| ᠥᠪᠥᠷ ᠮᠣᠩᠭᠤᠯ ᠤᠨ ᠪᠥᠬᠦ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠵᠢᠴᠢ | ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠤᠨ ᠲᠤᠬᠠᠶ ᠶᠢᠨ ᠲᠠᠯᠠᠪᠠᠢ | 18 ᠤ ᠡᠳᠦᠷ ᠬᠤᠷᠠᠯᠳᠤᠭᠰᠠᠨ ᠥᠪᠥᠷ ᠮᠣᠩᠭᠤᠯ ᠤᠨ ᠪᠥᠬᠦ ᠣᠷᠣᠨ ᠤ ᠡᠷᠡᠭᠦᠯ ᠬᠠᠮᠠᠭᠠᠯᠠᠯ ᠪᠠ | ᠲᠥᠯᠥᠪᠯᠡᠭᠡᠲᠦ ᠦᠷᠡᠵᠢᠯ ᠤᠨ ᠠᠵᠢᠯ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠠᠴᠠ | ᠣᠶᠢᠯᠠᠭᠠᠭᠰᠠᠨ ᠨᠢ᠂ ︽12᠂ 5︾ ᠶᠢᠨ ᠬᠤᠭᠤᠴᠠᠭ᠎ᠠ ᠪᠠ 2015 ᠣᠨ ᠤ ᠥᠪᠥᠷ ᠮᠣᠩᠭᠤᠯ ᠤᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠮᠡᠳᠡᠭᠳᠡᠬᠦ᠋ᠢᠴᠡ ᠦᠷ᠎ᠡ ᠪᠦᠲᠦᠮᠵᠢ ᠣᠯᠵᠤ᠂ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠰᠢ᠂ | ᠥᠪᠡᠷᠲᠡᠭᠡᠨ ᠵᠠᠰᠠᠬᠤ ᠣᠷᠣᠨ ᠠᠴᠠ ᠡᠮ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ 68 ᠴᠢᠬᠤᠯᠠ | ᠪᠢᠴᠢᠭ ᠮᠠᠲ᠋ᠧᠷᠢᠶᠠᠯ ᠢ ᠵᠠᠯᠭᠠᠪᠠᠷ ᠨᠡᠶᠢᠲᠡᠯᠡᠵᠦ᠂ ᠳᠡᠭᠡᠳᠦ ᠳᠠᠪᠬᠤᠷᠭ᠎ᠠ ᠶᠢᠨ ᠵᠢᠷᠤᠵᠤ ᠲᠦᠯᠦᠪᠯᠡᠭᠰᠡᠨ ᠲᠦᠷᠦ ᠶᠢᠨ | ᠪᠤᠳᠤᠯᠭ᠎ᠠ ᠶᠢᠨ ᠰᠢᠰᠲ᠋ᠧᠮ ᠤᠨ ᠪᠣᠷᠣ ᠲᠥᠯᠥᠪ ᠢ ᠦᠨᠳᠦᠰᠦᠨ ᠳᠡᠭᠡᠨ ᠪᠦᠷᠢᠯᠳᠦᠭᠦᠯᠪᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠰᠢᠪᠲᠤᠯᠤᠯᠲᠠ ᠣᠯᠵᠤ᠂ | ᠰᠢᠶᠠᠨ ᠤ ᠱᠠᠲᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠤᠳᠠ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠭ᠋ ᠢ ᠡᠬᠢᠯᠡᠭᠦᠯᠪᠡ᠃ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠥᠮᠦᠨ ᠪᠦᠷᠢ ᠶᠢᠨ | ᠳᠤᠮᠳᠠᠴᠢ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ 2010 ᠣᠨ ᠳᠤ 150 ᠲᠥᠭᠦᠷᠢᠭ ᠪᠠᠶᠢᠭᠰᠠᠨ ᠠᠴᠠ | 2015 ᠣᠨ ᠤ 470 ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠥᠷᠥ ᠶᠢᠨ ᠪᠤᠳᠤᠯᠭ᠎ᠠ ᠶᠢᠨ ᠬᠡᠪᠴᠢᠶᠡᠨ | ᠳᠣᠲᠣᠷᠠᠬᠢ ᠡᠮᠨᠡᠯᠭᠡ ᠳᠤ ᠰᠠᠭᠤᠬᠤ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 60% ᠪᠠᠶᠢᠭᠰᠠᠨ ᠠᠴᠠ 75% | ᠪᠣᠯᠭᠠᠨ ᠳᠡᠭᠡᠭᠰᠢᠯᠡᠭᠦᠯᠪᠡ᠃ ᠬᠦᠨᠳᠦ ᠡᠪᠡᠳᠴᠢᠨ ᠤ ᠳᠠᠭᠠᠳᠬᠠᠯ ᠨᠢ ᠬᠤᠷᠰᠢᠭᠰᠠᠨ ᠡᠮᠨᠡᠯᠭᠡ ᠳᠤ ᠣᠷᠣᠯᠴᠠᠭᠰᠠᠨ | ᠮᠠᠯᠴᠢᠨ ᠲᠠᠷᠢᠶᠠᠴᠢᠨ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠳᠦᠷᠢᠮ ᠢ ᠡᠬᠢᠯᠡᠨ ᠬᠡᠷᠡᠭᠵᠢᠭᠦᠯᠪᠡ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠳᠤ ᠨᠥᠬᠦᠪᠥᠷᠢ ᠥᠭᠬᠦ ᠪᠠᠷᠢᠮᠵᠢᠶ᠎ᠠ ᠶᠢ 15 ᠲᠥᠭᠦᠷᠢᠭ | ᠪᠠᠶᠢᠭᠰᠠᠨ ᠠᠴᠠ 40 ᠲᠥᠭᠦᠷᠢᠭ ᠪᠣᠯᠭᠠᠨ ᠳᠡᠭᠡᠭᠰᠢᠯᠡᠭᠦᠯᠵᠦ᠂ ᠦᠢᠯᠡᠴᠢᠯᠡᠬᠦ ᠲᠦᠷᠦᠯ ᠵᠦᠢᠯ ᠨᠢ 9 ᠲᠥᠷᠥᠯ 22 | ᠵᠦᠢᠯ ᠪᠠᠶᠢᠭᠰᠠᠨ ᠠᠴᠠ 12 ᠲᠦᠷᠦᠯ 45 ᠵᠦᠢᠯ ᠪᠣᠯᠭᠠᠨ ᠨᠡᠮᠡᠭᠳᠡᠭᠦᠯᠪᠡ︔ ᠦᠨᠳᠦᠰᠦᠨ ᠡᠮ ᠤᠨ ᠵᠦᠢᠯ ᠤᠨ | ᠲᠦᠷᠢᠮ ᠢᠶᠠᠷ ᠰᠠᠭᠤᠷᠢ ᠪᠣᠯᠭᠠᠭᠰᠠᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠱᠠᠳᠤ ᠬᠤᠪᠢᠶᠠᠨ ᠣᠨᠣᠰᠢᠯᠠᠨ ᠡᠮᠨᠡᠬᠦ ᠪᠠ | ᠡᠮᠴᠢ ᠶᠢᠨ ᠤᠯᠠᠨ ᠭᠠᠵᠠᠷ ᠠᠵᠢᠯ ᠡᠷᠬᠢᠯᠡᠬᠦ ᠶᠢ ᠡᠬᠢᠯᠡᠨ ᠬᠡᠷᠡᠭᠵᠢᠭᠦᠯᠪᠡ᠃ ᠬᠥᠮᠦᠨ ᠠᠮᠠ ᠶᠢᠨ ᠡᠷᠡᠭᠦᠯ | ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠨᠢ ᠢᠳᠡᠪᠬᠢᠲᠡᠶ ᠦᠷ᠎ᠡ ᠪᠦᠲᠦᠮᠵᠢ ᠣᠯᠪᠠ᠃ | ᠣᠶᠢᠯᠠᠭᠠᠭᠰᠠᠨ ᠢᠶᠠᠷ᠂ ︽13᠂ 5︾ ᠶᠢᠨ ᠬᠤᠭᠤᠴᠠᠭᠠᠨ ᠳᠤ᠂ ᠪᠥᠬᠦ ᠣᠷᠣᠨ ᠤ ᠡᠷᠡᠭᠦᠯ ᠬᠠᠮᠠᠭᠠᠯᠠᠯ ᠪᠠ | ᠲᠥᠯᠥᠪᠯᠡᠭᠡᠲᠦ ᠦᠷᠡᠵᠢᠯ ᠤᠨ ᠠᠵᠢᠯ ᠤᠨ ᠰᠢᠰᠲ᠋ᠧᠮ ᠨᠢ ᠠᠷᠠᠳ ᠤᠯᠠᠨ ᠤ ᠡᠷᠡᠭᠦᠯ ᠬᠠᠮᠠᠭᠠᠯᠠᠯ ᠢᠶᠠᠷ ᠠᠵᠢᠯ ᠤᠨ | ᠡᠭᠦᠰᠦᠯᠲᠡ ᠪᠠ ᠵᠣᠭᠰᠤᠴᠠ ᠪᠣᠯᠭᠠᠬᠤ ᠶᠢ ᠬᠠᠮᠠᠭᠠᠯᠠᠬᠤ ᠪᠠ ᠪᠠᠲᠤᠯᠠᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ | ᠪᠣᠬᠢᠷᠲᠤᠯ ᠦᠭᠡᠢ᠂ ᠴᠢᠯᠥᠭᠡᠲᠡᠶ ᠶᠠᠪᠤᠯᠴᠠᠬᠤ᠂ ᠬᠠᠮᠲᠤ ᠪᠠᠷ ᠡᠳ᠋ᠯᠡᠬᠦ ᠬᠦᠭᠵᠢᠭᠦᠯᠬᠦ ᠣᠨᠤᠯᠵᠢᠬᠤᠨ ᠢ ︽13᠂ 5︾ | ᠶᠢᠨ ᠬᠤᠭᠤᠴᠠᠭᠠᠨ ᠳᠠᠬᠢ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠵᠠᠩᠭᠢᠯᠠᠭ᠎ᠠ ᠳᠤ ᠲᠤᠤᠱᠯᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠲᠥᠷᠭᠡᠳᠬᠡᠨ᠂ ᠥᠪᠥᠷ ᠮᠣᠩᠭᠤᠯ ᠤᠨ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠳᠥᠷᠢᠮ ᠢ ᠨᠡᠩ ᠪᠣᠯᠪᠠᠰᠤᠷᠠᠩᠭᠤᠶ ᠪᠣᠯᠬᠤ ᠶᠢ ᠲᠦᠯᠬᠢᠨ ᠠᠬᠢᠭᠤᠯᠤᠨ᠎ᠠ᠃ | ᠨᠢᠭᠡ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠲᠦᠷᠦᠯ ᠬᠤᠪᠢᠶᠠᠨ ᠵᠢᠯᠣᠭᠤᠳᠬᠤ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ | ᠴᠢᠩᠭᠠᠳᠬᠠᠨ᠎ᠠ᠃ 2016 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠨᠢᠭᠡᠪᠦᠷᠢ ᠠᠴᠠ 1 | ᠬᠤᠰᠢᠭᠤ ᠰᠢᠶᠠᠨ ᠰᠤᠩᠭᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ | ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠦᠷᠨᠢᠭᠦᠯᠬᠦ ᠶᠢᠨ ᠬᠠᠮᠲᠤ᠂ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠬᠦᠷᠢᠶ᠎ᠡ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠲᠤᠷᠰᠢᠯᠲᠠ ᠶᠢᠨ ᠴᠢᠭ᠋ ᠤᠨ ᠬᠤᠳᠠ ᠶᠢᠨ ᠶᠡᠷᠦᠩᠬᠡᠢ ᠲᠤᠭ᠎ᠠ ᠶᠢ 6 ᠪᠣᠯᠭᠠᠨ᠎ᠠ᠃ | ᠬᠤᠶᠠᠷ ᠲᠤ ᠠᠷᠠᠳ ᠨᠡᠶᠢᠲᠡ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮᠵᠢ ᠶᠢ ᠤᠯᠠᠮ | ᠲᠡᠭᠦᠯᠳᠡᠷᠵᠢᠭᠦᠯᠦᠨ᠎ᠡ᠃ ᠰᠢᠨ᠎ᠡ ᠮᠠᠯᠴᠢᠨ ᠲᠠᠷᠢᠶᠠᠴᠢᠨ ᠤ ᠬᠤᠷᠰᠢᠭᠰᠠᠨ ᠡᠮᠨᠡᠯᠭᠡ ᠶᠢᠨ ᠵᠠᠰᠠᠭ ᠤᠨ ᠣᠷᠳᠣᠨ ᠠᠴᠠ | ᠣᠯᠭᠤᠬᠤ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ 420 ᠲᠥᠭᠦᠷᠢᠭ ᠪᠣᠯᠭᠠᠵᠤ᠂ ᠬᠤᠪᠢ ᠬᠥᠮᠦᠨ ᠤ | ᠰᠦᠢᠳᠬᠡᠯ ᠲᠤᠰᠢᠶᠠᠬᠤ ᠪᠠᠷᠢᠮᠵᠢᠶ᠎ᠠ ᠶᠢ 120 ᠲᠥᠭᠦᠷᠢᠭ ᠠᠴᠠ ᠳᠣᠷᠣᠭᠰᠢ ᠪᠠᠶᠢᠯᠭᠠᠬᠤ ᠦᠭᠡᠶ᠂ ᠬᠥᠮᠦᠨ | ᠪᠦᠷᠢ ᠶᠢᠨ ᠳᠤᠮᠳᠠᠴᠢ ᠪᠡᠯᠡ ᠮᠦᠩᠭᠦ ᠴᠤᠭᠯᠠᠭᠤᠯᠬᠤ ᠬᠢᠷᠢ ᠬᠡᠮᠵᠢᠶ᠎ᠡ ᠶᠢ 540 ᠲᠥᠭᠦᠷᠢᠭ ᠲᠤ ᠬᠦᠷᠦᠭᠦᠯᠦᠨ᠎ᠡ᠃ | ᠬᠦᠨᠳᠦ ᠡᠪᠡᠳᠴᠢᠨ ᠤ ᠳᠠᠭᠠᠳᠬᠠᠯ ᠢ ᠭᠤᠣᠯᠳᠠᠯᠭ᠎ᠠ ᠲᠠᠢ ᠪᠠᠲᠤᠯᠠᠵᠤ᠂ ᠬᠥᠮᠦᠨ ᠪᠦᠷᠢ ᠶᠢᠨ ᠳᠤᠮᠳᠠᠴᠢ ᠪᠡᠯᠡ | ᠮᠦᠩᠭᠦ ᠴᠤᠭᠯᠠᠭᠤᠯᠬᠤ ᠶᠢ 30 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠲᠡᠩᠰᠠ ᠲᠠᠶᠢᠯᠬᠤ ᠬᠠᠷᠢᠴᠠᠯ ᠢ | ᠨᠢ 50% ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ ᠲᠥᠷᠥ ᠶᠢᠨ ᠪᠤᠳᠤᠯᠭ᠎ᠠ ᠲᠣᠭᠲᠠᠭᠠᠳᠤᠢ ᠬᠡᠪᠴᠢᠶᠡᠨ | ᠳᠣᠲᠣᠷᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 75% ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠡᠭᠦᠳᠡᠨ ᠡᠮᠨᠡᠯᠭᠡ ᠶᠢᠨ ᠵᠠᠷᠤᠳᠠᠯ᠂ ᠤᠳᠠᠭᠠᠨ ᠴᠢᠨᠠᠷᠲᠠᠶ | ᠡᠪᠡᠳᠴᠢᠨ ᠪᠠ ᠣᠨᠴᠠ ᠲᠦᠷᠦᠯ ᠤᠨ ᠡᠪᠡᠳᠴᠢᠨ ᠤ ᠳᠠᠩᠰᠨ ᠲᠠᠶᠢᠯᠬᠤ ᠬᠢᠷᠢ ᠬᠡᠮᠵᠢᠶ᠎ᠡ ᠶᠢ ᠲᠣᠭᠳᠠᠭᠤᠨ ᠪᠠᠶᠢᠯᠭᠠᠨ᠎ᠠ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ | ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠳᠡᠮᠵᠢᠬᠦ ᠪᠠ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠨᠢᠭᠡᠲᠦᠭᠦᠯᠬᠦ︾ ᠶᠢ | ᠲᠥᠷᠭᠡᠳᠬᠡᠨ ᠪᠡᠶᠡᠯᠡᠭᠦᠯᠦᠨ᠎ᠡ᠃ | ᠭᠤᠷᠪᠠ ᠳᠤ ᠱᠠᠳᠤ ᠬᠤᠪᠢᠶᠠᠨ ᠣᠨᠣᠰᠢᠯᠠᠨ ᠡᠮᠨᠡᠬᠦ ᠶᠢ ᠲᠥᠷᠭᠡᠳᠬᠡᠨ ᠠᠬᠢᠭᠤᠯᠤᠨ᠎ᠠ᠃ 2016 ᠣᠨ ᠳᠤ᠂ | ᠱᠠᠲᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠴᠢᠭ᠋ ᠤᠨ ᠬᠤᠲᠠ ᠶᠢ 9 ᠪᠣᠯᠭᠠᠨ ᠨᠡᠮᠡᠭᠳᠡᠭᠦᠯᠵᠦ᠂ | ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠬ ᠢ ᠠᠶᠢᠮᠠᠭ ᠬᠤᠲᠠ ᠪᠦᠬᠦᠨ ᠳᠤ ᠳᠡᠯᠭᠡᠷᠡᠭᠦᠯᠦᠨ᠎ᠡ᠃ ᠡᠨᠡ ᠵᠢᠯ ᠤᠨ ᠬᠥᠮᠦᠨ ᠪᠦᠷᠢ ᠶᠢᠨ | ᠳᠤᠮᠳᠠᠴᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠡᠳ᠋ ᠤᠨ | ᠵᠠᠰᠠᠭ ᠠᠴᠠ ᠨᠥᠬᠦᠪᠥᠷᠢ ᠥᠭᠬᠦ ᠪᠠᠷᠢᠮᠵᠢᠶ᠎ᠠ ᠶᠢᠨ ᠳᠡᠭᠡᠭᠰᠢᠯᠡᠭᠦᠯᠦᠭᠰᠡᠨ ᠬᠡᠰᠡᠭ ᠢ ᠪᠦᠷ ᠶᠡᠷᠦᠩᠬᠡᠶ ᠰᠠᠯᠠᠭᠠᠨ ᠤ ᠡᠮᠴᠢ | ︵ᠬᠥᠳᠡᠭᠡ ᠲᠣᠰᠬᠤᠨ ᠤ ᠡᠮᠴᠢ︶ ᠶᠢᠨ ᠭᠡᠷ᠎ᠡ ᠲᠣᠭᠲᠠᠬᠤ ᠦᠢᠯᠡᠴᠢᠯᠡᠭᠡᠨ ᠳᠤ ᠬᠡᠷᠡᠭᠯᠡᠨ᠂ ᠱᠠᠲᠤ ᠬᠤᠪᠢᠶᠠᠨ | ᠣᠨᠣᠰᠢᠯᠠᠨ ᠡᠮᠨᠡᠬᠦ ᠳᠤ ᠲᠤᠰᠠᠯᠠᠨ᠎ᠠ᠃ | ᠲᠦᠷᠪᠡ ᠳᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ | ᠠᠵᠢᠯ ᠤᠨ ᠬᠡᠷᠡᠭᠵᠢᠭᠦᠯᠬᠦ ᠲᠥᠰᠦᠯ ᠪᠠ ᠨᠠᠷᠢᠨ ᠳᠥᠷᠢᠮ ᠶᠣᠰᠤᠭᠠᠷ᠂ ᠡᠮ ᠤᠨ ᠵᠦᠢᠯ ᠢ ᠲᠥᠷᠥᠯ ᠬᠤᠪᠢᠶᠠᠨ | ᠬᠤᠳᠠᠯᠳᠤᠨ ᠠᠪᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠡᠯᠡᠯᠴᠡᠭᠡᠷ ᠬᠢᠵᠦ ᠬᠤᠳᠠᠯᠳᠤᠨ ᠠᠪᠬᠤ | ᠲᠤᠷᠰᠢᠯᠲᠠ ᠶᠢᠨ ᠴᠢᠭ᠋ ᠤᠨ ᠠᠵᠢᠯ ᠢ ᠡᠬᠢᠯᠡᠭᠦᠯᠵᠦ᠂ ᠬᠡᠢ ᠬᠤᠭᠤᠰᠣᠨ ᠡᠮ ᠤᠨ ᠵᠦᠢᠯ ᠤᠨ ᠦᠨ᠎ᠡ ᠶᠢ ᠦᠨᠡᠨᠬᠦ | ᠪᠠᠭᠤᠷᠠᠭᠤᠯᠵᠤ᠂ ᠡᠮ ᠤᠨ ᠵᠦᠢᠯ ᠢ ᠬᠤᠳᠠᠯᠳᠤᠨ ᠠᠪᠬᠤ ᠰᠢᠨ᠎ᠡ ᠲᠣᠭᠲᠠᠴᠠ ᠶᠢ ᠪᠠᠶᠢᠭᠤᠯᠤᠨ᠎ᠠ᠃ | ᠲᠠᠪᠤ ᠳᠤ ᠦᠨᠳᠦᠰᠦᠨ ᠱᠠᠲᠤᠨ ᠤ ᠠᠵᠢᠯᠯᠠᠭᠠᠨ ᠤ ᠰᠢᠨ᠎ᠡ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠢᠷᠭᠤᠭ᠎ᠠ ᠳᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ | ᠨᠡᠶᠢᠭᠡᠮ ᠠᠴᠠ ᠡᠮᠨᠡᠯᠭᠡ ᠶᠢᠨ ᠬᠤᠷᠢᠶ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠤᠨ ᠡᠳ᠋ | ᠬᠥᠷᠥᠩᠭᠡ ᠶᠢᠨ ᠠᠰᠢᠭ ᠣᠯᠵᠠᠪᠤᠷᠢ ᠶᠢᠨ ᠪᠤᠰᠤ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠶᠢ ᠡᠩ ᠲᠡᠷᠢᠭᠦᠨ ᠳᠤ | ᠵᠣᠷᠢᠭᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠡᠮᠴᠢᠯᠡᠭᠡ ᠪᠣᠯᠤᠨ ᠰᠤᠪᠢᠯᠠᠯᠲᠠ ᠶᠢ ᠤᠶᠠᠯᠳᠤᠭᠤᠯᠤᠭᠰᠠᠨ ᠲᠥᠷᠥᠯ | ᠵᠦᠢᠯ ᠤᠨ ᠲᠤᠷᠰᠢᠯᠲᠠ ᠶᠢᠨ ᠴᠢᠭ᠋ ᠢ ᠨᠠᠶᠢᠳᠠᠪᠤᠷᠢᠵᠢᠭᠤᠯᠤᠨ᠎ᠠ᠃ ᠡᠷᠡᠭᠦᠯ ᠢᠶᠠᠷ ᠨᠠᠰᠤᠵᠢᠬᠤ ᠢᠨᠵᠧᠨᠧᠷᠢᠩ ᠢ | ᠬᠡᠷᠡᠭᠵᠢᠭᠦᠯᠵᠦ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠡᠷᠡᠭᠦᠯᠵᠢᠭᠦᠯᠬᠦ᠂ ᠨᠠᠰᠤᠨ ᠲᠡᠭᠦᠰ ᠤᠨ ᠬᠠᠯᠠᠮᠵᠢᠯᠠᠯ | ᠵᠡᠷᠭᠡ ᠣᠷᠳᠤᠳᠬᠠᠯ ᠤᠨ ᠴᠢᠨᠠᠷᠲᠠᠢ ᠦᠢᠯᠡᠴᠢᠯᠡᠭᠡᠨ ᠢ ᠠᠬᠢᠭᠤᠯᠤᠨ ᠬᠦᠭᠵᠢᠭᠦᠯᠦᠨ᠎ᠡ᠃ | ᠲᠤᠯᠤᠭ᠎ᠠ ᠳᠤ ᠬᠥᠮᠦᠨ ᠠᠮᠠ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ | ᠲᠥᠷᠭᠡᠳᠬᠡᠨ ᠠᠬᠢᠭᠤᠯᠤᠨ᠎ᠠ᠃ ᠬᠥᠮᠦᠨ ᠠᠮᠠ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ | ᠵᠣᠬᠢᠴᠠᠩᠭᠤᠶ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ | ᠵᠢᠴᠢ ᠠᠶᠢᠮᠠᠭ ᠬᠤᠳᠠ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ᠂ ᠬᠡᠷᠡᠭᠯᠡᠯᠲᠡ ᠪᠠ ᠬᠠᠷᠢᠯᠴᠠᠨ ᠬᠤᠯᠪᠤᠭᠠᠯᠠᠨ ᠨᠡᠪᠲᠡᠷᠡᠯᠴᠡᠬᠦ ᠶᠢ ᠤᠯᠠᠮ ᠠᠬᠢᠭᠤᠯᠤᠨ᠎ᠠ᠃ ᠪᠦᠬᠦ | ᠠᠵᠢᠯᠳᠠᠨ ᠤ ᠬᠥᠮᠦᠨ ᠠᠮᠠ ᠶᠢᠨ ᠮᠡᠳᠡᠭᠡ ᠵᠠᠩᠭᠢ᠂ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠳᠠᠩᠰᠠ | ᠡᠪᠬᠡᠮᠡᠯ ᠪᠠ ᠡᠪᠡᠳᠴᠢᠲᠡᠨ ᠤ ᠡᠯᠧᠺᠲᠷᠣᠨ ᠨᠠᠮᠳᠠᠷ ᠵᠡᠷᠭᠡ ᠭᠤᠷᠪᠠᠨ ᠶᠡᠭᠡ ᠰᠠᠭᠤᠷᠢ ᠡᠬᠢ ᠪᠠᠶᠠᠯᠢᠭ ᠤᠨ | ᠬᠥᠮᠥᠷᠭᠡ ᠶᠢ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ + ᠡᠮ ᠡᠮᠨᠡᠯᠭᠡ︾ ᠶᠢᠨ ᠪᠠᠶᠢᠭᠤᠯᠤᠯᠲᠠ ᠪᠠ | ᠬᠡᠷᠡᠭᠯᠡᠯᠲᠡ ᠶᠢ ᠲᠥᠯᠬᠢᠨ ᠠᠬᠢᠭᠤᠯᠵᠤ᠂ ᠡᠷᠡᠭᠦᠯ ᠬᠠᠮᠠᠭᠠᠯᠠᠯ ᠤᠨ ᠶᠡᠭᠡ ᠲᠤᠭ᠎ᠠ ᠪᠠᠷᠢᠮᠳᠠ᠂ ᠰᠢᠯᠵᠢᠮᠡᠯ ᠢᠨᠲ᠋ᠧᠷ | ᠰᠦᠯᠵᠢᠶ᠎ᠡ᠂ ᠪᠤᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠰᠢᠨ᠎ᠡ ᠮᠡᠷᠭᠡᠵᠢᠯ ᠬᠢᠭᠡᠳ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠤᠬᠠᠶᠢᠯᠠᠭᠰᠠᠨ ᠠᠵᠢᠯ ᠪᠠ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ | | | | |