ᠥᠪᠥᠷ ᠮᠣᠩᠭᠤᠯ ︽12· 5︾᠎ ᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠶᠢᠳᠡ 29.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠢ ᠵᠠᠰᠠᠪᠠ
ᠨᠡᠶᠢᠲᠡᠯᠡᠭᠰᠡᠨ ᠴᠠᠭ᠄
2016/1/19
     ︽12· 5︾᠎ ᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ  ᠭᠠᠵᠠᠷ  ᠰᠢᠨᠵᠢᠯᠡᠭᠡ ᠎ ᠶᠢᠨ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠳᠤ ᠨᠡᠶᠢᠲᠡ 29.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠠᠰᠠᠵᠤ ᠰᠡᠷᠭᠦᠭᠡᠭᠰᠡᠨ ᠲᠠᠯᠠᠪᠠᠢ ᠨᠢ 608 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠲᠡᠦᠬᠡ ᠶᠢᠨ ᠦᠯᠡᠳᠡᠭᠳᠡᠯ ᠠᠭᠤᠷᠬᠠᠶ ᠶᠢᠨ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ  ᠢ ᠰᠡᠷᠭᠦᠭᠡᠨ ᠵᠠᠰᠠᠬᠤ ᠨᠣᠷᠮ᠎ᠠ ᠨᠢ 35.6%᠎ ᠳᠤ ᠬᠦᠷᠪᠡ᠃ ᠣᠳᠣᠬᠠᠨ ᠳᠤ᠂ ᠥᠪᠥᠷ ᠮᠣᠩᠭᠤᠯ ᠤᠨ ᠭᠠᠵᠠᠷ ᠤᠨ ᠣᠷᠴᠢᠨ ᠲᠣᠭᠤᠷᠢᠨ ᠬᠠᠮᠠᠭᠠᠯᠠᠨ ᠵᠠᠰᠠᠬᠤ ᠠᠵᠢᠯ ᠨᠢᠭᠡᠨᠲᠡ ᠰᠢᠨ᠎ᠡ ᠱᠠᠲᠤᠨ ᠳᠤ ᠭᠠᠷᠴᠤ᠂ ᠭᠤᠣᠯᠳᠠᠯᠭ᠎ᠠ ᠲᠠᠢ ᠣᠷᠣᠨ ᠪᠦᠰᠡ᠂ ᠰᠡᠷᠭᠡᠭ ᠭᠠᠵᠠᠷ ᠣᠷᠣᠨ ᠳᠤ᠂ ᠲᠤᠰᠬᠠᠶ ᠵᠦᠢᠯ ᠤᠨ ᠪᠡᠯᠡ ᠮᠥᠩᠭᠦ  ᠣᠷᠣᠭᠤᠯᠵᠤ ᠲᠥᠪᠯᠡᠷᠡᠭᠦᠯᠦᠨ ᠵᠠᠰᠠᠵᠤ᠂ ᠣᠷᠣᠨ ᠨᠤᠲᠤᠭ ᠲᠠᠢ ᠬᠠᠮᠵᠢᠯᠴᠠᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ᠂ ᠬᠥᠯᠥᠨ ᠪᠤᠶᠢᠷ ᠶᠢᠨ ︽ᠲᠡᠭᠷᠢ ᠶᠢᠨ ᠨᠦᠭᠡ ︾ ᠵᠡᠷᠭᠡ ᠶᠢ ᠭᠤᠣᠯᠳᠠᠯᠭ᠎ᠠ ᠲᠠᠢ ᠵᠠᠰᠠᠪᠠ᠃ ᠪᠦᠬᠦ ᠣᠷᠣᠨ ᠤ ᠬᠠᠭᠤᠴᠢᠨ ᠠᠭᠤᠷᠬᠠᠶ᠂ ︽ᠭᠤᠷᠪᠠᠨ ᠣᠷᠣᠨ ᠬᠤᠶᠠᠷ ᠱᠤᠭᠤᠮ︾ ︵ᠭᠤᠣᠯᠳᠠᠯᠭ᠎ᠠ ᠲᠠᠢ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ᠂ ᠲᠡᠮᠥᠷ ᠵᠠᠮ ᠪᠣᠯᠣᠨ ᠴᠢᠬᠤᠯᠠ ᠵᠠᠰᠠᠮᠠᠯ ᠵᠠᠮ ᠳᠠᠭᠠᠤ ᠱᠤᠭᠤᠮ᠂ ᠳᠠᠯᠠᠶ ᠶᠢᠨ ᠡᠷᠭᠢ ᠶᠢᠨ ᠱᠤᠭᠤᠮ︶᠎ ᠤᠨ ᠣᠷᠴᠢᠨ ᠲᠣᠭᠤᠷᠢᠨ ᠦᠨᠳᠦᠰᠦᠨ ᠳᠡᠭᠡᠨ ᠰᠠᠶᠢᠵᠢᠷᠠᠪᠠ᠃ ᠳᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠢ ᠵᠠᠰᠠᠬᠤ ᠣᠷᠣᠭᠤᠯᠤᠯᠲᠠ ᠶᠢᠨ ᠪᠡᠯᠡ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠲᠡᠮᠡᠴᠡᠨ ᠣᠯᠵᠣ᠂ ᠵᠠᠰᠠᠬᠤ ᠲᠠᠯᠠᠪᠠᠢ ᠶᠢ 300 ᠲᠡᠭᠰᠢ ᠳᠥᠷᠪᠡᠯᠵᠢᠨ ᠺᠢᠯᠣᠮᠧᠲᠷ ᠲᠤ ᠬᠦᠷᠭᠡᠵᠦ᠂ ᠡᠪᠳᠡᠵᠦ ᠰᠦᠢᠳᠬᠡᠭᠳᠡᠭᠰᠡᠨ ᠲᠡᠯᠡᠪᠡᠢ ᠶᠢ ᠵᠢᠯ ᠳᠠᠷᠠᠭᠠᠯᠠᠨ ᠳᠣᠷᠣᠭᠰᠢᠯᠠᠭᠤᠯᠤᠨ᠎ᠠ᠃ ︽13· 5︾᠎ ᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ ᠵᠠᠰᠠᠬᠤ ᠲᠠᠯᠠᠪᠠᠢ ᠬᠢᠭᠡᠳ ᠡᠵᠡᠯᠡᠬᠦ ᠲᠠᠯᠠᠪᠠᠢ ᠶᠢ ᠲᠡᠩᠴᠡᠭᠦᠷᠢᠲᠡᠶ ᠪᠣᠯᠭᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号