ᠦᠪᠦᠷ ᠮᠤᠩᠭᠤᠯ ᠤᠨ ᠤᠶᠤᠨ ᠤ ᠪᠤᠯᠪᠠᠰᠤᠨ ᠤ ᠠᠯᠪᠠᠨ ᠭᠡᠷ ᠤᠨ ᠡᠷᠬᠢᠯᠡᠭᠴᠢ ᠨᠠᠷ ᠤᠨ ᠬᠤᠷᠠᠯ ᠬᠤᠷᠠᠯᠳᠤᠵᠤ 2016 ᠤᠨ ᠤ ᠠᠷᠪᠠᠨ ᠲᠦᠷᠦᠯ ᠤᠨ ᠴᠢᠬᠤᠯᠠ ᠠᠵᠢᠯ ᠢ ᠲᠤᠳᠤᠷᠬᠠᠶᠢᠯᠠᠪᠠ
ᠨᠡᠶᠢᠲᠡᠯᠡᠭᠰᠡᠨ ᠴᠠᠭ᠄
2016/1/20
     1 ᠳ᠋ᠦ᠋ᠭᠡᠷ ᠰᠠᠷ᠎ᠠ ᠶᠢᠨ 19᠎ ᠤ ᠡᠳᠦᠷ᠂ ᠪᠦᠬᠦ ᠣᠷᠣᠨ ᠤ ᠤᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠂ ᠬᠤᠷᠠᠯ ᠳᠤ 2015 ᠣᠨ ᠤ ᠠᠵᠢᠯ ᠢ ᠳ᠋ᠦᠩᠨᠡᠵᠦ᠂ ᠣᠳᠣᠬᠢ ᠪᠠᠶᠢᠳᠠᠯ ᠢ ᠵᠠᠳᠠᠯᠤᠨ᠂ 2016 ᠣᠨ ᠤ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠣᠠ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠭᠦᠸᠧ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      2016 ᠣᠨ ᠳᠤ ᠪᠦᠬᠦ ᠣᠷᠣᠨ ᠤ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ      ᠬᠤᠷᠠᠯ ᠠᠴᠠ 2016 ᠣᠨ ᠤ ᠪᠦᠬᠦ ᠣᠷᠣᠨ ᠤ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠲᠤᠳᠤᠷᠬᠠᠶᠢᠯᠠᠪᠠ᠃ ᠨᠢᠭᠡ ᠳᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠲᠠᠪᠤᠳᠤᠭᠠᠷ ᠪᠥᠬᠦᠳᠡ ᠬᠤᠷᠠᠯ ᠪᠣᠯᠤᠨ ᠲᠥᠪ ᠤᠨ ᠬᠤᠳᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠥᠭᠡᠯᠡᠨ ᠣᠷᠴᠢᠨ ᠨᠥᠬᠦᠴᠡᠯ᠂ ᠨᠡᠶᠢᠭᠡᠮ ᠤᠨ ᠬᠡᠪ ᠰᠤᠷᠲᠠᠯ᠂ ᠬᠤᠳᠠ ᠶᠢᠨ ᠠᠷᠠᠳ ᠤᠨ ᠬᠡᠪ ᠴᠢᠨᠠᠷ ᠪᠣᠯᠤᠨ ᠬᠤᠳᠠ ᠶᠢᠨ ᠰᠣᠶᠣᠯ ᠤᠨ ᠪᠠᠶᠢᠭᠤᠯᠤᠯᠲᠠ ᠶᠢ ᠳᠤᠪᠤᠶᠢᠯᠭᠠᠵᠤ᠂ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠲᠠ ᠶᠢ ᠲᠣᠯᠣᠭᠠᠶᠢᠯᠠᠭᠴᠢ ᠢᠨᠵᠧᠨᠧᠷᠢᠩ ᠪᠣᠯᠭᠠᠨ ᠲᠦᠯᠬᠢᠨ ᠠᠬᠢᠭᠤᠯᠬᠤ ᠬᠡᠷᠡᠭᠲᠡᠢ︔ ᠬᠤᠶᠠᠷ ᠲᠤ᠂ ᠪᠣᠯᠪᠠᠰᠤᠨ ᠭᠠᠴᠠᠭ᠎ᠠ ᠪᠠᠯᠭᠠᠰᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠠᠷᠪᠡ ᠶᠢ ᠪᠦᠷᠢᠨ ᠪᠦᠷᠬᠦᠭᠦᠯᠬᠦ︾ ᠢᠨᠵᠧᠨᠧᠷᠢᠩ ᠶᠢ ᠲᠤᠭᠤᠷᠢᠨ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠢᠷᠮᠠᠶᠢᠵᠤ ᠪᠠᠶᠢᠭᠠᠳ ᠬᠦᠳᠡᠭᠡ ᠶᠢᠨ ᠵᠠᠩ ᠠᠷᠠᠳ ᠤᠨ ᠰᠤᠷᠲᠠᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠰᠣᠶᠣᠯ ᠤᠨ ᠠᠮᠢᠳᠤᠷᠠᠯ ᠢ ᠭᠤᠶᠤ ᠰᠠᠶᠢᠬᠠᠨ ᠪᠤᠯᠭᠠᠬᠤ ᠬᠡᠷᠡᠭᠲᠡᠢ︔ ᠭᠤᠷᠪᠠ ᠳᠤ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠪᠣᠯᠪᠠᠰᠤᠨ ᠨᠢᠭᠡᠴᠡ᠂ ᠪᠣᠯᠪᠠᠰᠤᠨ ᠠᠵᠢᠯ ᠲᠦᠷᠦᠯ ᠢ ᠡᠭᠦᠳᠦᠨ ᠪᠠᠶᠢᠭᠤᠯᠬᠤ ᠶᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠪᠦᠲᠦᠮᠵᠢᠲᠡᠶ ᠠᠷᠭ᠎ᠠ ᠵᠠᠮ ᠪᠣᠯᠭᠠᠵᠤ᠂ ᠴᠢᠷᠮᠠᠶᠢᠨ ᠦᠷ᠎ᠡ ᠪᠦᠲᠦᠮᠵᠢ ᠭᠠᠷᠭᠠᠬᠤ ᠬᠡᠷᠡᠭᠲᠡᠶ︔ ᠳᠦᠷᠪᠠ ᠳᠤ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠬᠤ᠂ ᠭᠡᠷ ᠪᠦᠯᠢ ᠶᠢᠨ ᠰᠤᠷᠭᠠᠯ ᠢ ᠴᠢᠬᠤᠯᠠᠴᠢᠯᠠᠬᠤ᠂ ᠭᠡᠷ ᠪᠦᠯᠢ ᠶᠢᠨ ᠰᠤᠷᠲᠠᠯ ᠢ ᠴᠢᠬᠤᠯᠠᠴᠢᠯᠠᠬᠤ  ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠪᠠᠶᠢᠭᠤᠯᠤᠯᠲᠠ ᠶᠢ ᠦᠨᠡᠨ ᠬᠦ ᠬᠦᠨᠳᠦᠳᠬᠡᠬᠦ ᠬᠡᠷᠡᠭᠲᠡᠢ︔ ᠲᠠᠪᠤ ᠳᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠲᠣᠭᠲᠠᠭᠠᠵᠤ ᠬᠥᠮᠦᠨ ᠬᠥᠮᠦᠵᠢᠭᠦᠯᠬᠦ᠂ ᠰᠠᠶᠢᠨ ᠰᠠᠶᠢᠬᠠᠨ ᠰᠠᠨᠠᠭ᠎ᠠ ᠰᠡᠳᠬᠢᠯ ᠢ ᠪᠦᠲᠦᠭᠡᠬᠦ᠂ ᠰᠠᠶᠢᠨ ᠰᠠᠶᠢᠬᠠᠨ ᠥᠢᠯᠡ ᠠᠵᠢᠯᠯᠠᠭ᠎ᠠ ᠶᠢᠨ ᠵᠠᠩ ᠳᠠᠳᠬᠠᠯ ᠲᠠᠢ ᠪᠤᠯᠬᠤ᠂ ᠰᠠᠭᠤᠷᠢ ᠪᠤᠯᠪᠠᠰᠤᠨ ᠢ ᠪᠤᠶᠢᠵᠢᠭᠤᠯᠬᠤ ᠶᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ︔ ᠵᠢᠷᠭᠤᠭ᠎ᠠ ᠳᠤ᠂ ᠶᠣᠰᠣ ᠮᠣᠷᠠᠯ ᠤᠨ ᠰᠠᠶᠢᠴᠤᠤᠯ ᠢ ᠰᠣᠩᠭᠤᠨ ᠬᠥᠬᠢᠭᠦᠯᠬᠦ ᠪᠠ ᠤᠬᠠᠭᠤᠯᠤᠨ ᠰᠤᠷᠤᠯᠴᠠᠬᠤ ᠶᠢ ᠭᠦᠨᠵᠡᠭᠡᠶ ᠲᠦᠯᠬᠢᠨ ᠠᠬᠢᠭᠤᠯᠵᠤ᠂ ︽ᠤᠶᠤᠨ ᠤ ᠪᠠᠶᠠᠨ ᠠᠭᠤᠷᠬᠠᠢ︾ ᠡᠨᠡ ᠬᠦ ᠶᠣᠰᠣ ᠮᠣᠷᠠᠯ ᠤᠨ ᠦᠯᠢᠭᠡᠷ ᠵᠣᠷᠢᠭ ᠰᠠᠨᠠᠭ᠎ᠠ ᠶᠢ ᠰᠠᠶᠢᠲᠤᠷ ᠬᠡᠷᠡᠭᠯᠡᠵᠦ᠂ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠨ᠎ᠡ ᠶᠢ ᠡᠭᠦᠳᠬᠦ ᠬᠡᠯᠪᠡᠷᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠶᠣᠰᠣ ᠮᠣᠷᠠᠯ ᠤᠨ ᠵᠢᠱᠢᠶᠡᠴᠢ ᠳᠠᠭᠤᠷᠢᠶᠠᠯ ᠤᠨ ᠬᠦᠴᠦᠨ ᠴᠢᠳᠠᠯ ᠢᠶᠠᠨ ᠥᠷᠭᠡᠨ ᠤᠯᠠᠨ ᠲᠦᠮᠡᠨ ᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ︔ ᠲᠤᠯᠤᠭ᠎ᠠ ᠳᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠷᠠᠮ ᠦᠭᠡᠶ ᠵᠢᠳᠬᠦᠬᠦ᠂ ᠨᠥᠬᠦᠷᠯᠡᠯ ᠬᠠᠶᠢᠷ᠎ᠠ ᠶᠢ ᠡᠷᠬᠢᠮᠯᠡᠬᠦ᠂ ᠬᠠᠷᠢᠯᠴᠠᠨ ᠬᠠᠪᠰᠤᠷᠬᠤ᠂ ᠴᠢᠷᠮᠠᠶᠢᠨ ᠳᠠᠪᠰᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ ᠶᠢ ᠲᠦᠯᠬᠢᠨ ᠠᠬᠢᠭᠤᠯᠤᠨ᠎ᠠ︔ ᠨᠠᠢᠮᠠ ᠳᠤ᠂ ᠦᠨᠡᠨᠴᠢ ᠢᠲᠡᠭᠡᠮᠵᠢᠲᠡᠶ ᠪᠠᠶᠢᠬᠤ ᠪᠠᠶᠢᠭᠤᠯᠤᠯᠲᠠ ᠶᠢᠨ ᠳᠦᠷᠢᠮᠵᠢᠭᠦᠯᠦᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢᠲᠡᠶ ᠪᠠᠶᠢᠬᠤ ᠲᠤᠭᠤᠷᠢᠨ ᠳᠤ ᠰᠤᠶᠤᠯ ᠤᠨ ᠪᠤᠶᠢᠵᠢᠭᠤᠯᠤᠯᠲᠠ᠂ ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ ᠢ ᠵᠢᠷᠤᠮᠵᠢᠭᠤᠯᠬᠤ᠂ ᠢᠲᠡᠭᠡᠯ ᠠᠯᠳᠠᠬᠤ ᠶᠢ ᠬᠢᠵᠠᠭᠠᠷᠯᠠᠨ ᠵᠠᠯᠬᠠᠭᠠᠨ ᠴᠡᠭᠡᠷᠯᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮᠵᠢᠭᠦᠯᠦᠯᠲᠡ ᠶᠢ ᠲᠦᠯᠬᠢᠨ ᠠᠬᠢᠭᠤᠯᠤᠨ᠎ᠠ︔ ᠶᠢᠰᠦ ᠳᠤ᠂ ᠪᠣᠯᠪᠠᠰᠤᠨ ᠵᠢᠭᠤᠯᠴᠢᠯᠠᠯ ᠤᠨ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠪᠤᠯᠪᠠᠰᠤᠨ  ᠵᠢᠭᠤᠯᠴᠢᠯᠠᠯ ᠤᠨ ᠠᠵᠢᠯ ᠤᠨ ᠴᠢᠬᠤᠯᠠ ᠴᠢᠨᠠᠷ ᠢ‌ᠤᠯᠤᠰ ᠤᠨ ᠲᠦᠷᠢ ᠲᠥᠷᠬᠦ ᠯᠦᠭᠡ ᠬᠤᠯᠪᠤᠭᠳᠠᠬᠤ ᠳᠡᠭᠡᠳᠦ ᠬᠡᠮᠵᠢᠶᠡᠨ ᠠᠴᠠ ᠭᠦᠨᠵᠡᠭᠡᠶ ᠲᠠᠨᠢᠵᠤ᠂ ᠠᠵᠢᠯ ᠤᠨ ᠰᠢᠨ᠎ᠡ ᠨᠢᠭᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ︔ ᠠᠷᠪᠠ ᠳᠤ᠂ ᠲᠤᠤᠷ ᠰᠦᠯᠵᠢᠶᠡᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠪᠠ ᠤᠷᠤᠰᠬᠠᠯ ᠲᠠᠢ ᠨᠡᠶᠢᠴᠡᠭᠦᠯᠵᠦ᠂ ᠲᠣᠣᠷ ᠰᠦᠯᠵᠢᠶ᠎ᠡ ᠶᠢᠨ ᠠᠵᠢᠯ ᠤᠨ ᠴᠢᠬᠤᠯᠠ ᠵᠢᠭᠰᠠᠭᠠᠯ ᠤᠨ ᠭᠠᠵᠠᠷ ᠪᠠ ᠤᠯᠠᠮᠵᠢᠯᠠᠨ ᠲᠠᠷᠬᠠᠭᠠᠬᠤ ᠠᠷᠭ᠎ᠠ ᠵᠠᠮ ᠪᠤᠯᠭᠠᠬᠤ ᠬᠡᠷᠡᠭᠲᠡᠢ᠃      ᠡᠯ᠎ᠡ ᠠᠶᠢᠮᠠᠭ ᠬᠤᠳᠠ ᠶᠢᠨ ᠤᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠠᠯᠪᠠᠨ ᠭᠡᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号