1 ᠳ᠋ᠦ᠋ᠭᠡᠷ ᠰᠠᠷ᠎ᠠ ᠶᠢᠨ19 ᠤ ᠡᠳᠦᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠬᠤᠷᠢᠶ᠎ᠠ ᠠᠴᠠ ᠤᠶᠢᠯᠭᠠᠭᠰᠠᠨ ᠨᠢ᠂ ᠡᠨᠡ ᠵᠢᠯ ᠮᠠᠨ ᠤ ᠤᠷᠤᠨ ᠤ ᠦᠨᠳᠦᠰᠦᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠭᠡᠨ ᠤ ᠵᠠᠷᠤᠳᠠᠯ ᠬᠦᠮᠦᠨ ᠪᠦᠷᠢ ᠳᠤᠮᠳᠠᠴᠢ ᠪᠠᠷ 45 ᠲᠦᠬᠦᠷᠢᠭ ᠨᠡᠮᠡᠭᠳᠡᠪᠡ᠂ | ᠰᠢᠨ᠎ᠡ ᠨᠡᠮᠡᠭᠳᠡᠭᠰᠡᠨ ᠵᠠᠷᠤᠳᠠᠯ ᠢ ᠴᠦᠮ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠭᠡᠷ᠎ᠡ ᠲᠤᠭᠲᠠᠬᠤ | ᠦᠢᠯᠡᠴᠢᠯᠡᠭᠡ ᠳᠤ ᠬᠡᠷᠡᠭᠯᠡᠪᠡ᠃ | ᠤᠶᠢᠯᠭᠠᠭᠰᠠᠨ ᠢᠶᠠᠷ᠂ 2015 ᠤᠨ ᠳᠤ᠂ ᠮᠠᠨ ᠤ ᠤᠷᠤᠨ ᠤ ᠦᠨᠳᠦᠰᠦᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠨᠦᠬᠦᠪᠦᠷᠢ ᠮᠦᠩᠭᠦ ᠶᠢᠨ ᠪᠠᠷᠢᠮᠵᠢᠶ᠎ᠠ15 ᠲᠦᠬᠦᠷᠢᠭ ᠠᠴᠠ40 | ᠲᠦᠬᠦᠷᠢᠭ ᠪᠤᠯᠵᠤ᠂ ᠦᠢᠯᠡᠴᠢᠯᠡᠭᠡᠨ ᠤ ᠲᠦᠷᠦᠯ ᠵᠦᠢᠯ 9 ᠲᠦᠷᠦᠯ 22 ᠵᠦᠢᠯ ᠠᠴᠠ12 ᠲᠦᠷᠦᠯ 45 ᠵᠦᠢᠯ | ᠪᠤᠯᠵᠤ᠂ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠡᠭᠰᠢᠳᠬᠡᠭᠰᠡᠨ ᠬᠢᠷᠢ | ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠪᠠᠷ ᠨᠡᠮᠡᠭᠳᠡᠭᠰᠡᠨ | ᠵᠠᠷᠤᠳᠠᠯ ᠢ ᠪᠦᠷ ᠲᠤᠰᠬᠤᠨ ᠤ ᠡᠮ ᠡᠮᠨᠡᠯᠭᠡ ᠶᠢᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠦᠷᠨᠢᠭᠦᠯᠬᠦ ᠳᠤ ᠬᠡᠷᠡᠭᠯᠡᠪᠡ᠃ ᠪᠦᠬᠦ ᠤᠷᠤᠨ ᠤ ᠰᠠᠭᠤᠭᠠᠯᠢ ᠠᠷᠠᠳ ᠤᠨ ᠡᠯᠧᠺᠲᠷᠤᠨ ᠡᠷᠡᠭᠦᠯ | ᠴᠢᠬᠢᠷᠠᠭ ᠤᠨ ᠳᠠᠩᠰᠠ ᠡᠪᠬᠡᠮᠡᠯ ᠪᠠᠶᠢᠭᠤᠯᠬᠤ ᠨᠤᠷᠮ᠎ᠠ 83.42% ᠬᠦᠷᠴᠦ᠂ ᠨᠠᠰᠤᠨ ᠳᠤ ᠨᠡᠶᠢᠴᠡᠬᠦ | ᠪᠠᠭᠠᠴᠤᠤᠯ ᠤᠨ ᠡᠩ ᠤᠨ ᠴᠠᠷᠤᠯᠲᠠ ᠲᠠᠷᠢᠯᠭ᠎ᠠ ᠲᠠᠷᠢᠬᠤ ᠨᠤᠷᠮ᠎ᠠ 99.52% ᠬᠦᠷᠴᠦ᠂ ᠡᠮᠨᠡᠯᠭᠡ ᠳᠤ ᠰᠠᠭᠤᠵᠤ | ᠬᠦᠩᠭᠡᠵᠢᠬᠦ ᠨᠤᠷᠮ᠎ᠠ 99.94% ᠬᠦᠷᠪᠡ᠃ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠭᠡᠨ ᠤ ᠲᠦᠷᠦᠯ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠬᠤᠯᠠ | ᠲᠦᠷᠦᠯ ᠵᠦᠢᠯ ᠪᠠ ᠶᠠᠪᠤᠭᠤᠯ ᠬᠦᠮᠦᠨ ᠠᠮᠠ ᠶᠢᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠦᠢᠯᠡᠴᠢᠯᠡᠭᠡ ᠶᠢᠨ ᠲᠡᠩᠴᠡᠭᠦᠷᠢᠲᠦ ᠲᠦᠷᠦᠯ ᠵᠦᠢᠯ ᠪᠦᠬᠦ ᠲᠠᠯ᠎ᠠ ᠪᠠᠷ | ᠨᠠᠶᠢᠳᠠᠪᠤᠷᠢᠵᠢᠭᠳᠠᠪᠠ᠃ |