1 ᠳ᠋ᠦ᠋ᠭᠡᠷ ᠰᠠᠷ᠎ᠠ ᠶᠢᠨ 18 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠭᠠᠭᠰᠠᠨ ᠢᠶᠠᠷ᠂ 2015 ᠣᠨ ᠳᠤ᠂ | ᠮᠠᠨ ᠤ ᠣᠷᠣᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠬᠦᠨᠳᠦ ᠵᠡᠮᠳᠡᠭᠴᠦᠳ᠂ | ᠲᠠᠪᠤᠨ ᠪᠠᠲᠤᠯᠠᠭᠠᠲᠤ ᠡᠷᠦᠬᠡ ᠵᠡᠷᠭᠡ 55.6 ᠲᠦᠮᠡᠨ ᠰᠦᠢᠳᠬᠡᠯ ᠲᠤᠰᠢᠶᠠᠬᠤ ᠳᠤ ᠬᠦᠴᠢᠷᠲᠡᠢ ᠣᠯᠠᠨ ᠲᠦᠮᠡᠨ ᠤ | ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠪᠠ᠃ | ᠳᠡᠭᠡᠷ᠎ᠡ ᠳᠤᠷᠠᠳᠤᠭᠰᠠᠨ ᠬᠥᠮᠥᠰ ᠠᠴᠠ ᠭᠠᠳᠠᠨ᠎ᠠ᠂ ᠮᠠᠨ ᠤ ᠣᠷᠣᠨ ᠲᠥᠯᠥᠪᠯᠡᠭᠡᠲᠦ ᠦᠷᠡᠵᠢᠯ ᠤᠨ | ᠣᠨᠴᠠᠭᠠᠢ ᠭᠡᠷ ᠪᠦᠯᠢ ᠶᠢᠨ ᠪᠦᠷᠢᠯᠳᠦᠬᠦᠨ ᠢ ᠣᠷᠣᠯᠠᠨ ᠲᠤᠰᠢᠶᠠᠬᠤ ᠬᠦᠷᠢᠶ᠎ᠡ ᠬᠡᠪᠴᠢᠶ᠎ᠡ ᠳᠤ ᠣᠷᠣᠭᠤᠯᠪᠠ᠃ | ᠣᠶᠢᠯᠭᠠᠭᠰᠠᠨ ᠢᠶᠠᠷ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠠᠮᠢᠳᠤᠷᠠᠯ᠂ ᠡᠪᠡᠳᠴᠢᠨ | ᠦᠵᠡᠭᠦᠯᠬᠦ᠂ ᠨᠠᠰᠤᠵᠢᠯ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ 5 | ᠰᠠᠯᠠᠭ᠎ᠠ ᠮᠥᠴᠢᠷ ᠲᠦᠷᠦᠭᠦᠬᠡᠨ ︽ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠲᠡᠳᠬᠦᠨ ᠲᠤᠰᠠᠯᠠᠵᠤ | ᠬᠠᠯᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠬᠡᠷᠡᠭᠵᠢᠭᠦᠯᠬᠦ ᠲᠤᠬᠠᠢ ᠰᠠᠨᠠᠯ︾ ᠢ ᠬᠠᠮᠲᠤᠷᠠᠨ | ᠲᠠᠷᠬᠠᠭᠠᠪᠠ᠃ ᠨᠠᠰᠤᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠲᠠᠯ᠎ᠠ ᠪᠠᠷ᠂ ᠮᠠᠨ ᠤ ᠣᠷᠣᠨ ᠲᠣᠳᠣᠷᠬᠠᠶᠢᠯᠠᠭᠰᠠᠨ | ᠨᠢ᠂ ᠨᠥᠬᠦᠴᠡᠯ ᠳᠤ ᠨᠡᠶᠢᠴᠡᠭᠰᠡᠨ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠪᠦᠷᠢᠯᠳᠦᠬᠦᠨ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠵᠠᠰᠠᠭ ᠤᠨ | ᠣᠷᠳᠣᠨ ᠠᠴᠠ ᠲᠡᠭᠦᠨ ᠤ 100 ᠲᠥᠭᠦᠷᠢᠭ ᠤᠨ ᠪᠠᠷᠢᠮᠵᠢᠶ᠎ᠠ ᠶᠣᠰᠣᠭᠠᠷ ᠨᠠᠰᠤᠵᠢᠯ ᠤᠨ ᠳᠠᠭᠠᠳᠬᠠᠯ ᠤᠨ | ᠰᠦᠢᠳᠬᠡᠯ ᠢ ᠨᠢ ᠲᠤᠭ᠎ᠠ ᠶᠣᠰᠣᠭᠠᠷ ᠣᠷᠣᠯᠠᠨ ᠲᠤᠰᠢᠶᠠᠨ᠎ᠠ᠂ ᠲᠣᠰ ᠲᠥᠷᠥ ᠶᠢᠨ ᠪᠣᠳᠣᠯᠭ᠎ᠠ ᠨᠢ 1.3 ᠲᠦᠮᠡ | ᠰᠢᠬᠠᠮ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠪᠦᠷᠢᠯᠳᠦᠬᠦᠨ ᠳᠤ ᠬᠠᠷᠠᠭᠠᠯᠵᠠᠯ ᠬᠦᠷᠲᠡᠭᠡᠬᠦ | ᠪᠣᠯᠣᠨ᠎ᠠ᠃ |