︽2 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠠᠴᠠ ᠡᠮᠦᠨ᠎ᠡ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠪᠦᠬᠦᠨ ᠢ ᠪᠡᠶᠡᠯᠡᠭᠦᠯᠵᠦ᠂ 3 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠲᠤᠯᠠᠭᠤᠯᠵᠤ᠂ ᠬᠠᠤᠯᠢ ᠶᠣᠰᠣᠭᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ ︾ ᠭᠡᠵᠦ 1 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠯᠢᠦ ᠰᠢᠨ ᠯᠧ ︽2016 ᠣᠨ ᠤ ᠪᠦᠬᠦ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ | ᠦᠷᠡᠵᠢᠯ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ︾ ᠳᠡᠭᠡᠷ᠎ᠡ ︽ᠬᠤᠶᠠᠷ ᠬᠡᠦᠬᠡᠳ | ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ︾ ᠶᠢ ᠳᠤᠷᠠᠳᠬᠤ ᠳᠠᠭᠠᠨ ᠬᠡᠯᠡᠪᠡ᠃ | ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠪᠣᠯ᠂ ᠳᠤᠮᠳᠠᠳᠤ ᠤᠯᠤᠰ ᠤᠨ ᠬᠡᠷᠡᠭᠵᠢᠭᠦᠯᠵᠦ | ᠪᠠᠶᠢᠭ᠎ᠠ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠮᠥᠨ᠂ ᠨᠥᠬᠦᠴᠡᠯ ᠳᠤ ᠨᠡᠶᠢᠴᠡᠭᠰᠡᠨ ᠡᠷ᠎ᠡ ᠡᠮ᠎ᠡ | ᠬᠤᠶᠠᠭᠤᠯᠠ ᠬᠤᠶᠠᠳᠤᠭᠠᠷ ᠬᠡᠦᠬᠡᠳ ᠠᠪᠴᠤ ᠪᠣᠯᠣᠨ᠎ᠠ ᠭᠡᠵᠦ ᠲᠣᠭᠲᠠᠭᠠᠵᠠᠢ᠃ 2011 ᠣᠨ ᠤ 11 ᠳ᠋ᠦ᠋ᠭᠡᠷ | ᠰᠠᠷ᠎ᠠ ᠳᠤ᠂ ᠳᠤᠮᠳᠠᠳᠤ ᠤᠯᠤᠰ ᠤᠨ ᠡᠯ᠎ᠡ ᠭᠠᠵᠠᠷ ᠡᠷ᠎ᠡ ᠡᠮ᠎ᠡ ᠬᠤᠶᠠᠭᠤᠯᠠ ᠪᠦᠷ ᠠᠶᠢᠯ ᠤᠨ ᠭᠠᠭᠴᠠ ᠬᠡᠦᠬᠡᠳ ᠪᠣᠯ | ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ︔ 2013 ᠣᠨ ᠤ 12 ᠳ᠋ᠤᠭᠠᠷ | ᠰᠠᠷ᠎ᠠ ᠳᠤ᠂ ᠡᠷ᠎ᠡ ᠡᠮ᠎ᠡ ᠬᠤᠶᠠᠷ ᠤᠨ ᠨᠢᠭᠡ ᠨᠢ ᠠᠶᠢᠯ ᠤᠨ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ | ᠪᠣᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ︔ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ︽ᠬᠥᠮᠥᠨ ᠠᠮᠠ ᠪᠠ ᠲᠥᠯᠥᠪᠯᠡᠭᠡᠲᠦ ᠦᠷᠡᠵᠢᠯ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ | ︵ᠡᠬᠡ ᠲᠥᠰᠥᠯ︶︾ ᠢ ᠵᠢᠩᠬᠢᠨᠢ ᠪᠠᠷ ᠬᠡᠷᠡᠭᠵᠢᠭᠦᠯᠵᠦ᠂ ᠭᠠᠭᠴᠠ ᠬᠡᠦᠬᠡᠳ ᠤᠨ ᠲᠥᠷᠥ ᠶᠢᠨ ᠪᠣᠳᠣᠯᠭ᠎ᠠ | ᠡᠴᠦᠰᠯᠡᠭᠰᠡᠨ ᠢ ᠵᠠᠷᠯᠠᠨ ᠨᠡᠶᠢᠲᠡᠯᠡᠪᠡ᠃ ᠥᠪᠥᠷ ᠮᠣᠩᠭᠤᠯ ᠤᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ | ᠦᠷᠡᠵᠢᠯ ᠤᠨ ᠵᠥᠪᠯᠡᠯ ᠤᠨ ᠡᠷᠬᠢᠯᠡᠭᠴᠢ ᠡᠦ ᠶᠠᠩ ᠰᠢᠶᠤᠤ ᡁᠦᠢ ᠬᠤᠷᠠᠯ ᠳᠡᠭᠡᠷ᠎ᠡ ᠲᠠᠨᠢᠯᠴᠠᠭᠤᠯᠵᠤ ᠬᠡᠯᠡᠭᠰᠡᠨ ᠨᠢ᠄ | 2015 ᠣᠨ ᠳᠤ᠂ 5896 ᠬᠤᠣᠰ ᠨᠢᠭᠡ ᠨᠢ ᠠᠶᠢᠯ ᠤᠨ ᠭᠠᠭᠴᠠ ᠬᠡᠦᠬᠡᠳ ᠪᠣᠯᠬᠤ ᠡᠷ᠎ᠡ ᠡᠮ᠎ᠡ ᠬᠤᠶᠠᠳᠤᠭᠠᠷ | ᠬᠡᠦᠬᠡᠳ ᠠᠪᠬᠤ ᠭᠤᠶᠤᠴᠢᠯᠠᠯ ᠳᠡᠪᠰᠢᠭᠦᠯᠵᠦ᠂ 5865 ᠬᠤᠣᠰ ᠢ ᠨᠢ ᠬᠢᠨᠠᠨ ᠵᠥᠪᠰᠢᠶᠡᠷᠡᠵᠦ᠂ ᠨᠢᠭᠡ ᠨᠢ | ᠠᠶᠢᠯ ᠤᠨ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ | ᠬᠡᠷᠡᠭᠵᠢᠭᠦᠯᠵᠦ᠂ ᠪᠥᠬᠦ ᠣᠷᠣᠨ ᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠦᠷᠡᠵᠢᠯ ᠤᠨ ᠨᠣᠷᠮ᠎ᠠ ᠨᠢ 92. | 92% ᠳᠤ ᠬᠦᠷᠴᠡᠢ ᠭᠡᠪᠡ᠃ 2016 ᠣᠨ ᠳᠤ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ | ᠵᠥᠪᠯᠡᠯ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ | ᠡᠮᠬᠢ ᠵᠢᠷᠤᠮ ᠲᠠᠢ ᠬᠡᠷᠡᠭᠵᠢᠭᠦᠯᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠪᠠ | ᠲᠥᠯᠥᠪᠯᠡᠭᠡᠲᠦ ᠦᠷᠡᠵᠢᠯ ᠤᠨ ᠳᠦᠷᠢᠮ︾ ᠳᠤ ᠵᠠᠰᠠᠪᠤᠷᠢ ᠣᠷᠣᠭᠤᠯᠬᠤ ᠠᠵᠢᠯ ᠢ ᠲᠦᠷᠬᠡᠨ ᠠᠬᠢᠭᠤᠯᠵᠤ᠂ ᠬᠤᠶᠠᠷ | ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠡᠮᠦᠨ᠎ᠡ ᠬᠤᠶᠢᠨᠠᠬᠢ | ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠬᠤᠶᠠᠷ ᠬᠡᠦᠬᠡᠳ ᠠᠪᠴᠤ ᠪᠣᠯᠬᠤ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠯᠠᠪᠳᠠᠭᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠡᠦ ᠶᠠᠩ ᠰᠢᠶᠤᠤ ᡁᠦᠢ | ᠬᠡᠯᠡᠪᠡ᠃ | ᠯᠢᠦ ᠰᠢᠨ ᠯᠧ ᠢᠯᠡᠳᠬᠡᠭᠰᠡᠨ ᠨᠢ᠂ ᠥᠪᠥᠷ ᠮᠣᠩᠭᠤᠯ ᠥᠪᠡᠷ ᠤᠨ ᠣᠨᠴᠠᠯᠢᠭ ᠢᠶᠠᠨ ᠦᠨᠳᠦᠰᠦᠯᠡᠵᠦ᠂ | ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ ᠰᠢᠭᠦᠵᠦ᠂ ᠭᠦᠨᠵᠡᠭᠡᠢ ᠦᠨᠡᠯᠡᠨ | ᠵᠢᠱᠢᠭᠰᠡᠨ ᠤ ᠰᠠᠭᠤᠷᠢᠨ ᠳᠡᠭᠡᠷ᠎ᠡ᠂ ᠪᠣᠳᠠᠲᠠᠢ ᠲᠥᠰᠥᠯ᠂ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠪᠠ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠷᠢᠳᠴᠢᠯᠠᠭᠰᠠᠨ ᠲᠥᠰᠦᠯ ᠢ ᠬᠢᠨᠠᠮᠠᠭᠠᠢ ᠰᠤᠳᠤᠯᠤᠨ ᠲᠣᠭᠲᠠᠭᠠᠵᠤ᠂ | ᠣᠯᠠᠨ ᠲᠥᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠪᠡ᠃ |