠳᠡᠭᠦᠯᠦᠯᠲᠡ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠡᠨᠡ ᠤᠳᠠᠭ᠎ᠠ ᠥᠪᠥᠷ | ᠮᠣᠩᠭᠤᠯ ᠤᠨ ᠠᠬᠠᠮᠠᠳ ᠺᠠᠳ᠋ᠷᠴᠤᠳ ᠤᠨ ᠲᠣᠪᠴᠢᠶ᠎ᠠ ᠨᠢ ᠪᠦᠬᠦ ᠵᠢᠯ ᠤᠨ ᠠᠵᠢᠯ ᠢᠶᠠᠨ ᠳ᠋ᠦᠩᠨᠡᠭᠰᠡᠨ ᠰᠠᠭᠤᠷᠢᠨ | ᠳᠡᠭᠡᠷ᠎ᠡ ᠪᠦᠬᠦ ᠣᠷᠣᠨ ᠤ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠠᠵᠢᠯ ᠤᠨ | ᠪᠠᠶᠢᠳᠠᠯ ᠢ ᠮᠡᠳᠡᠭᠡᠯᠡᠪᠡ᠃ 2015 ᠣᠨ ᠤ ᠠᠵᠢᠯ ᠤᠨ ᠵᠢᠷᠭᠤᠭᠠᠨ ᠲᠠᠯ᠎ᠠ ᠶᠢᠨ 27 ᠵᠦᠢᠯ ᠤᠨ ᠪᠣᠳᠠᠲᠠᠶ | ᠠᠭᠤᠯᠭ᠎ᠠ ᠶᠢ ᠪᠠᠭᠲᠠᠭᠠᠪᠠ᠂ 2016 ᠣᠨ ᠳᠤ 8 ᠲᠠᠯ᠎ᠠ ᠶᠢ ᠪᠠᠭᠲᠠᠭᠠᠬᠤ ᠪᠠᠷ ᠲᠥᠯᠥᠪᠯᠡᠵᠦ ᠪᠣᠢ᠃ 2016 | ᠣᠨ ᠳᠤ ᠥᠪᠥᠷ ᠮᠣᠩᠭᠤᠯ ᠤᠨ ᠠᠬᠠᠮᠠᠳ ᠺᠠᠳ᠋ᠷᠴᠤᠳ ᠤᠨ ᠲᠣᠪᠴᠢᠶ᠎ᠠ ᠨᠢ ᠲᠥᠪ ᠬᠤᠷᠢᠶ᠎ᠠ ᠪᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠬᠢᠨᠠᠮᠠᠭᠠᠶ | ᠨᠠᠶᠢᠳᠠᠪᠤᠷᠢᠵᠢᠭᠤᠯᠵᠤ᠂ ᠵᠥᠪ ᠡᠨᠧᠷᠭᠢ ᠨᠡᠮᠡᠷᠢᠯᠡᠬᠦ ᠠᠵᠢᠯᠯᠠᠭ᠎ᠠ ᠥᠷᠨᠢᠭᠦᠯᠵᠦ᠂ ᠠᠵᠢᠯ ᠠᠴᠠ ᠪᠠᠨ ᠪᠠᠭᠤᠵᠤ | ᠠᠮᠠᠷᠠᠭᠰᠠᠨ ᠺᠠᠳ᠋ᠷᠴᠤᠳ ᠲᠤ ︽ᠬᠤᠶᠠᠷ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠷᠢᠨ ᠪᠦᠷᠬᠦᠭᠦᠯᠬᠦ︾ ᠶᠢ | ᠦᠷᠭᠦᠯᠵᠢᠯᠡᠨ ᠴᠢᠩᠭᠠᠳᠬᠠᠵᠤ᠂ ᠠᠬᠠᠮᠠᠳ ᠨᠥᠬᠦᠳ ᠲᠤ ᠦᠷᠭᠦᠯᠵᠢᠯᠡᠨ ᠪᠣᠳᠠᠲᠤ ᠠᠵᠢᠯ ᠬᠢᠵᠦ᠂ ᠬᠦᠴᠢᠷᠳᠡᠯ ᠢ | ᠰᠢᠢᠳᠪᠦᠷᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠶ ᠭᠡᠪᠡ᠃ | ᠣᠶᠢᠯᠠᠭᠠᠭᠰᠠᠨ ᠢᠶᠠᠷ᠂ ᠡᠨᠡ ᠤᠳᠠᠭᠠᠨ ᠤ ᠮᠡᠳᠡᠭᠦᠯᠦᠯᠲᠡ ᠶᠢᠨ ᠬᠤᠷᠠᠯ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠬᠡᠰᠡᠭ ᠮᠤᠵᠢ ᠶᠢᠨ ᠳᠡᠰ ᠤᠨ | ᠠᠬᠠᠮᠠᠳ ᠤᠳᠤᠷᠢᠳᠤᠯᠭ᠎ᠠ᠂ ᠥᠪᠥᠷ ᠮᠣᠩᠭᠤᠯ ᠤᠨ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠲᠢᠩᠬᠢᠮ ᠲᠣᠪᠴᠢᠶ᠎ᠠ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ | ᠪᠠᠭᠤᠭᠰᠠᠨ ᠺᠠᠳ᠋ᠷᠴᠤᠳ ᠤᠨ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠨᠠᠮ ᠤᠨ ᠡᠭᠦᠷ ᠤᠨ ᠱᠦᠵᠢ᠂ ᠭᠡᠰᠢᠭᠦᠳ ᠤᠨ ᠲᠥᠯᠥᠭᠡᠯᠡᠭᠴᠢ᠂ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠠᠵᠢᠯ ᠤᠨ | ᠰᠠᠯᠠᠭ᠎ᠠ ᠮᠥᠴᠢᠷ ᠤᠨ ᠨᠥᠬᠦᠳ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠬᠠᠮᠠᠳ | ᠺᠠᠳ᠋ᠷ ᠤᠨ ᠲᠣᠪᠴᠢᠶ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠵᠡᠷᠭᠡ ᠨᠡᠶᠢᠲᠡ 300 ᠭᠠᠷᠤᠶ ᠬᠥᠮᠦᠨ ᠣᠷᠣᠯᠴᠠᠵᠠᠶ᠃ | |