2016 ᠣᠨ ᠳᠤ ᠥᠪᠥᠷ ᠮᠣᠩᠭᠤᠯ ᠢᠨᠲ᠋ᠧᠷ ᠰᠦᠯᠵᠢᠶᠡᠨ ᠤ ᠬᠠᠣᠯᠢ ᠪᠤᠰᠤ ᠬᠡᠪᠯᠡᠭᠳᠡᠭᠦᠨ ᠢ ᠤᠯᠠᠮᠵᠢᠯᠠᠨ ᠲᠠᠷᠬᠠᠭᠠᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/1/20
     1 ᠳ᠋ᠦ᠋ᠭᠡᠷ ᠰᠠᠷ᠎ᠠ ᠶᠢᠨ 19᠎ ᠤ ᠡᠳᠦᠷ  ᠂ 2016 ᠤᠨ ᠤ ᠦᠪᠡᠷᠳᠡᠬᠡᠨ ᠵᠠᠰᠠᠬᠤ ᠤᠷᠤᠨ ᠤ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ᠃ ᠬᠤᠷᠠᠯ ᠨᠢ 2015 ᠣᠨ ᠤ ᠪᠦᠬᠦ ᠣᠷᠣᠨ ᠤ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠢ ᠳ᠋ᠦᠩᠨᠡᠵᠦ᠂ ᠲᠡᠷᠢᠭᠦᠨ ᠤ ᠬᠠᠮᠲᠤ ᠨᠡᠶᠢᠲᠡ ᠵᠢᠴᠢ ᠬᠤᠪᠢ ᠬᠥᠮᠥᠨ ᠢ ᠬᠦᠬᠢᠭᠦᠯᠦᠭᠰᠡᠨ ᠪᠦᠭᠡᠳ 2016 ᠣᠨ ᠤ ︽ᠱᠠᠯᠢᠬ ᠵᠠᠪᠬᠠᠢ ᠵᠦᠢᠯᠡᠰ ᠎ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠤᠨ ᠡᠬᠦᠷᠬᠡ ᠪᠠᠨ ᠪᠠᠶᠢᠷᠢᠯᠠᠭᠤᠯᠵᠠᠢ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃       ᠤᠯᠠᠭᠠᠨ ᠵᠢᠭᠠᠵᠤ ᠭᠠᠷᠭᠠᠭᠰᠠᠨ ᠨᠢ᠂ 2015 ᠣᠨ ᠳᠤ᠂ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠣᠯᠭ᠎ᠠ ᠳᠣᠣᠷ᠎ᠠ᠂ ᠪᠦᠬᠦ ᠣᠷᠣᠨ ᠎ ᠤ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠹᠷᠤᠨᠲ ᠨᠢ  ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠤᠰᠤ  ᠬᠡᠪᠯᠡᠭᠳᠡᠭᠦᠨ ᠵᠢᠴᠢ ᠬᠤᠣᠷ ᠬᠦᠨᠦᠭᠡᠯ ᠲᠠᠢ ᠮᠡᠳᠡᠭᠡ ᠵᠠᠩᠭᠢ ᠶᠢ ᠪᠠᠶᠢᠴᠠᠭᠠᠨ ᠬᠤᠷᠢᠭᠯᠠᠬᠤ ᠶᠢᠨ ᠲᠣᠭᠤᠷᠢᠨ ᠳᠤ᠂ ᠰᠦᠯᠵᠢᠶᠡᠨ ᠳᠡᠭᠡᠷᠡᠬᠢ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠭᠤᠣᠯ ᠪᠠᠬᠢᠯᠡᠯᠲᠡ ᠶᠢ ᠡᠵᠡᠯᠡᠨ ᠡᠵᠡᠮᠳᠡᠵᠦ᠂ ᠬᠤᠰᠢᠭᠤ ᠰᠢᠶᠠᠨ ᠤ ᠬᠡᠪᠯᠡᠭᠳᠡᠭᠦᠨ ᠤ ᠵᠠᠬ᠎ᠠ ᠳᠡᠯᠭᠡᠭᠦᠷ ᠤᠨ ᠶᠡᠷᠦᠩᠭᠡᠶᠢᠯᠡᠨ ᠵᠠᠰᠠᠬᠤ ᠭᠤᠷᠪᠠᠨ ᠭᠤᠣᠯ ᠴᠢᠭᠯᠡᠯ ᠢ ᠲᠦᠯᠬᠢᠨ ᠠᠬᠢᠭᠤᠯᠵᠤ᠂ ︽ᠡᠬᠢ ᠦᠨᠳᠦᠰᠦ ᠶᠢ ᠎ ᠨᠢ ᠴᠡᠪᠡᠷᠯᠡᠬᠦ︾᠂ ︽ᠬᠢᠯᠢ ᠬᠢᠵᠠᠭᠠᠷ ᠢ ᠪᠠᠲᠤᠳᠬᠠᠬᠤ︾᠂ ︽ᠰᠦᠯᠵᠢᠶ᠎ᠡ ᠶᠢ ᠴᠡᠪᠡᠷᠰᠢᠭᠦᠯᠬᠦ︾᠂ ︽ᠨᠠᠮᠤᠷ ᠤᠨ ᠰᠠᠯᠬᠢ︾᠂ ︽ᠨᠠᠬᠢᠶ᠎ᠠ ᠰᠦᠶ᠎ᠡ ᠶᠢ ᠬᠠᠮᠠᠭᠠᠯᠠᠬᠤ︾ ᠲᠤᠰᠬᠠᠢ ᠵᠦᠢᠯ ᠤᠨ ᠠᠵᠢᠯᠯᠠᠭ᠎ᠠ ᠶᠢ ᠯᠠᠪᠳᠠᠭᠤᠨ ᠦᠷᠨᠢᠭᠦᠯᠵᠦ᠂ ᠪᠦᠬᠦ ᠣᠷᠣᠨ ᠤ ᠰᠣᠶᠣᠯ ᠤᠨ ᠠᠮᠢ ᠠᠬᠤᠶ ᠶᠢᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠪᠡ᠃ 2015 ᠣᠨ ᠳᠤ ︽ᠱᠠᠯᠢᠬ ᠵᠠᠪᠬᠠᠢ ᠵᠦᠢᠯᠡᠰ ᠢ ᠠᠷᠢᠯᠭᠠᠨ‌ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠡᠷᠡᠭ 476᠎ ᠶᠢ ᠪᠠᠶᠢᠴᠠᠭᠠᠨ ᠰᠢᠢᠳᠪᠦᠷᠢᠯᠡᠵᠦ᠂ 421 ᠬᠡᠷᠡᠭ ᠲᠤ ᠵᠠᠰᠠᠭ ᠵᠠᠬᠢᠷᠭᠠᠨ ᠤ ᠰᠢᠳᠬᠡᠯ ᠥᠭᠴᠦ  ᠂ ᠶᠡᠷᠦᠩᠬᠡᠶ ᠬᠡᠮᠵᠢᠶ᠎ᠡ ᠨᠢ 2014 ᠣᠨ ᠤ ᠬᠢ ᠠᠴᠠ 122 ᠢᠯᠡᠭᠦᠦ ᠡᠭᠦᠰᠴᠦ᠂ 8 ᠤᠳᠠᠭ᠎ᠠ ᠶᠢᠨ ᠲᠣᠮᠤ ᠴᠢᠬᠤᠯᠠ ᠬᠡᠷᠡᠭ ᠢ ᠪᠦᠬᠦ ᠤᠯᠤᠰ ᠤᠨ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠠᠴᠠ ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠭᠦᠯᠪᠡ︔ ᠪᠦᠬᠦ ᠣᠷᠣᠨ ᠤ 4 ᠬᠠᠮᠲᠤ ᠨᠡᠶᠢᠲᠡ᠂ 7 ᠬᠤᠪᠢ ᠬᠥᠮᠦᠨ ᠬᠥᠬᠢᠭᠦᠯᠦᠨ ᠱᠠᠩᠨᠠᠭᠳᠠᠪᠠ ᠭᠡᠪᠡ᠃      ᠤᠯᠠᠭᠠᠨ ᠴᠢᠬᠤᠯᠠᠴᠢᠯᠠᠭᠰᠠᠨ ᠨᠢ᠂ 2016 ᠣᠨ ᠳᠤ ᠥᠪᠥᠷ ᠮᠣᠩᠭᠤᠯ ᠤᠨ ︽ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠨᠢ ᠬᠤᠣᠷ ᠬᠥᠨᠥᠭᠡᠯ ᠲᠠᠢ ᠬᠡᠪᠯᠡᠭᠳᠡᠬᠦᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠦᠨᠦᠭᠡᠵᠦ ᠪᠠᠶᠢᠭ᠎ᠠ ᠱᠠᠯᠢᠭ ᠵᠠᠪᠠᠭ᠋ᠠᠢ ᠮᠡᠳᠡᠭᠡ ᠵᠠᠩᠭᠢ᠂ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠡᠮᠬᠢ ᠵᠢᠷᠤᠮ ᠢ ᠬᠤᠪᠢᠷᠠᠭᠤᠯᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ ᠵᠡᠷᠭᠡ ︽ᠳᠥᠷᠪᠡᠨ ᠲᠥᠷᠥᠯ︾᠎ ᠤᠨ ᠬᠠᠤᠯᠢ ᠪᠤᠰᠤ ᠬᠡᠪᠯᠡᠭᠳᠡᠭᠦᠨ ᠢ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠳᠤ ᠬᠦᠨᠳᠦ ᠴᠤᠬᠢᠯᠲᠠ ᠥᠭᠬᠦ ᠬᠡᠷᠡᠭᠲᠡᠢ︔ ᠴᠢᠬᠤᠯᠠ ᠵᠠᠩᠭᠢᠯᠠᠭ᠎ᠠ ᠶᠢ ᠡᠷᠡᠰ ᠬᠠᠮᠠᠭᠠᠯᠠᠬᠤ᠂ ᠲᠠᠷᠬᠠᠬᠤ ᠠᠷᠭ᠎ᠠ ᠵᠠᠮ ᠢ ᠬᠢᠵᠠᠭᠠᠷᠯᠠᠬᠤ᠂ ᠴᠢᠬᠤᠯᠠ ᠴᠠᠭ ᠤᠨ ᠵᠠᠩᠭᠢᠶᠠᠰᠤ ᠵᠡᠷᠭᠡ ᠭᠤᠷᠪᠠᠨ ᠵᠠᠩᠭᠢᠯᠠᠭ᠎ᠠ ᠶᠢ ᠰᠠᠶᠢᠲᠤᠷ ᠠᠳᠬᠤᠬᠤ ᠬᠡᠷᠡᠭᠲᠡᠢ︔ ᠴᠣᠬᠢᠯᠲᠠ ᠥᠭᠬᠦ ᠪᠠ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠵᠤ᠂ ᠣᠨᠴᠠᠭᠠᠶ ᠬᠡᠷᠡᠭ ᠲᠤ ᠴᠣᠬᠢᠯᠲᠠ ᠥᠭᠬᠦ ᠪᠠ ᠪᠦᠬᠦᠯᠢ ᠴᠣᠭᠴᠠ ᠪᠠᠷ ᠲᠦᠯᠭᠢᠨ ᠠᠬᠢᠭᠤᠯᠬᠤ ᠶᠢ ᠤᠶᠠᠯᠳᠤᠭᠤᠯᠬᠤ ᠶᠢ ᠬᠦᠴᠦᠯᠡᠨ ᠠᠬᠢᠭᠤᠯᠵᠤ᠂ ᠰᠦᠯᠵᠢᠶᠡᠨ ᠳᠡᠭᠡᠷᠡᠬᠢ ᠪᠣᠯᠣᠨ ᠰᠦᠯᠵᠢᠶᠡᠨ ᠭᠠᠳᠠᠨᠠᠬᠢ ᠲᠡᠮᠡᠴᠡᠯ ᠢ ᠤᠶᠠᠯᠳᠤᠭᠤᠯᠵᠤ᠂ ᠨᠢᠭᠤᠴᠠ ᠮᠡᠳᠡᠭᠡ ᠶᠢ ᠬᠠᠶᠢᠬᠤ ᠪᠠ ᠬᠠᠮᠢᠶᠠᠷᠬᠤ ᠡᠵᠡᠮᠳᠡᠨ ᠬᠢᠵᠠᠭᠠᠷᠯᠠᠬᠤ ᠶᠢ ᠤᠶᠠᠯᠳᠤᠭᠤᠯᠬᠤ ᠬᠡᠷᠡᠭᠲᠡᠢ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠦᠨᠳᠦᠰᠦᠨ ᠱᠠᠲᠤᠨ ᠤ ᠬᠠᠷᠢᠭᠤᠴᠠᠯᠭ᠎ᠠ ᠡᠭᠦᠷᠭᠡᠯᠡᠬᠦ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠭᠤᠷᠪᠠᠨ ᠳᠡᠰ ᠳᠠᠪᠬᠤᠷᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠴᠢᠩᠭᠠᠷᠠᠭᠤᠯᠬᠤ ᠬᠡᠷᠡᠭᠲᠡᠶ᠃ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠠᠮ ᠨᠡᠭᠡᠭᠡᠨ ᠤᠷᠤᠭᠰᠢᠯᠠᠵᠤ᠂ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠳᠤᠷᠠᠰᠬᠠᠬᠤ ᠳᠤ ᠬᠤᠪᠢ ᠨᠡᠮᠡᠷᠢ ᠦᠵᠡᠭᠦᠯᠵᠦ᠂ ᠡᠬᠡ ᠣᠷᠣᠨ ᠤ ᠪᠠᠨ ᠤᠮᠠᠷᠠᠲᠤ ᠬᠢᠯᠢ ᠬᠢᠵᠠᠭᠠᠷ᠂ ᠥᠩᠭᠡ ᠢᠯᠭᠠᠷᠠᠭᠰᠠᠨ ᠥᠪᠥᠷ ᠮᠣᠩᠭᠤᠯ ᠢ ᠴᠤᠭᠴᠠᠯᠠᠬᠤ ᠳᠤ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠬᠡᠷᠡᠭᠲᠡᠶ ᠭᠡᠪᠡ᠃      ᠬᠤᠷᠠᠯ ᠠᠴᠠ ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ 30 ᠨᠢᠭᠡᠴᠡ ᠎ ᠳᠤ 2015 ᠣᠨ ᠤ ᠥᠪᠡᠷᠲᠡᠭᠡᠨ ᠵᠠᠰᠠᠬᠤ ᠣᠷᠣᠨ ᠤ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠥᠭᠭᠦᠭᠰᠡᠨ︾ ᠲᠡᠷᠢᠭᠦᠨ ᠤ ᠬᠠᠮᠲᠤ ᠨᠢᠭᠡᠴᠡ ᠶᠢᠨ ᠢᠷᠠᠭᠤ ᠠᠯᠳᠠᠷ ᠢ ᠣᠯᠭᠤᠵᠤ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠤᠤ ᠵᠢᠶᠧ ᠵᠡᠷᠭᠡ 40 ᠬᠥᠮᠦᠨ ᠳᠤ 2015 ᠣᠨ ᠤ ᠥᠪᠡᠷᠲᠡᠭᠡᠨ ᠵᠠᠰᠠᠬᠤ ᠣᠷᠣᠨ ᠤ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠥᠭᠭᠦᠭᠰᠡᠨ︾ ᠲᠡᠷᠢᠭᠦᠨ ᠤ ᠬᠤᠪᠢ ᠬᠥᠮᠦᠨ ᠢᠷᠠᠭᠤ ᠠᠯᠳᠠᠷ ᠢ ᠣᠯᠭᠤᠪᠠ᠃ ᠡᠭᠦᠨ ᠤ ᠬᠠᠮᠲᠤ᠂ ᠬᠤᠷᠠᠯ ᠠᠴᠠ 2016 ᠣᠨ ᠳᠤ ᠥᠪᠡᠷᠲᠡᠭᠡᠨ ᠵᠠᠰᠠᠬᠤ ᠣᠷᠣᠨ ᠢᠨᠲ᠋ᠧᠷ ᠰᠦᠯᠵᠢᠶ᠎ᠡ ᠪᠠᠷ ᠭᠤᠣᠯ ᠹᠷᠣᠨᠲ ᠪᠣᠯᠭᠠᠵᠤ᠂ ᠬᠠᠤᠯᠢ ᠪᠤᠰᠤ ᠬᠡᠪᠯᠡᠭᠳᠡᠭᠦᠨ ᠢ ᠤᠯᠠᠮᠵᠢᠯᠠᠨ ᠲᠠᠷᠬᠠᠭᠠᠬᠤ ᠠᠵᠢᠯᠯᠠᠭ᠎ᠠ ᠶᠢ ᠬᠦᠴᠦᠯᠡᠨ ᠪᠠᠶᠢᠴᠠᠭᠠᠨ ᠬᠤᠷᠢᠭᠯᠠᠵᠤ᠂ ᠰᠦᠯᠵᠢᠶᠡᠨ ᠳᠡᠭᠡᠷᠡᠬᠢ ᠬᠠᠤᠯᠢ ᠪᠤᠰᠤ ᠬᠡᠪᠯᠡᠭᠳᠡᠬᠦᠨ ᠪᠣᠯᠣᠨ ᠬᠤᠣᠷ ᠬᠦᠨᠦᠭᠡᠯ ᠲᠠᠢ ᠮᠡᠳᠡᠭᠡ ᠵᠠᠩᠭᠢ ᠳᠤ ᠴᠣᠬᠢᠯᠲᠠ ᠥᠭᠴᠦ᠂ ᠡᠯ᠎ᠡ ᠵᠦᠢᠯ ᠤᠨ ᠰᠣᠶᠣᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠵᠤ᠂ ᠰᠣᠨᠢᠨ ᠮᠡᠳᠡᠭᠡ ᠬᠡᠪᠯᠡᠯ ᠤᠨ ᠡᠮᠬᠢ ᠵᠢᠷᠤᠮ ᠢ ᠵᠢᠷᠤᠮᠵᠢᠭᠤᠯᠤᠨ᠂  ︽13· 5︾᠎ ᠶᠢᠨ ᠲᠥᠯᠥᠪᠵᠢᠭᠦᠯᠭᠡ ᠶᠢ ᠰᠠᠶᠢᠬᠠᠨ ᠡᠬᠢᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠳᠤᠷᠠᠳᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号