| 18 ᠤ ᠡᠳᠦᠷ ᠤᠨ ᠦᠳᠡ ᠶᠢᠨ ᠬᠤᠶᠢᠨ᠎ᠠ᠂ ︽2015 ᠤᠨ ᠤ ᠳᠤᠮᠳᠠᠳᠤ ᠤᠯᠤᠰ ᠤᠨ ᠰᠦᠯᠵᠢᠶᠡᠨ ᠤ | ᠶᠠᠪᠤᠳᠠᠯ ·ᠰᠡᠳᠬᠢᠯ ᠬᠦᠳᠡᠯᠬᠦ ᠬᠡᠷᠡᠭ︾ ᠤᠨ ᠣᠨ ᠤ ᠰᠦᠯᠵᠢᠶᠡᠨ ᠤ ᠪᠠᠭᠠᠲᠤᠷ ᠲᠤ ᠱᠠᠩᠨᠠᠯ ᠣᠯᠭᠤᠬᠤ | ᠶᠣᠰᠣᠯᠠᠯ ᠢ ᠴᠢᠩᠬᠤᠸᠠ ᠶᠡᠭᠡ ᠰᠤᠷᠭᠠᠭᠤᠯᠢ ᠶᠢᠨ ᠰᠢᠨ ᠴᠢᠩ ᠬᠤᠸᠠ ᠰᠤᠷᠭᠠᠭᠤᠯᠢ ᠳᠤ ᠶᠠᠪᠤᠭᠳᠠᠭᠤᠯᠪᠠ᠃ ᠥᠪᠥᠷ | ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠪᠠᠷ ᠭᠤᠣᠯ ᠪᠣᠯᠭᠠᠵᠤ ᠪᠠᠶᠢᠭᠤᠯᠤᠭᠰᠠᠨ ᠳᠤᠮᠳᠠᠳᠤ | ᠤᠯᠤᠰ ᠤᠨ ᠯᠢᠪᠤᠷᠢᠶᠠ ᠳᠤ ᠬᠦᠷᠴᠦ ᠡᠩᠬᠡ ᠲᠠᠶᠢᠪᠤᠩ ᠢ ᠬᠠᠮᠠᠭᠠᠯᠠᠵᠤ ᠬᠦᠴᠦᠷᠬᠡᠭᠯᠡᠯ ᠢ ᠰᠡᠷᠭᠡᠶᠢᠯᠡᠬᠦ ᠬᠤᠶᠠᠳᠤᠭᠠᠷ | ᠤᠳᠠᠭ᠎ᠠ ᠶᠢᠨ ᠴᠠᠭᠳᠠᠭ᠎ᠠ ᠶᠢᠨ ᠠᠩᠭᠢ ᠵᠡᠷᠭᠡ ᠶᠢᠨ 10 ᠬᠥᠮᠦᠨ ︵ᠳᠤᠭᠤᠶᠢᠯᠠᠩ︶ ᠣᠨ ᠤ ᠰᠦᠯᠵᠢᠶᠡᠨ ᠤ | ᠪᠠᠭᠠᠲᠤᠷ ᠢᠶᠠᠷ ᠦᠨᠡᠯᠡᠭᠳᠡᠪᠡ᠃ | ᠳᠤᠮᠳᠠᠳᠤ ᠤᠯᠤᠰ ᠤᠨ ᠰᠠᠯᠪᠤᠷᠢ ᠶᠢᠨ ᠯᠢᠪᠤᠷᠢᠶᠠ ᠳᠤ ᠬᠦᠷᠴᠦ ᠡᠩᠬᠡ ᠲᠠᠶᠢᠪᠤᠩ ᠢ ᠬᠠᠮᠠᠭᠠᠯᠠᠵᠤ | ᠬᠦᠴᠦᠷᠬᠡᠭᠯᠡᠯ ᠢ ᠰᠡᠷᠭᠡᠶᠢᠯᠡᠬᠦ ᠬᠤᠶᠠᠳᠤᠭᠠᠷ ᠤᠳᠠᠭ᠎ᠠ ᠶᠢᠨ ᠴᠠᠭᠳᠠᠭ᠎ᠠ ᠶᠢᠨ ᠠᠩᠭᠢ 2014 ᠤᠨ ᠤ 6 ᠳ᠋ᠤᠭᠠᠷ | ᠰᠠᠷ᠎ᠠ ᠳᠤ ᠯᠢᠪᠤᠷᠢᠶᠠ ᠳᠤ ᠬᠦᠷᠴᠦ ᠡ᠊ᠩᠬᠡ ᠲᠠᠶᠢᠪᠤᠩ ᠢ ᠬᠠᠮᠠᠭᠠᠯᠠᠬᠤ ᠡᠭᠦᠷᠭᠡ ᠶᠢ ᠬᠦᠢᠴᠡᠳᠭᠡᠭᠡᠳ᠂ 8 ᠰᠠᠷ᠎ᠠ | ᠭᠠᠷᠤᠢ ᠪᠤᠯᠤᠭᠰᠠᠨ ᠪᠠᠶᠢᠨ᠎ᠠ᠃ ᠲᠡᠳᠡ ᠡᠩᠬᠡ ᠲᠠᠶᠢᠪᠤᠩ ᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠶᠠᠪᠤᠳᠠᠯ ᠢᠶᠠᠨ | ᠡᠭᠡ ᠣᠷᠣᠨ ᠳᠤ ᠪᠠᠨ ᠢᠷᠠᠭᠤ ᠠᠯᠳᠠᠷ ᠤᠯᠬᠤ ᠪᠠᠶᠢᠯᠳᠤᠭᠠᠨ ᠤ ᠲᠠᠯᠠᠪᠤᠷ ᠪᠣᠯᠭᠠᠵᠤ᠂ ᠡᠩᠬᠡ ᠲᠠᠶᠢᠪᠤᠩ ᠢ | ᠬᠠᠮᠠᠭᠠᠯᠠᠬᠤ ᠲᠠᠶᠢᠨ ᠤ ᠲᠠᠯᠠᠪᠤᠷ ᠢ ᠳᠤᠮᠳᠠᠳᠤ ᠤᠯᠤᠰ ᠤᠨ ᠴᠠᠭᠳᠠᠭ᠎ᠠ ᠶᠢᠨ ᠴᠤᠭ ᠵᠢᠪᠬᠤᠭ᠎ᠠ ᠢ ᠦᠵᠡᠬᠦᠯᠬᠦ | ᠲᠠᠪᠴᠠᠩ ᠪᠤᠯᠭᠠᠵᠤ᠂ ᠡᠩᠬᠡ ᠲᠠᠶᠢᠪᠤᠩ ᠢ ᠬᠠᠮᠠᠭᠠᠯᠠᠬᠤ ᠲᠠᠪᠴᠠᠩ ᠢ ᠳᠤᠮᠳᠠᠳᠤ ᠤᠯᠤᠰ ᠤᠨ ᠲᠤᠮᠤ ᠤᠯᠤᠰ ᠤᠨ | ᠲᠦᠷᠢ ᠲᠥᠷᠬᠦ ᠶᠢ ᠢᠯᠡᠷᠡᠬᠦᠯᠬᠦ ᠴᠣᠩᠬᠤ ᠪᠤᠯᠭᠠᠪᠠ᠃ ᠲᠡᠳᠡᠨ ᠤ ᠡᠭᠦᠷᠭᠡ ᠭᠦᠢᠴᠡᠳᠬᠡᠬᠦ ᠣᠷᠣᠨ ᠳᠠᠬᠢ | ᠴᠠᠭᠳᠠᠭᠠᠨ ᠤ ᠬᠦᠴᠦᠨ ᠤ ᠣᠷᠣᠭᠤᠯᠤᠯᠲᠠ ᠪᠠᠷ ᠬᠠᠮᠤᠭ ᠤᠨ ᠠᠷᠪᠢᠨ᠂ ᠡᠭᠦᠷᠭᠡ ᠬᠦᠢᠴᠡᠳᠭᠡᠭᠰᠡᠨ ᠳᠠᠪᠲᠠᠮᠵᠢ ᠪᠠᠷ | ᠬᠠᠮᠤᠭ ᠤᠨ ᠥᠨᠳᠥᠷ᠂ ᠤᠪᠦ᠋ᠤᠤᠯᠠ ᠡᠪᠡᠳᠴᠢᠨ ᠪᠠᠺᠲ᠋ᠧᠷᠢ ᠶᠢᠨ ᠦᠬᠦᠯ ᠤᠨ ᠵᠠᠢ ᠠᠴᠠ ᠬᠠᠮᠤᠭ ᠤᠨ ᠤᠶᠢᠷ᠎ᠠ᠂ | ᠡᠭᠦᠷᠭᠡ ᠭᠦᠢᠴᠡᠳᠬᠡᠬᠦ ᠲᠠᠯ᠎ᠠ ᠪᠠᠷ ᠬᠠᠮᠤᠭ ᠤᠨ ᠵᠢᠷᠤᠮᠵᠢᠭᠤᠨ ᠵᠢᠱᠢᠶᠡᠴᠢ ᠴᠠᠭᠳᠠᠭᠠᠨ ᠤ ᠠᠩᠭᠢ ᠪᠠᠶᠢᠵᠤ᠂ | ᠯᠢᠪᠤᠷᠢᠶᠠ ᠶᠢᠨ ᠠᠷᠠᠳ ᠲᠦᠮᠡᠨ ᠳᠤ ︽ᠪᠤᠷᠬᠠᠨ ᠤ ᠢᠪᠡᠭᠡᠯ ᠪᠡᠯᠡᠭ︾ ᠢᠶᠠᠷ ᠴᠤᠯᠯᠠᠭᠤᠯᠵᠤ᠂ ᠰᠦᠯᠵᠢᠶᠡᠨ ᠠᠨᠳᠠ | ᠨᠠᠷ ᠲᠤ ︽ᠬᠠᠮᠤᠭ ᠤᠨ ᠭᠤᠶᠣ ᠬᠦᠬᠡ ᠲᠤᠭᠤᠯᠭ᠎ᠠ︾ ᠭᠡᠮᠡᠨ ᠰᠠᠶᠢᠰᠢᠶᠠᠭᠳᠠᠪᠠ᠃ 277 ᠡᠳᠦᠷ ᠡᠳᠦᠷᠵᠢᠨ | ᠰᠦᠨᠢᠵᠢᠨ ᠠᠵᠢᠯᠯᠠᠭᠰᠠᠨ 140 ᠠᠩᠭᠢ ᠶᠢᠨ ᠬᠡᠰᠢᠬᠦᠨ ᠤ ᠪᠡᠶ᠎ᠡ ᠶᠢᠨ ᠬᠦᠨᠳᠦ ᠨᠢ ᠳᠤᠮᠳᠠᠴᠢ ᠪᠠᠷ 10 ᠺᠢᠯᠣᠭ᠍ᠷᠠᠮ | ᠰᠢᠬᠠᠮ ᠪᠠᠭᠤᠷᠠᠭᠰᠠᠨ ᠪᠠᠶᠢᠨ᠎ᠠ᠃ ᠲᠡᠳᠡ ᠬᠡᠯᠡᠭᠰᠡᠨ ᠨᠢ᠂ ︽ᠤᠪᠦ᠋ᠤᠤᠯᠠ ᠬᠢᠵᠢᠭ ᠤᠨ ᠪᠠᠶᠢᠳᠠᠯ ᠬᠦᠨᠳᠦ ᠬᠡᠴᠡᠬᠦᠦ | ᠳᠡᠯᠭᠡᠷᠡᠬᠦ᠂ ᠠᠶᠢᠮᠠᠭ ᠶᠠᠰᠤᠲᠠᠨ ᠤ ᠵᠦᠷᠢᠴᠡᠯ ᠮᠦᠷᠭᠦᠯᠳᠦᠭᠡᠨ ᠠᠮᠠᠷᠬᠠᠨ ᠡᠭᠦᠰᠬᠦ ᠪᠠ ᠫᠤᠤ ᠵᠡᠪᠰᠡᠭ ᠳᠡᠯᠪᠡᠴᠢᠯᠲᠡ | ᠬᠡᠵᠢᠶ᠎ᠡ ᠮᠠᠭᠠᠳ ᠡᠭᠦᠰᠬᠦ ᠪᠠᠶᠢᠳᠠᠯ ᠳᠤᠤᠷ᠎ᠠ᠂ ᠮᠠᠨ ᠳᠤ ᠤᠬᠤᠷᠢᠬᠤ ᠵᠠᠮ ᠦᠭᠡᠢ︕︾ ᠬᠡᠪᠡ᠃ | ᠱᠠᠩᠨᠠᠯ ᠣᠯᠭᠤᠬᠤ ᠶᠣᠰᠣᠯᠠᠯ ᠳᠡᠭᠡᠷ᠎ᠡ᠂ ᠬᠥᠲᠥᠯᠥᠭᠴᠢ ᠶᠢᠨ ︽ᠡ᠊ᠩᠬᠡ ᠲᠠᠶᠢᠪᠤᠩ ᠢ ᠬᠠᠮᠠᠭᠠᠯᠠᠬᠤ | ᠡᠭᠦᠷᠭᠡ ᠶᠢ ᠬᠦᠢᠴᠡᠳᠭᠡᠬᠦ ᠳᠤ ᠲᠤᠯᠭᠠᠷᠠᠭᠰᠠᠨ ᠬᠠᠮᠤᠭ ᠤᠨ ᠶᠡᠭᠡ ᠬᠦᠴᠢᠷ ᠪᠡᠷᠬᠡᠰᠢᠶᠡᠯ ᠨᠢ ᠶᠠᠭᠤ ᠪᠤᠶ︖︾ ᠭᠡᠬᠦ | ᠠᠰᠠᠭᠤᠯᠲᠠ ᠶᠢ ᠬᠠᠷᠢᠭᠤᠯᠬᠤ ᠳᠠᠭᠠᠨ᠂ ᠱᠠᠩᠨᠠᠯ ᠭᠠᠷᠳᠠᠭᠰᠠᠨ ᠲᠥᠯᠥᠭᠡᠯᠡᠭᠴᠢ ᠬᠡᠯᠡᠭᠰᠡᠨ ᠨᠢ᠂ ᠳᠤᠮᠳᠠᠳᠤ | ᠤᠯᠤᠰ ᠤᠨ ᠯᠢᠪᠤᠷᠢᠶᠠ ᠳᠤ ᠬᠦᠷᠴᠦ ᠡᠩᠬᠡ ᠲᠠᠶᠢᠪᠤᠩ ᠢ ᠬᠠᠮᠠᠭᠠᠯᠠᠬᠤ ᠬᠤᠶᠠᠳᠤᠭᠠᠷ ᠤᠳᠠᠭ᠎ᠠ ᠶᠢᠨ ᠠᠩᠬᠢ ᠶᠢᠨ | ᠡᠮᠦᠨ᠎ᠡ ᠲᠤᠯᠭᠠᠷᠠᠭᠰᠠᠨ ᠬᠠᠮᠤᠭ ᠤᠨ ᠶᠡᠭᠡ ᠬᠦᠴᠢᠷᠳᠡᠯ ᠪᠣᠯᠤᠨ ᠥᠷᠢᠰᠥᠯᠳᠦᠭᠡᠨ ᠪᠤᠯ ᠤᠪᠦ᠋ᠤᠤᠯᠠ ᠬᠢᠵᠢᠭ ᠤᠨ | ᠪᠠᠶᠢᠳᠠᠯ ᠶᠡᠭᠡ ᠪᠠᠷ ᠳᠡᠯᠭᠡᠷᠡᠭᠰᠡᠨ ᠶᠠᠪᠤᠳᠠᠯ ᠪᠤᠯᠤᠨ᠎ᠠ᠃ ᠭᠡᠪᠡᠴᠦ ᠬᠦᠴᠦᠷᠭᠡᠭᠯᠡᠯ ᠢ ᠰᠡᠷᠬᠡᠶᠢᠯᠡᠬᠦ ᠠᠩᠬᠢ ᠤᠯᠤᠰ ᠤᠨ | ᠬᠦᠴᠦᠷᠬᠡᠭ ᠶᠡᠭᠡ ᠥᠮᠥᠭ ᠲᠦᠰᠢᠭ ᠲᠠᠢ ᠪᠠᠶᠢᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠤᠳᠤᠷᠢᠳᠤᠯᠭ᠎ᠠ | ᠨᠠᠷ ᠤᠨ ᠬᠠᠯᠠᠮᠵᠢᠯᠠᠯ ᠪᠤᠯᠤᠨ ᠦᠢᠯᠡᠴᠢᠯᠡᠭᠡᠨ ᠤ ᠠᠵᠢᠯ ᠤᠨ ᠬᠠᠯᠠᠮᠵᠢᠯᠠᠯ ᠪᠠᠶᠢᠭ᠎ᠠ ᠪᠤᠯᠬᠤᠷ᠂ ᠡᠩᠬᠡ ᠲᠠᠶᠢᠪᠤᠩ ᠢ | ᠬᠠᠮᠠᠭᠠᠯᠠᠬᠤ ᠳᠠᠷᠤᠭ᠎ᠠ ᠪᠠᠶᠢᠯᠳᠤᠭᠴᠢᠳ ᠨᠢᠭᠡ ᠨᠢ ᠴᠤ ᠡᠪᠡᠳᠴᠢᠨ ᠳᠤ ᠬᠠᠯᠳᠠᠪᠤᠷᠢᠯᠠᠭᠳᠠᠭᠰᠠᠨ ᠦᠭᠡᠢ ᠶᠤᠮ ᠭᠡᠪᠡ᠃ | ᠲᠤᠬᠠᠢ ᠶᠢᠨ ᠲᠠᠯᠠᠪᠠᠢ ᠳᠤ᠂ ᠱᠠᠩᠨᠠᠯ ᠭᠠᠷᠳᠠᠭᠰᠠᠨ ᠲᠥᠯᠥᠭᠡᠯᠡᠭᠴᠢ ᠡᠩᠬᠡ ᠲᠠᠶᠢᠪᠤᠩ ᠢ ᠬᠠᠮᠠᠭᠠᠯᠠᠬᠤ ᠴᠡᠷᠢᠭ ᠠᠩᠬᠢ | ᠬᠢᠭᠡᠳ ᠳᠤᠮᠳᠠᠳᠤ ᠤᠯᠤᠰ ᠤᠨ ᠴᠠᠭᠳᠠᠭ᠎ᠠ ᠶᠢᠨ ᠡᠮᠦᠨ᠎ᠡ ᠠᠴᠠ ᠲᠡᠳᠡᠨ ᠳᠤ ᠬᠠᠯᠠᠭᠤᠨ ᠳᠡᠮᠵᠢᠯᠡᠭᠡ ᠦᠵᠡᠬᠦᠯᠦᠭᠰᠡᠨ | ᠭᠡᠷ ᠤᠨ ᠬᠥᠮᠦᠰ ᠪᠣᠯᠤᠨ ᠳᠣᠲᠣᠨᠣ ᠬᠥᠮᠦᠰ ᠲᠤ ᠭᠦᠨ ᠬᠦᠨᠳᠦᠳᠬᠡᠯ ᠪᠤᠯᠤᠨ ᠡᠷᠬᠢᠮ ᠳᠡᠭᠡᠳᠦ ᠴᠡᠷᠢᠭ ᠤᠨ | ᠶᠤᠰᠤᠯᠠᠯ ᠢᠶᠠᠨ ᠳᠡᠪᠰᠢᠬᠦᠯᠪᠡ᠃ | ᠪᠤᠰᠤᠳ ᠱᠠᠩᠨᠠᠯ ᠬᠦᠷᠲᠡᠭᠰᠡᠳ ᠲᠤ᠄ ︽ᠠᠮᠢ ᠨᠠᠰᠤ ᠶᠢ ᠰᠠᠬᠢᠭᠴᠢ︾ ᠬᠥᠬᠡ ᠮᠥᠷᠡᠨ ᠤ ᠠᠪᠤᠷᠠᠨ | ᠲᠤᠰᠠᠯᠠᠬᠤ ᠰᠠᠶᠢᠨ ᠳᠤᠷ᠎ᠠ ᠶᠢᠨ ᠠᠩᠬᠢ᠂ ︽ᠬᠤᠭ ᠨᠣᠪᠰᠢ ᠲᠡᠭᠦᠭᠡ ᠳ᠋ᠤᠺᠲ᠋ᠤᠷ︾ ᠸᠠᠩ ᠹᠸᠡᠭ᠂ ︽ᠬᠠᠩᠭᠢᠷ | ᠴᠢᠩᠬᠢᠷ ᠰᠠᠷᠭᠠᠶ︾ ᠴᠢᠶᠦᠩ ᠵᠦᠡᠭ ᠡᠮᠡᠭᠲᠡᠶ ᠶᠢᠨ ᠬᠦᠯ ᠪᠥᠮᠪᠦᠭᠡ ᠶᠢᠨ ᠠᠩᠬᠢ᠂ ︽ᠵᠣᠯ ᠵᠢᠷᠭᠠᠯᠲᠤ ᠲᠡᠨᠡᠭ | ᠬᠦᠮᠦᠨ︾ ᠶᠧ ᠳ᠋ᠧ ᠢ᠂ ︽ᠳᠤᠮᠳᠠᠳᠤ ᠤᠯᠤᠰ ᠤᠨ ᠠᠭᠤᠯᠠᠷᠬᠠᠭ ᠤᠷᠤᠨ ᠤ ᠡᠾᠸᠢᠢᠯᠦᠨ · ᠺᠠᠶᠢᠯᠧ︾ ᠯᠢᠦ | ᠹᠠᠩ᠂ ︽ᠤᠯᠤᠰ ᠤᠨ ᠬᠢᠯᠢ ᠬᠠᠮᠠᠭᠠᠯᠠᠭᠴᠢ︾ ᠵᠢᠯᠦᠩ ᠪᠣᠭᠤᠮᠲᠠ ᠶᠢᠨ ᠬᠢᠯᠢ ᠶᠢᠨ ᠬᠠᠮᠠᠭᠠᠯᠠᠯᠲᠠ ᠶᠢᠨ | ᠪᠠᠶᠢᠯᠳᠤᠭᠴᠢ᠂ ︽ᠬᠦᠷᠳᠦᠲᠦ ᠰᠠᠨᠳᠠᠯᠢ ᠳᠡᠭᠡᠷᠡᠬᠢ ᠠᠳᠠᠯ ᠦᠢᠯᠡᠰ ᠴᠣᠭᠴᠠᠯᠠᠭᠴᠢ︾ ᠰᠢᠶᠧ ᠹᠠᠩ ᠯᠢ᠂ ︽ | ᠠᠷᠠᠳ ᠢᠷᠭᠡᠳ ᠤᠨ ᠰᠡᠳᠬᠢᠯ ᠤᠨ ᠬᠦᠮᠦᠨ︾ ᠨᠢᠶᠠᠨ ᠢ ᠰᠢᠨ᠂ ︽17 ᠵᠢᠯ ᠤᠨ ᠰᠤᠷᠭᠠᠨ ᠬᠥᠮᠦᠵᠢᠯ ᠤᠨ | ᠵᠠᠯᠭᠠᠮᠵᠢᠯᠠᠭᠴᠢ︾ ᠴᠢᠩᠬᠤᠸᠠ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠦᠮᠣᠵᠢᠯ ᠤᠨ ᠲᠤᠰᠠᠯᠠᠬᠤ | ᠪᠦᠯᠬᠦᠮ ᠪᠠᠭᠲᠠᠨ᠎ᠠ᠃ | ︽2015 ᠤᠨ ᠤ ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ · ᠰᠡᠳᠬᠢᠯ ᠬᠦᠳᠡᠯᠬᠦ ᠬᠡᠷᠡᠭ︾ | ᠤᠨ ᠰᠦᠯᠵᠢᠶᠡᠨ ᠤ ᠪᠠᠭᠠᠲᠤᠷ ᠢ ᠰᠢᠯᠭᠠᠷᠠᠭᠤᠯᠬᠤ ᠠᠵᠢᠯᠯᠠᠭ᠎ᠠ ᠶᠢ ᠰᠢᠨᠬᠤᠸᠠ ᠬᠤᠷᠢᠶ᠎ᠠ ᠠᠴᠠ ᠭᠤᠣᠯᠯᠠᠨ ᠡᠷᠭᠢᠯᠡᠵᠦ᠂ | ᠰᠢᠨᠬᠤᠸᠠ ᠰᠦᠯᠵᠢᠶ᠎ᠡ᠂ ᠰᠢᠨᠬᠤᠸᠠ ᠬᠤᠷᠢᠶ᠎ᠠ ᠶᠢᠨ ᠰᠦᠯᠵᠢᠶᠡᠨ ᠤ ᠬᠡᠷᠡᠭ ᠤᠨ ᠪᠤᠯᠤᠩ ᠠᠴᠠ ᠳᠠᠭᠠᠭᠠᠨ | ᠡᠷᠬᠢᠯᠡᠵᠤ᠂ ᠲᠥᠪ ᠤᠨ ᠭᠤᠣᠯ ᠪᠤᠯᠬᠤ ᠰᠣᠨᠢᠨ ᠮᠡᠳᠡᠭᠡᠨ ᠤ ᠰᠦᠯᠵᠢᠶᠡᠨ ᠦᠷᠲᠡᠭᠡ ᠵᠡᠷᠭᠡ ᠲᠠᠪᠤᠨ ᠵᠠᠭᠤᠨ ᠰᠢᠬᠠᠮ | ᠵᠠᠭᠤᠴᠢᠯᠠᠭᠤᠷ ᠤᠳ ᠬᠠᠮᠲᠤᠷᠠᠨ ᠳᠠᠭᠠᠭᠠᠨ ᠡᠷᠬᠢᠯᠡᠭᠰᠡᠨ ᠪᠥᠭᠡᠳ ᠮᠡᠳᠡᠭᠡᠯᠡᠬᠦ ᠳᠤ ᠬᠠᠮᠲᠤ ᠪᠠᠷ ᠤᠷᠤᠯᠴᠠᠪᠠ᠃ | ᠥᠪᠥᠷ ᠮᠣᠩᠭᠤᠯ ᠠᠴᠠ ᠨᠡᠶᠢᠲᠡ 4 ᠬᠥᠮᠦᠨ ︵ᠳᠤᠭᠤᠶᠢᠯᠠᠩ︶ ᠤᠨ ᠤ ᠰᠦᠯᠵᠢᠶ᠎ᠡ ᠶᠢᠨ ᠪᠠᠭᠠᠲᠤᠷ ᠢᠶᠠᠷ | ᠵᠢᠱᠢᠭᠳᠡᠪᠡ᠂ ᠲᠡᠳᠡᠨᠠᠷ ᠨᠢ ᠲᠤᠰ ᠲᠤᠰ ︽ᠮᠠᠨᠠᠶᠢᠬᠢᠨ ᠤ ︿120﹀︾ ᠶᠠᠨ ᠵᠠᠨ ᠪᠢᠶᠣᠤ᠂ ︽ᠲᠠᠯ᠎ᠠ ᠨᠤᠲᠤᠭ ᠤᠨ | ᠮᠤᠲ᠋ᠤᠷᠲᠤ ᠴᠠᠭᠳᠠᠭ᠎ᠠ︾ ᠪᠤᠶᠠᠨᠳᠡᠯᠭᠡᠷ᠂ ︽ᠤᠳᠤᠨ ᠡᠭᠡᠴᠢ︾ ᠸᠠᠩ ᠪᠥᠸᠧ ᠪᠤᠯᠤᠨ ︽ᠬᠠᠮᠤᠭ ᠤᠨ ᠭᠤᠶᠣ | ᠬᠦᠬᠡ ᠲᠤᠭᠤᠯᠭ᠎ᠠ︾ ᠳᠤᠮᠳᠠᠳᠤ ᠤᠯᠤᠰ ᠤᠨ ᠯᠢᠪᠤᠷᠢᠶᠠ ᠳᠤ ᠬᠦᠷᠴᠦ ᠡᠩᠬᠡ ᠲᠠᠶᠢᠪᠤᠩ ᠢ ᠬᠠᠮᠠᠭᠠᠯᠠᠵᠤ | ᠬᠦᠴᠦᠷᠬᠡᠭᠯᠡᠯ ᠢ ᠰᠡᠷᠭᠡᠶᠢᠯᠡᠬᠦ ᠴᠠᠭᠳᠠᠭ᠎ᠠ ᠶᠢᠨ ᠬᠤᠶᠠᠳᠤᠭᠠᠷ ᠤᠳᠠᠭ᠎ᠠ ᠶᠢᠨ ᠠᠩᠭᠢ ᠪᠤᠯᠤᠨ᠎ᠠ᠃ ᠡᠭᠦᠨ ᠳᠤ᠂ | ᠪᠤᠶᠠᠨᠳᠡᠯᠭᠡᠷ ᠪᠤᠯᠤᠨ ᠸᠠᠩ ᠪᠥᠸᠧ ︽2015 ᠤᠨ ᠤ ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ · | ᠰᠡᠳᠬᠢᠯ ᠬᠦᠳᠡᠯᠬᠦ ᠬᠡᠷᠡᠭ︾ ᠤᠨ ᠣᠨ ᠤ ᠰᠦᠯᠵᠢᠶᠡᠨ ᠤ ᠪᠠᠭᠠᠲᠤᠷ ᠪᠠᠷ ᠦᠨᠡᠯᠡᠭᠳᠡᠪᠡ᠃ |