ᠥᠪᠥᠷ ᠵᠠᠰᠠᠭ ᠲᠠᠷᠬᠠᠭᠠᠭᠰᠠᠨ ﹇2015﹈ 104 ᠳ᠋ᠤᠭᠡᠷ ᠲᠤᠭᠠᠳᠤ | 2015 ᠣᠨ ᠤ 9 ᠳ᠋ᠤᠭᠡᠷ ᠰᠠᠷ᠎ᠠ ᠶᠢᠨ 8 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠦ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠡᠷᠥᠬᠡ ᠠᠮᠠ ᠶᠢᠨ ᠬᠠᠷᠢᠶ᠎ᠠ ᠶᠢᠨ ᠳᠦᠷᠢᠮ ᠪᠣᠯᠣᠨ ᠬᠠᠮᠢᠶ᠎ᠠ ᠪᠦᠬᠦᠢ ᠲᠦᠭᠦᠷ ᠳᠦᠷᠢᠮ ᠤᠨ | ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠦ᠂ ᠲᠠᠷᠢᠶᠠᠯᠠᠩ ᠮᠠᠯ ᠠᠵᠦ ᠠᠬᠤᠢ ᠠᠴᠠ | ᠰᠢᠯᠵᠢᠭᠰᠡᠨ ᠬᠦᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ︽ | ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ | ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠭᠰᠠᠨ ﹇2014﹈ 25 ᠳ᠋ᠤᠭᠠᠷ | ᠲᠣᠭᠠᠲᠦ︶ ᠪᠣᠯᠣᠨ ︽ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠦᠪᠥᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠤ ᠰᠠᠨᠠᠯ︾ ︵ᠦᠪᠥᠷ ᠨᠠᠮ ᠲᠠᠷᠬᠠᠭᠠᠭᠰᠠᠨ ﹇2014﹈ 20 ᠳ᠋ᠤᠭᠠᠷ ᠲᠣᠭᠠᠲᠦ︶ ᠤᠨ | ᠵᠣᠷᠢᠭ ᠰᠠᠨᠠᠭ᠎ᠠ ᠶᠢ ᠦᠨᠳᠥᠰᠥᠯᠡᠨ᠂ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠡᠷᠥᠬᠡ ᠠᠮᠠ ᠶᠢᠨ | ᠬᠠᠷᠢᠶ᠎ᠠ ᠶᠢᠨ ᠪᠤᠳᠠᠲᠠᠢ ᠲᠠᠢ ᠤᠶᠠᠯᠳᠤᠭᠤᠯᠤᠨ᠂ ᠳᠣᠣᠷᠠᠬᠢ ᠰᠠᠨᠠᠯ ᠢ ᠲᠤᠷᠠᠳᠪᠠ᠃ | ᠨᠢᠭᠡ᠂ ᠶᠡᠷᠥᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠳ᠋ᠸᠡᠭ ᠰᠢᠶᠤᠤ ᠫᠢᠩ ᠤᠨ ᠣᠨᠣᠯ᠂ ︽ᠭᠤᠷᠪᠠ ᠶᠢ ᠲᠦᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠥᠭᠡᠷ | ᠪᠦᠭᠦᠳᠡ ᠬᠤᠷᠠᠯ ᠵᠢᠴᠢ ᠲᠦᠪ ᠪᠠ ᠦᠪᠡᠷᠳᠡᠭᠡᠨ ᠵᠠᠰᠠᠬᠤ ᠣᠷᠣᠨ ᠤ ᠬᠤᠲᠠ ᠪᠠᠯᠭᠠᠰᠤᠴᠢᠯᠠᠯᠲᠠ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠦᠷᠢᠵᠢᠭᠤᠯᠵᠦ᠂ ᠰᠢᠨ᠎ᠡ ᠮᠠᠶ᠋ᠢᠭ ᠤᠨ | ᠬᠤᠲᠠ ᠪᠠᠯᠭᠠᠰᠤᠴᠢᠯᠠᠬᠤ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠴᠡᠭᠡ ᠳᠤ ᠵᠣᠬᠢᠴᠠᠭᠤᠯᠤᠨ᠂ ᠠᠵᠦ | ᠦᠢᠯᠡᠳᠪᠥᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠴᠢᠯᠠᠯᠲᠠ᠂ ᠲᠠᠷᠢᠶᠠᠯᠠᠩ ᠮᠠᠯ ᠠᠵᠦ ᠠᠬᠤᠢ ᠶᠢᠨ | ᠤᠳᠤᠬᠢᠴᠢᠯᠠᠯᠳᠠ ᠶᠢᠨ ᠵᠡᠷᠭᠡᠪᠡᠷ ᠬᠦᠭᠵᠢᠬᠦ᠂ ᠪᠦᠬᠦ ᠣᠷᠣᠨ ᠤ ᠶᠡᠭᠡ ᠳᠤᠮᠳᠠ ᠪᠠᠭ᠎ᠠ ᠬᠤᠲᠠ᠂ ᠪᠠᠭ᠎ᠠ ᠬᠤᠲᠠ | ᠪᠠᠯᠭᠠᠰᠦ ᠶᠢᠨ ᠵᠣᠬᠢᠴᠠᠩᠭᠤᠢ ᠪᠠᠷ ᠬᠦᠭᠵᠢᠬᠦ᠂ ᠠᠵᠦ ᠦᠢᠯᠡᠰ ᠪᠣᠯᠣᠨ ᠬᠤᠲᠠ ᠪᠠᠯᠭᠠᠰᠦ ᠨᠡᠶᠢᠯᠡᠨ ᠬᠦᠭᠵᠢᠬᠦ ᠶᠢ | ᠨᠢᠭᠡᠲᠥᠯᠲᠡᠢ ᠲᠦᠯᠥᠪᠯᠡᠨ᠂ ᠢᠳᠡᠪᠬᠢᠲᠠᠢ ᠪᠦᠭᠡᠳ ᠯᠠᠪᠳᠠᠭᠤᠨ ᠲᠣᠭᠲᠠᠭᠤᠨ ᠪᠠᠶᠢᠬᠤ᠂ ᠲᠠᠯᠪᠢᠵᠦ ᠪᠣᠯᠬᠤ ᠶᠢ ᠨᠢ | ᠲᠠᠯᠪᠢᠬᠤ ᠵᠠᠷᠴᠢᠮ ᠤᠨ ᠶᠣᠰᠤᠭᠠᠷ᠂ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠦ᠂ ᠡᠷᠥᠬᠡ ᠠᠮᠠ ᠰᠢᠯᠵᠢᠭᠦᠯᠬᠦ ᠶᠢ ᠠᠭᠤᠵᠢᠭᠤ ᠪᠠᠶᠢᠯᠭᠠᠬᠤ ᠲᠦᠷᠦ ᠶᠢᠨ | ᠪᠣᠳᠤᠯᠭ᠎ᠠ ᠶᠢ ᠨᠠᠶᠢᠳᠠᠪᠥᠷᠢᠵᠢᠭᠤᠯᠤᠨ᠂ ᠲᠠᠷᠢᠶᠠᠯᠠᠩ ᠮᠠᠯ ᠠᠵᠦ ᠠᠬᠤᠢ ᠶᠢᠨ ᠬᠦᠮᠥᠨ ᠠᠮᠠ ᠶᠢᠨ ᠬᠤᠲᠠ ᠪᠠᠯᠭᠠᠰᠦ | ᠲᠡᠰᠢ ᠡᠮᠬᠢ ᠵᠢᠷᠤᠮ ᠲᠠᠢ ᠪᠠᠷ ᠰᠢᠯᠵᠢᠬᠦ ᠶᠢ ᠵᠦᠢ ᠵᠣᠬᠢᠰᠲᠠᠢ ᠬᠦᠲᠥᠯᠥᠨ ᠵᠢᠯᠤᠭᠤᠳᠴᠦ᠂ ᠲᠠᠷᠢᠶᠠᠯᠠᠩ ᠮᠠᠯ ᠠᠵᠦ | ᠠᠬᠤᠢ ᠠᠴᠠ ᠰᠢᠯᠵᠢᠭᠰᠡᠨ ᠬᠦᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠤᠨ᠎ᠠ᠃ | ︵ᠬᠤᠶᠠᠷ︶ ᠦᠨᠳᠥᠰᠥᠨ ᠵᠠᠷᠴᠢᠮ | 1. ᠢᠳᠡᠪᠬᠢᠲᠠᠢ ᠪᠦᠭᠡᠳ ᠯᠠᠪᠳᠠᠭᠤᠨ ᠲᠣᠭᠲᠠᠭᠤᠨ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ | ᠪᠠᠶᠢᠯᠭᠠᠬᠤ ᠬᠡᠷᠡᠭᠲᠡᠢ᠃ ᠡᠷᠬᠡᠪᠰᠢ ᠪᠤᠳᠠᠲᠦ ᠪᠠᠶᠢᠳᠠᠯ ᠳᠤ ᠰᠠᠭᠤᠷᠢᠯᠠᠨ᠂ ᠢᠳᠡᠪᠬᠢᠲᠠᠢ ᠪᠦᠭᠡᠳ ᠯᠠᠪᠳᠠᠭᠤᠨ | ᠲᠣᠭᠲᠠᠭᠤᠨ ᠢᠶᠠᠷ ᠲᠦᠯᠬᠢᠨ ᠠᠬᠢᠭᠤᠯᠵᠦ᠂ ᠤᠤᠯ ᠠᠴᠠ ᠬᠤᠲᠠ ᠳᠤ ᠪᠠᠶᠢᠭ᠎ᠠ ᠶᠢ ᠨᠢ ᠡᠩ ᠲᠡᠷᠢᠭᠦᠨ ᠳᠤ | ᠰᠢᠢᠳᠪᠥᠷᠢᠯᠡᠨ᠂ ᠨᠡᠮᠡᠭᠳᠡᠯ ᠢ ᠡᠮᠬᠢ ᠵᠢᠷᠤᠮ ᠲᠠᠢ ᠬᠦᠲᠥᠯᠥᠨ ᠵᠢᠯᠤᠭᠤᠳᠴᠦ᠂ ᠲᠠᠷᠢᠶᠠᠯᠠᠩ ᠮᠠᠯ ᠠᠵᠦ ᠠᠬᠤᠢ ᠠᠴᠠ | ᠰᠢᠯᠵᠢᠭᠰᠡᠨ ᠬᠦᠮᠥᠨ ᠠᠮᠠ ᠶᠢᠨ ᠬᠤᠲᠠ ᠪᠠᠯᠭᠠᠰᠦ ᠳᠤ ᠡᠷᠥᠬᠡ ᠠᠮᠠ ᠣᠷᠣᠬᠤ ᠵᠢᠱᠢᠯᠲᠡ ᠪᠠ ᠰᠤᠩᠭᠤᠯᠲᠠ ᠶᠢ ᠵᠦᠢ | ᠵᠣᠬᠢᠰᠲᠠᠢ ᠬᠦᠲᠥᠯᠥᠨ ᠵᠢᠯᠤᠭᠤᠳᠬᠤ ᠬᠡᠷᠡᠭᠲᠡᠢ᠃ | 2. ᠬᠦᠮᠥᠨ ᠢᠶᠠᠷ ᠦᠨᠳᠥᠰᠦ ᠪᠣᠯᠭᠠᠨ᠂ ᠬᠦᠰᠡᠯ ᠰᠠᠨᠠᠭ᠎ᠠ ᠶᠢ ᠬᠦᠨᠳᠥᠳᠭᠡᠬᠦ ᠬᠡᠷᠡᠭᠲᠡᠢ᠃ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠡᠵᠡᠨ ᠮᠡᠳᠡᠨ ᠰᠠᠭᠤᠷᠢᠰᠢᠨ ᠰᠠᠭᠤᠬᠤ ᠬᠦᠰᠡᠯ ᠰᠠᠨᠠᠭ᠎ᠠ ᠶᠢ ᠡᠷᠬᠡᠪᠰᠢ | ᠬᠦᠨᠳᠥᠳᠭᠡᠨ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ | ᠰᠠᠭᠤᠭ᠎ᠠ ᠬᠦᠮᠥᠨ ᠠᠮᠠ ᠶᠢᠨ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠢ᠂ᠠᠯᠪᠠᠳᠠᠵᠦ ᠬᠢᠬᠦ | ᠠᠷᠭ᠎ᠠ ᠪᠠᠷ ᠡᠷᠥᠬᠡ ᠠᠮᠠ ᠣᠷᠣᠭᠤᠯᠬᠤ ᠶᠠᠪᠤᠳᠠᠯ ᠢ ᠭᠦᠢᠴᠡᠳᠭᠡᠵᠦ ᠪᠣᠯᠬᠤ ᠦᠭᠡᠢ᠂ ᠡᠷᠥᠬᠡ ᠠᠮᠠ | ᠣᠷᠣᠭᠤᠯᠤᠭᠰᠠᠨ ᠬᠤᠲᠠ ᠪᠠᠯᠭᠠᠰᠦ ᠶᠢ ᠣᠷᠣᠨ ᠨᠤᠲᠤᠭ ᠤᠨ ᠰᠢᠯᠭᠠᠨ ᠬᠢᠨᠠᠬᠤ ᠠᠭᠤᠯᠭ᠎ᠠ ᠪᠣᠯᠭᠠᠵᠦ ᠪᠣᠯᠬᠤ | ᠦᠭᠡᠢ᠃ | 3. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠢᠯᠭᠠᠭ᠎ᠠ ᠲᠠᠢ ᠬᠠᠨᠳᠤᠬᠤ ᠬᠡᠷᠡᠭᠲᠡᠢ᠃ | ᠲᠤᠬᠠᠢ ᠶᠢᠨ ᠭᠠᠵᠠᠷ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠬᠡᠮᠵᠢᠶ᠎ᠡ᠂ ᠬᠤᠲᠠ ᠶᠢᠨ | ᠶᠡᠷᠥᠩᠬᠡᠶᠢᠯᠡᠭᠰᠡᠨ ᠳᠠᠭᠠᠭᠠᠬᠤ ᠴᠢᠳᠠᠪᠥᠷᠢ ᠪᠣᠯᠣᠨ ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠴᠢᠳᠠᠪᠥᠷᠢ ᠶᠢ ᠭᠦᠢᠴᠡᠳ ᠪᠣᠳᠤᠯᠬᠢᠯᠠᠨ᠂ ᠡᠷᠥᠬᠡ ᠠᠮᠠ ᠣᠷᠣᠭᠤᠯᠬᠤ ᠶᠢᠨ ᠵᠦᠷᠢᠶᠡᠴᠢᠯᠡᠭᠰᠡᠨ ᠲᠦᠷᠦ ᠶᠢᠨ | ᠪᠣᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ | 4. ᠨᠢᠭᠡᠲᠥᠯᠲᠡᠢ ᠲᠦᠯᠥᠪᠯᠡᠨ ᠢᠵᠢ ᠪᠦᠷᠢᠳᠥᠭᠦᠯᠵᠦ᠂ ᠪᠠᠲᠤᠯᠠᠭ᠎ᠠ ᠬᠠᠩᠭᠠᠬᠤ ᠬᠡᠷᠡᠭᠲᠡᠢ᠃ ᠡᠷᠥᠬᠡ | ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠪᠠ ᠣᠯᠠᠨ ᠨᠡᠶᠢᠲᠡ ᠶᠢᠨ | ᠦᠨᠳᠥᠰᠥᠨ ᠦᠢᠯᠡᠴᠢᠯᠡᠭᠡ ᠬᠠᠩᠭᠠᠬᠤ ᠶᠢ ᠲᠡᠩᠴᠡᠭᠦᠷᠢᠰᠢᠭᠦᠯᠬᠦ ᠶᠢ ᠨᠢᠭᠡᠲᠥᠯᠲᠡᠢ ᠲᠦᠯᠥᠪᠯᠡᠨ᠂ ᠰᠤᠷᠭᠠᠨ ᠬᠦᠮᠥᠵᠢᠯ | ᠂ ᠠᠵᠢᠯ ᠤᠯᠭᠤᠯᠳᠠ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠬᠤᠲᠠ | ᠪᠠᠯᠭᠠᠰᠦ ᠶᠢᠨ ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ | ᠦᠷᠭᠡᠳᠭᠡᠬᠦ ᠬᠡᠷᠡᠭᠲᠡᠢ᠃ | ︵ᠭᠤᠷᠪᠠ︶ ᠦᠨᠳᠥᠰᠥᠨ ᠬᠠᠷᠠᠯᠲᠠ | ᠡᠷᠥᠬᠡ ᠠᠮᠠ ᠰᠢᠯᠵᠢᠭᠦᠯᠬᠦ ᠲᠦᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠣᠬᠢᠷᠠᠭᠤᠯᠵᠦ᠂ ᠬᠤᠲᠠ | ᠬᠦᠳᠡᠭᠡ ᠶᠢᠨ ᠡᠷᠥᠬᠡ ᠠᠮᠠ ᠲᠡᠮᠳᠡᠭᠯᠡᠬᠦ ᠳᠦᠷᠢᠮ ᠢ ᠨᠢᠭᠡᠲᠥᠯᠲᠡᠢ ᠪᠣᠯᠭᠠᠨ᠂ ᠣᠷᠣᠰᠢᠨ ᠰᠠᠭᠤᠬᠤ ᠦᠨᠡᠮᠯᠡᠯ ᠤᠨ | ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠦᠮᠥᠨ ᠠᠮᠠ ᠶᠢᠨ ᠮᠡᠳᠡᠭᠡ ᠵᠠᠩᠭᠢ ᠶᠢᠨ ᠬᠦᠮᠥᠷᠭᠡ ᠶᠢ | ᠲᠦᠷᠭᠡᠳᠭᠡᠨ ᠪᠠᠶᠢᠭᠤᠯᠬᠤ ᠪᠠ ᠬᠠᠮᠲᠥᠪᠡᠷ ᠡᠳ᠋ᠯᠡᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ᠂ ᠠᠵᠢᠯ ᠣᠯᠭᠤᠬᠤ | ᠦᠢᠯᠡᠴᠢᠯᠡᠭᠡᠨ᠂ ᠦᠨᠳᠥᠰᠥᠨ ᠨᠠᠰᠤᠵᠢᠯ ᠤᠨ ᠠᠰᠠᠷᠠᠮᠵᠢ᠂ ᠦᠨᠳᠥᠰᠥᠨ ᠡᠮᠴᠢᠯᠡᠭᠡ ᠡᠷᠡᠭᠦᠯ ᠬᠠᠮᠠᠭᠠᠯᠠᠯ᠂ | ᠲᠦᠯᠥᠪᠯᠡᠭᠡᠲᠦ ᠦᠷᠡᠵᠢᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠬᠤᠲᠠ ᠪᠠᠯᠭᠠᠰᠦ ᠶᠢᠨ ᠣᠯᠠᠨ ᠨᠡᠶᠢᠲᠡ ᠶᠢᠨ | ᠦᠨᠳᠥᠰᠥᠨ ᠦᠢᠯᠡᠴᠢᠯᠡᠭᠡᠨ ᠢᠶᠠᠷ ᠪᠦᠬᠦ ᠪᠠᠶᠢᠩᠭᠤ ᠰᠠᠭᠤᠭ᠎ᠠ ᠬᠦᠮᠥᠨ ᠠᠮᠠ ᠶᠢ ᠬᠠᠮᠤᠷᠬᠤ ᠶᠢ ᠯᠠᠪᠳᠠᠭᠤᠨ ᠢᠶᠠᠷ | ᠲᠦᠯᠬᠢᠨ ᠠᠬᠢᠭᠤᠯᠬᠤ ᠬᠡᠷᠡᠭᠲᠡᠢ᠃ 2020 ᠣᠨ ᠪᠣᠯᠬᠤ ᠳᠤ᠂ 400 ᠲᠦᠮᠡ ᠣᠷᠴᠢᠮ ᠤᠨ ᠲᠠᠷᠢᠶᠠᠯᠠᠩ ᠮᠠᠯ | ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠦᠮᠥᠨ ᠠᠮᠠ ᠶᠢᠨ ᠬᠤᠲᠠ | ᠪᠠᠯᠭᠠᠰᠦ ᠳᠤ ᠡᠷᠥᠬᠡ ᠠᠮᠠ ᠣᠷᠣᠬᠤ ᠶᠢ ᠴᠢᠷᠮᠠᠶᠢᠨ ᠪᠡᠶᠡᠯᠡᠭᠦᠯᠥᠨ᠎ᠡ᠃ ᠪᠠᠶᠢᠩᠭᠤ ᠣᠷᠣᠰᠢᠨ ᠰᠠᠭᠤᠭ᠎ᠠ ᠭᠠᠵᠠᠷ ᠲᠤᠨᠢ | ᠡᠷᠥᠬᠡ ᠠᠮᠠ ᠲᠡᠮᠳᠡᠭᠯᠡᠬᠦ ᠪᠠᠷ ᠦᠨᠳᠥᠰᠥᠨ ᠬᠡᠯᠪᠡᠷᠢ ᠪᠣᠯᠭᠠᠭᠰᠠᠨ᠂ ᠦᠪᠡᠷᠳᠡᠭᠡᠨ ᠵᠠᠰᠠᠬᠤ ᠣᠷᠣᠨ ᠤ ᠠᠵᠦ ᠠᠬᠤᠢ | ᠨᠡᠶᠢᠭᠡᠮ ᠤᠨ ᠬᠦᠭᠵᠢᠯᠲᠡ ᠯᠦᠭᠡ ᠲᠣᠬᠢᠷᠠᠯᠴᠠᠭᠰᠠᠨ᠂ ᠨᠡᠶᠢᠭᠡᠮ ᠤᠨ ᠬᠠᠮᠢᠶᠠᠷᠤᠯᠲᠠ ᠪᠣᠯᠣᠨ ᠣᠯᠠᠨ ᠨᠡᠶᠢᠲᠡ ᠶᠢᠨ | ᠦᠢᠯᠡᠴᠢᠯᠡᠭᠡᠨ ᠢ ᠪᠦᠲᠥᠮᠵᠢᠲᠠᠢ ᠲᠤᠯᠭᠠᠭᠤᠷᠢᠯᠠᠭᠰᠠᠨ᠂ ᠠᠷᠠᠳ ᠢᠷᠭᠡᠳ ᠤᠨ ᠡᠷᠬᠡ ᠠᠰᠢᠭ ᠢ ᠬᠠᠤᠯᠢ ᠪᠠᠷ | ᠬᠠᠮᠠᠭᠠᠯᠠᠭᠰᠠᠨ᠂ ᠬᠦᠮᠥᠨ ᠢᠶᠠᠷ ᠦᠨᠳᠥᠰᠦ ᠪᠣᠯᠭᠠᠨ᠂ ᠰᠢᠨᠵᠢᠯᠡᠬᠦ ᠤᠬᠠᠭᠠᠨᠴᠢ ᠪᠦᠭᠡᠳ ᠦᠨᠳᠥᠷ ᠦᠷ᠎ᠡ | ᠪᠦᠲᠥᠮᠵᠢᠲᠠᠢ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ ᠡᠷᠥᠬᠡ ᠠᠮᠠ ᠶᠢᠨ ᠬᠠᠷᠢᠶ᠎ᠠ ᠶᠢᠨ ᠰᠢᠨ᠎ᠡ ᠮᠠᠶ᠋ᠢᠭ ᠤᠨ | ᠳᠦᠷᠢᠮ ᠢ ᠦᠨᠳᠥᠰᠥᠨ ᠳᠤᠨᠢ ᠪᠤᠢ ᠪᠣᠯᠭᠠᠨ᠎ᠠ᠃ | ᠬᠤᠶᠠᠷ᠂ ᠡᠷᠥᠬᠡ ᠠᠮᠠ ᠰᠢᠯᠵᠢᠭᠦᠯᠬᠦ ᠲᠦᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠣᠬᠢᠷᠠᠭᠤᠯᠤᠨ᠎ᠠ | ︵ᠨᠢᠭᠡ︶ ᠬᠤᠲᠠ ᠶᠢᠨ ᠲᠣᠭᠤᠷᠢᠭ ᠤᠨ ᠬᠦᠮᠥᠨ ᠠᠮᠠ ᠨᠢ 100 ᠲᠦᠮᠡ ᠠᠴᠠ ᠳᠣᠷᠣᠭᠰᠢ ᠪᠠᠶᠢᠭ᠎ᠠ | ᠬᠤᠲᠠ ᠪᠣᠯᠣᠨ ᠪᠠᠶᠢᠭᠤᠯᠤᠮᠵᠢᠲᠦ ᠪᠠᠯᠭᠠᠰᠦ ᠳᠤ ᠡᠷᠥᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠢ | ᠲᠠᠯᠪᠢᠨ᠎ᠠ᠃ ᠬᠦᠬᠡᠬᠤᠲᠠ᠂ ᠪᠤᠭᠤᠲᠦ ᠬᠤᠲᠠ ᠶᠢᠨ ᠲᠣᠭᠤᠷᠢᠭ ᠢ ᠭᠠᠷᠭᠠᠪᠠᠯ᠂ ᠪᠦᠬᠦ ᠣᠷᠣᠨ ᠤ ᠪᠤᠰᠤᠳ ᠬᠤᠲᠠ᠂ | ᠪᠠᠶᠢᠭᠤᠯᠤᠮᠵᠢᠲᠦ ᠪᠠᠯᠭᠠᠰᠦ ︵ᠬᠦᠬᠡᠬᠤᠲᠠ᠂ ᠪᠤᠭᠤᠲᠦ ᠬᠤᠲᠠ ᠶᠢᠨ ᠬᠠᠷᠢᠶ᠎ᠠ ᠪᠦᠬᠦᠢ ᠵᠠᠰᠠᠭ ᠵᠠᠬᠢᠷᠭᠠᠨ ᠤ | ᠣᠷᠣᠨ ᠤ ᠲᠣᠲᠤᠷᠠᠬᠢ ᠪᠠᠶᠢᠭᠤᠯᠤᠮᠵᠢᠲᠦ ᠪᠠᠯᠭᠠᠰᠦ ᠪᠠᠭᠲᠠᠨ᠎ᠠ︶ ᠳᠤ ᠬᠠᠤᠯᠢ ᠶᠣᠰᠤᠨ ᠤ ᠲᠣᠭᠲᠠᠪᠥᠷᠢᠲᠠᠢ ᠰᠠᠭᠤᠬᠤ | ᠭᠠᠵᠠᠷ ︵ᠲᠦᠷᠢᠶᠡᠰᠥᠯᠡᠵᠦ ᠪᠠᠶᠢᠭ᠎ᠠ ᠪᠠᠭᠲᠠᠨ᠎ᠠ︶ ᠲᠠᠢ ᠬᠦᠮᠥᠰ ᠤᠨ ᠲᠤᠰ ᠬᠦᠮᠥᠨ ᠵᠢᠴᠢ ᠲᠡᠭᠦᠨ ᠲᠠᠢ ᠬᠠᠮᠲᠦ | ᠣᠷᠣᠰᠢᠨ ᠰᠠᠭᠤᠨ ᠠᠮᠢᠳᠤᠷᠠᠵᠦ ᠪᠠᠶᠢᠭ᠎ᠠ ᠬᠤᠯᠪᠤᠰᠤ᠂ ᠨᠠᠰᠤᠨ ᠳᠤ ᠬᠦᠷᠥᠭᠡᠳᠥᠢ ᠦᠷ᠎ᠡ ᠬᠡᠤᠬᠡᠳ᠂ ᠡᠴᠢᠭᠡ ᠡᠬᠡ | ᠵᠡᠷᠭᠡ ᠨᠢ ᠲᠤᠬᠠᠢ ᠶᠢᠨ ᠭᠠᠵᠠᠷ ᠲᠠᠭᠠᠨ ᠭᠤᠶᠤᠴᠢᠯᠠᠵᠦ ᠪᠠᠶᠢᠩᠭᠤ ᠰᠠᠭᠤᠭ᠎ᠠ ᠡᠷᠥᠬᠡ ᠠᠮᠠ ᠪᠠᠷ ᠲᠡᠮᠳᠡᠭᠯᠡᠭᠦᠯᠵᠦ | ᠪᠣᠯᠤᠨ᠎ᠠ᠃ ᠬᠠᠤᠯᠢ ᠶᠣᠰᠤᠨ ᠤ ᠲᠣᠭᠲᠠᠪᠥᠷᠢᠲᠠᠢ ᠰᠠᠭᠤᠬᠤ ᠭᠠᠵᠠᠷ ︵ᠲᠦᠷᠢᠶᠡᠰᠤᠯᠡᠵᠦ ᠪᠠᠶᠢᠭ᠎ᠠ ᠪᠠᠭᠳᠠᠨ᠎ᠠ︶ | ᠭᠡᠳᠡᠭ ᠨᠢ ᠬᠤᠲᠠ ᠪᠠᠯᠭᠠᠰᠦ ᠶᠢᠨ ᠬᠡᠪᠴᠢᠶᠡᠨ ᠳᠠᠬᠢ ᠠᠷᠠᠳ ᠢᠷᠭᠡᠳ ᠤᠨ ᠪᠤᠳᠠᠲᠠᠢ ᠣᠷᠣᠰᠢᠨ ᠰᠠᠭᠤᠭ᠎ᠠ ᠬᠠᠤᠯᠢ | ᠶᠣᠰᠤᠨ ᠤ ᠦᠮᠴᠢᠯᠡᠬᠦ ᠡᠷᠬᠡ ᠲᠠᠢ ᠭᠡᠷ ᠪᠠᠶᠢᠰᠢᠩ ᠪᠤᠶᠤ ᠲᠤᠬᠠᠢ ᠶᠢᠨ ᠭᠠᠵᠠᠷ ᠤᠨ ᠭᠡᠷ ᠬᠦᠷᠥᠩᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠦᠷᠢᠶᠡᠰᠥᠯᠡᠵᠦ ᠪᠠᠶᠢᠭ᠎ᠠ ᠪᠠᠨ ᠲᠡᠮᠳᠡᠭᠯᠡᠭᠦᠯᠵᠦ ᠪᠦᠷᠢᠳᠭᠡᠯᠭᠡᠨ | ᠳᠠᠩᠰᠠᠯᠠᠭᠤᠯᠤᠭᠰᠠᠨ ᠭᠡᠷ ᠪᠠᠶᠢᠰᠢᠩ ᠢ ᠵᠢᠭᠠᠵᠦ ᠪᠣᠢ᠃ ᠬᠠᠤᠯᠢ ᠶᠣᠰᠤᠨ ᠤ ᠲᠣᠭᠲᠠᠪᠥᠷᠢᠲᠠᠢ ᠰᠠᠭᠤᠬᠤ ᠭᠠᠵᠠᠷ ᠲᠤ | ᠣᠷᠣᠨ ᠰᠠᠭᠤᠴᠠ ᠶᠢᠨ ᠲᠠᠯᠠᠪᠠᠢ᠂ ᠵᠣᠭᠤᠰ ᠤᠨ ᠲᠤᠭ᠎ᠠ ᠵᠡᠷᠭᠡ ᠬᠢᠵᠠᠭᠠᠷᠯᠠᠭᠰᠠᠨ ᠴᠢᠨᠠᠷᠲᠠᠢ ᠱᠠᠭᠠᠷᠳᠠᠯᠭ᠎ᠠ | ᠲᠣᠬᠢᠷᠠᠭᠤᠯᠵᠦ ᠪᠣᠯᠬᠤ ᠦᠭᠡᠢ᠃ ᠲᠦᠷᠢᠶᠡᠰᠥᠯᠡᠵᠦ ᠪᠠᠶᠢᠭ᠎ᠠ ᠭᠡᠷ ᠪᠠᠶᠢᠰᠢᠩ ᠢᠶᠠᠷ ᠡᠷᠥᠬᠡ ᠠᠮᠠ ᠣᠷᠣᠬᠤ ᠳᠤ᠂ | ᠬᠤᠲᠠ ᠶᠢᠨ ᠳᠠᠭᠠᠭᠠᠬᠤ ᠳᠠᠷᠤᠯᠲᠠ ᠶᠡᠭᠡ ᠪᠠᠶᠢᠭ᠎ᠠ ᠲᠣᠭᠤᠷᠢᠭ ᠲᠠᠢ ᠬᠤᠲᠠ ᠪᠣᠯ ᠵᠠᠯᠭᠠᠪᠡᠷ ᠲᠦᠷᠢᠶᠡᠰᠥᠯᠡᠬᠦ ᠴᠠᠭ | ᠬᠤᠭᠤᠴᠠᠭᠠᠨ ᠤ ᠨᠦᠬᠦᠴᠡᠯ ᠲᠣᠬᠢᠷᠠᠭᠤᠯᠵᠦ ᠪᠣᠯᠤᠨ᠎ᠠ᠂ ᠭᠡᠬᠦ ᠳᠡᠭᠡᠨ 2 ᠵᠢᠯ ᠢ ᠬᠡᠲᠥᠷᠡᠭᠦᠯᠵᠦ ᠪᠣᠯᠬᠤ ᠦᠭᠡᠢ᠃ | ︵ᠬᠤᠶᠠᠷ︶ ᠬᠤᠲᠠ ᠶᠢᠨ ᠲᠣᠭᠤᠷᠢᠭ ᠤᠨ ᠬᠦᠮᠥᠨ ᠠᠮᠠ ᠨᠢ 100 ᠲᠦᠮᠡ ᠠᠴᠠ ᠳᠡᠭᠡᠭᠰᠢᠬᠢ ᠬᠤᠲᠠ ᠳᠤ | ᠡᠷᠥᠬᠡ ᠠᠮᠠ ᠣᠷᠣᠬᠤ ᠨᠦᠬᠦᠴᠡᠯ ᠢ ᠵᠦᠢ ᠵᠣᠬᠢᠰᠲᠠᠢ ᠲᠣᠭᠲᠠᠭᠠᠨ᠎ᠠ᠃ | ᠬᠦᠬᠡᠬᠤᠲᠠ᠂ ᠪᠤᠭᠤᠲᠦ ᠬᠤᠲᠠ ᠶᠢᠨ ᠲᠣᠭᠤᠷᠢᠭ ᠲᠤ ᠬᠠᠤᠯᠢ ᠶᠣᠰᠤᠨ ᠤ ᠲᠣᠭᠲᠠᠪᠥᠷᠢᠲᠠᠢ ᠰᠠᠭᠤᠬᠤ | ᠭᠠᠵᠠᠷ ᠲᠠᠢ ᠲᠤᠰ ᠬᠦᠮᠥᠨ ᠵᠢᠴᠢ ᠲᠡᠭᠦᠨ ᠤ ᠬᠠᠮᠲᠦ ᠣᠷᠣᠰᠢᠨ ᠰᠠᠭᠤᠨ ᠠᠮᠢᠳᠤᠷᠠᠵᠦ ᠪᠠᠶᠢᠭ᠎ᠠ ᠬᠤᠯᠪᠤᠰᠤ᠂ | ᠨᠠᠰᠤᠨ ᠳᠤ ᠬᠦᠷᠥᠭᠡᠳᠥᠢ ᠦᠷ᠎ᠡ ᠬᠡᠤᠬᠡᠳ᠂ ᠡᠴᠢᠭᠡ ᠡᠬᠡ ᠵᠡᠷᠭᠡ ᠨᠢ ᠲᠤᠬᠠᠢ ᠶᠢᠨ ᠭᠠᠵᠠᠷ ᠲᠠᠭᠠᠨ ᠭᠤᠶᠤᠴᠢᠯᠠᠭᠠᠳ | ᠪᠠᠶᠢᠩᠭᠤ ᠰᠠᠭᠤᠭ᠎ᠠ ᠡᠷᠥᠬᠡ ᠠᠮᠠ ᠪᠠᠷ ᠲᠡᠮᠳᠡᠭᠯᠡᠭᠦᠯᠵᠦ ᠪᠣᠯᠤᠨ᠎ᠠ᠃ ᠬᠦᠬᠡᠬᠤᠲᠠ᠂ ᠪᠤᠭᠤᠲᠦ ᠬᠤᠲᠠ ᠶᠢᠨ | ᠲᠣᠭᠤᠷᠢᠭ ᠲᠤ ᠬᠠᠤᠯᠢ ᠶᠣᠰᠤᠨ ᠤ ᠲᠣᠭᠲᠠᠪᠥᠷᠢᠲᠠᠢ ᠰᠠᠭᠤᠬᠤ ᠭᠠᠵᠠᠷ ᠲᠦᠷᠢᠶᠡᠰᠥᠯᠡᠭᠰᠡᠨ ᠤ ᠬᠠᠮᠲᠦ ᠬᠠᠤᠯᠢ | ᠶᠣᠰᠤᠨ ᠤ ᠲᠣᠭᠲᠠᠪᠥᠷᠢᠲᠠᠢ ᠠᠵᠢᠯ ᠣᠯᠣᠭᠰᠠᠨ ᠤ ᠵᠡᠷᠭᠡᠴᠡᠪᠡᠷ ᠤᠯᠤᠰ ᠤᠨ ᠲᠣᠭᠲᠠᠭᠠᠯ ᠶᠣᠰᠤᠭᠠᠷ ᠬᠤᠲᠠ | ᠪᠠᠯᠭᠠᠰᠦ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠠᠳ ᠵᠤᠬᠢᠬᠤ ᠵᠢᠯ ᠬᠤᠭᠤᠴᠠᠭ᠎ᠠ ᠳᠤ ᠬᠦᠷᠥᠭᠰᠡᠨ ᠬᠦᠮᠥᠰ | ᠪᠣᠯ ᠲᠤᠰ ᠬᠦᠮᠥᠨ ᠵᠢᠴᠢ ᠬᠠᠮᠲᠦ ᠣᠷᠣᠰᠢᠨ ᠰᠠᠭᠤᠨ ᠠᠮᠢᠳᠤᠷᠠᠵᠦ ᠪᠠᠶᠢᠭ᠎ᠠ ᠬᠤᠯᠪᠤᠰᠤ᠂ ᠨᠠᠰᠤᠨ ᠳᠤ ᠬᠦᠷᠥᠭᠡᠳᠥᠢ | ᠦᠷ᠎ᠡ ᠬᠡᠤᠬᠡᠳ᠂ ᠡᠴᠢᠭᠡ ᠡᠬᠡ ᠵᠡᠷᠭᠡ ᠨᠢ ᠲᠤᠬᠠᠢ ᠶᠢᠨ ᠭᠠᠵᠠᠷ ᠲᠠᠭᠠᠨ ᠭᠤᠶᠤᠴᠢᠯᠠᠭᠠᠳ ᠪᠠᠶᠢᠩᠭᠤ ᠰᠠᠭᠤᠭ᠎ᠠ | ᠡᠷᠥᠬᠡ ᠠᠮᠠ ᠪᠠᠷ ᠲᠡᠮᠳᠡᠭᠯᠡᠭᠦᠯᠵᠦ ᠪᠣᠯᠤᠨ᠎ᠠ᠃ ᠬᠠᠤᠯᠢ ᠶᠣᠰᠤᠨ ᠤ ᠲᠣᠭᠲᠠᠪᠥᠷᠢᠲᠠᠢ ᠠᠵᠢᠯ ᠣᠯᠣᠭᠰᠠᠨ ᠤ | ᠬᠡᠪᠴᠢᠶ᠎ᠡ᠂ ᠵᠢᠯ ᠬᠤᠭᠤᠴᠠᠭ᠎ᠠ ᠵᠢᠴᠢ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠤ ᠬᠢᠵᠠᠭᠠᠷᠯᠠᠨ ᠲᠣᠭᠲᠠᠭᠠᠭᠰᠠᠨ | ᠵᠢᠯ ᠬᠤᠭᠤᠴᠠᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ᠵᠦᠢ ᠵᠣᠬᠢᠰᠲᠠᠢ ᠲᠣᠭᠲᠠᠭᠠᠬᠤ ᠬᠡᠷᠡᠭᠲᠡᠢ | ᠂ ᠭᠡᠬᠦ ᠳᠡᠭᠡᠨ ᠬᠤᠲᠠ ᠪᠠᠯᠭᠠᠰᠦ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠤ ᠬᠢᠵᠠᠭᠠᠷᠯᠠᠨ ᠲᠣᠭᠲᠠᠭᠠᠭᠰᠠᠨ | ᠵᠢᠯ ᠬᠤᠭᠤᠴᠠᠭ᠎ᠠ ᠶᠢᠨ ᠱᠠᠭᠠᠷᠳᠠᠯᠭ᠎ᠠ ᠶᠢ 5 ᠵᠢᠯ ᠠᠴᠠ ᠬᠡᠲᠥᠷᠡᠭᠦᠯᠵᠦ ᠪᠣᠯᠬᠤ ᠦᠭᠡᠢ᠃ | ︵ᠭᠤᠷᠪᠠ︶ ᠬᠤᠲᠠ ᠪᠠᠯᠭᠠᠰᠦ ᠳᠤ ᠲᠣᠭᠲᠠᠪᠥᠷᠢᠲᠠᠢ ᠠᠵᠢᠯ ᠣᠯᠬᠤ ᠴᠢᠳᠠᠪᠥᠷᠢ ᠲᠠᠢ ᠬᠦᠮᠥᠰ ᠤᠨ ᠬᠤᠲᠠ | ᠪᠠᠯᠭᠠᠰᠦ ᠳᠤ ᠡᠷᠥᠬᠡ ᠠᠮᠠ ᠣᠷᠣᠬᠤ ᠶᠢ ᠠᠬᠢᠭᠤᠯᠤᠨ᠎ᠠ᠃ | ᠣᠣᠯ ᠠᠴᠠ ᠬᠤᠲᠠ ᠳᠤ ᠪᠠᠶᠢᠭ᠎ᠠ ᠶᠢ ᠨᠢ ᠡᠩ ᠲᠡᠷᠢᠭᠦᠨ ᠳᠤ ᠰᠢᠢᠳᠪᠥᠷᠢᠯᠡᠬᠦ ᠱᠠᠭᠠᠷᠳᠠᠯᠭ᠎ᠠ ᠶᠢ | ᠨᠠᠶᠢᠳᠠᠪᠥᠷᠢᠵᠢᠭᠤᠯᠤᠨ᠂ ᠬᠤᠲᠠ ᠣᠷᠣᠭᠠᠳ ᠤᠷᠲᠦ ᠬᠤᠭᠤᠴᠠᠭ᠎ᠠ ᠪᠣᠯᠤᠭᠰᠠᠨ᠂ ᠠᠵᠢᠯ ᠣᠯᠬᠤ ᠴᠢᠳᠠᠪᠥᠷᠢ ᠪᠠᠷ | ᠴᠢᠩᠭ᠎ᠠ᠂ ᠬᠤᠲᠠ ᠪᠠᠯᠭᠠᠰᠦ ᠶᠢᠨ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠵᠦ ᠪᠠᠶᠢᠭ᠎ᠠ ᠪᠠ | ᠵᠠᠬ᠎ᠠ ᠳᠡᠯᠭᠡᠭᠦᠷ ᠤᠨ ᠦᠷᠢᠰᠥᠯᠳᠥᠭᠡᠨ ᠤ ᠣᠷᠴᠢᠨ ᠲᠣᠭᠤᠷᠢᠨ ᠳᠤ ᠵᠣᠬᠢᠴᠠᠬᠤ ᠬᠦᠮᠥᠰ ᠤᠨ ᠡᠷᠥᠬᠡ ᠠᠮᠠ ᠣᠷᠣᠬᠤ | ᠠᠰᠠᠭᠤᠳᠠᠯ ᠢ ᠡᠩ ᠲᠡᠷᠢᠭᠦᠨ ᠳᠤ ᠰᠢᠢᠳᠪᠥᠷᠢᠯᠡᠨ᠎ᠡ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ | ᠂ ᠤᠯᠤᠰ ᠤᠨ ᠦᠮᠴᠢᠯᠡᠯᠲᠦ ᠠᠵᠦ ᠠᠬᠤᠶᠢᠯᠠᠯ᠂ ᠨᠡᠶᠢᠭᠡᠮ ᠤᠨ ᠪᠦᠯᠬᠦᠮ ᠤᠨ ᠠᠵᠢᠯᠲᠠᠨ ᠪᠤᠶᠤ ᠵᠣᠬᠢᠶᠠᠨ | ᠪᠠᠶᠢᠭᠤᠯᠬᠤ᠂ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠥᠭᠡᠳ ᠰᠢᠯᠵᠢᠨ ᠣᠷᠣᠭᠰᠠᠨ | ᠠᠵᠢᠯᠲᠠᠨ ᠪᠣᠯ ᠠᠵᠢᠯ ᠣᠯᠣᠭᠰᠠᠨ ᠭᠠᠵᠠᠷ ᠤᠨ ᠬᠤᠲᠠ᠂ ᠪᠠᠶᠢᠭᠤᠯᠤᠮᠵᠢᠲᠦ ᠪᠠᠯᠭᠠᠰᠦ ᠳᠠᠭᠠᠨ ᠭᠤᠶᠤᠴᠢᠯᠠᠭᠠᠳ | ᠪᠠᠶᠢᠩᠭᠤ ᠰᠠᠭᠤᠭ᠎ᠠ ᠡᠷᠥᠬᠡ ᠠᠮᠠ ᠪᠠᠷ ᠲᠡᠮᠳᠡᠭᠯᠡᠭᠦᠯᠵᠦ ᠪᠣᠯᠤᠨ᠎ᠠ᠂ ᠰᠠᠭᠤᠭ᠎ᠠ ᠭᠠᠵᠠᠷ ᠭᠡᠵᠦ ᠬᠢᠵᠠᠭᠠᠷᠯᠠᠭᠳᠠᠬᠤ | ᠦᠭᠡᠢ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢ ᠰᠤᠷᠭᠠᠭᠤᠯᠢ ᠲᠡᠭᠦᠰᠥᠭᠰᠡᠳ᠂ | ᠠᠵᠦ ᠠᠬᠤᠶᠢᠯᠠᠯ ᠤᠨ ᠬᠡᠷᠡᠭᠴᠡᠭᠡ ᠲᠠᠢ ᠮᠡᠷᠭᠡᠵᠢᠯ ᠤᠨ ᠠᠵᠢᠯᠲᠠᠨ᠂ ᠭᠠᠳᠠᠭᠠᠳᠦ ᠳᠤ ᠰᠤᠷᠤᠯᠴᠠᠭᠠᠳ ᠤᠯᠤᠰ ᠲᠠᠭᠠᠨ | ᠬᠠᠷᠢᠵᠦ ᠢᠷᠡᠭᠰᠡᠨ ᠬᠦᠮᠥᠰ ᠵᠡᠷᠭᠡ ᠨᠢ ᠠᠵᠢᠯ ︵ᠠᠳᠠᠯ ᠦᠢᠯᠡᠰ ᠴᠣᠭᠴᠠᠯᠠᠭᠰᠠᠨ︶ ᠣᠯᠣᠭᠰᠠᠨ ᠭᠠᠵᠠᠷ ᠤᠨ | ᠬᠤᠲᠠ᠂ ᠪᠠᠶᠢᠭᠤᠯᠤᠮᠵᠢᠲᠦ ᠪᠠᠯᠭᠠᠰᠦ ᠳᠠᠭᠠᠨ ᠭᠤᠶᠤᠴᠢᠯᠠᠭᠠᠳ ᠪᠠᠶᠢᠩᠭᠤ ᠰᠠᠭᠤᠭ᠎ᠠ ᠡᠷᠥᠬᠡ ᠠᠮᠠ ᠪᠠᠷ | ᠲᠡᠮᠳᠡᠭᠯᠡᠭᠦᠯᠥᠨᠡ᠂ ᠰᠠᠭᠤᠭ᠎ᠠ ᠭᠠᠵᠠᠷ ᠭᠡᠵᠦ ᠬᠢᠵᠠᠭᠠᠷᠯᠠᠭᠳᠠᠬᠤ ᠦᠭᠡᠢ᠃ ᠬᠠᠮᠲᠦ ᠶᠢᠨ ᠡᠷᠥᠬᠡ ᠠᠮᠠ ᠶᠢ ᠵᠦᠢ | ᠵᠣᠬᠢᠰᠲᠠᠢ ᠪᠠᠶᠢᠭᠤᠯᠤᠨ᠂ ᠡᠷᠥᠬᠡ ᠠᠮᠠ ᠣᠷᠣᠬᠤ ᠨᠦᠬᠦᠴᠡᠯ ᠳᠤ ᠨᠡᠶᠢᠴᠡᠵᠦ ᠪᠠᠶᠢᠭ᠎ᠠ ᠪᠣᠯᠪᠠᠴᠦ ᠪᠤᠳᠠᠲᠠᠢ ᠣᠷᠣᠰᠢᠨ | ᠰᠠᠭᠤᠭ᠎ᠠ ᠬᠠᠶ᠋ᠢᠭ ᠲᠠᠭᠠᠨ ᠲᠡᠮᠳᠡᠭᠯᠡᠭᠦᠯᠥᠨ ᠡᠷᠥᠬᠡ ᠠᠮᠠ ᠣᠷᠣᠬᠤ ᠶᠢᠨ ᠠᠷᠭ᠎ᠠ ᠦᠭᠡᠢ ᠬᠦᠮᠥᠰ ᠤᠨ ᠡᠷᠥᠬᠡ ᠠᠮᠠ | ᠣᠷᠣᠬᠤ ᠳᠤᠨᠢ ᠳᠦᠭᠦᠮ ᠦᠵᠡᠭᠦᠯᠥᠨᠡ᠃ | ︵ᠳᠦᠷᠪᠡ︶ ᠡᠷᠥᠬᠡ ᠠᠮᠠ ᠦᠭᠡᠢ ᠬᠦᠮᠥᠰ ᠤᠨ ᠡᠷᠥᠬᠡ ᠠᠮᠠ ᠣᠷᠣᠬᠤ ᠠᠰᠠᠭᠤᠳᠠᠯ ᠢ ᠦᠨᠡᠨᠬᠦ | ᠰᠢᠢᠳᠪᠥᠷᠢᠯᠡᠨ᠎ᠡ᠃ | ᠡᠷᠥᠬᠡ ᠠᠮᠠ ᠪᠠᠨ ᠬᠠᠤᠯᠢ ᠶᠣᠰᠤᠭᠠᠷ ᠮᠡᠳᠡᠭᠦᠯᠥᠨ ᠲᠡᠮᠳᠡᠭᠯᠡᠭᠦᠯᠬᠦ ᠪᠣᠯ ᠠᠷᠠᠳ ᠢᠷᠭᠡᠳ ᠤᠨ ᠬᠠᠷᠢᠭᠤᠴᠠᠯᠭ᠎ᠠ | ᠪᠣᠯᠬᠤ ᠮᠦᠷᠲᠡᠭᠡᠨ ᠪᠠᠰᠠ ᠬᠠᠤᠯᠢ ᠴᠠᠭᠠᠵᠠ ᠠᠴᠠ ᠠᠷᠠᠳ ᠢᠷᠭᠡᠳ ᠲᠤ ᠣᠯᠭᠤᠭᠰᠠᠨ ᠡᠷᠬᠡ ᠪᠣᠯᠬᠤ ᠲᠤᠯᠠ | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠦᠮᠥᠨ ᠭᠡᠳ ᠶᠠᠮᠠᠷᠪᠠ ᠰᠢᠯᠲᠠᠭ ᠢᠶᠠᠷ ᠠᠷᠠᠳ ᠢᠷᠭᠡᠳ ᠤᠨ | ᠡᠷᠥᠬᠡ ᠠᠮᠠ ᠪᠠᠨ ᠬᠠᠤᠯᠢ ᠶᠣᠰᠤᠭᠠᠷ ᠮᠡᠳᠡᠭᠦᠯᠥᠨ ᠲᠡᠮᠳᠡᠭᠯᠡᠭᠦᠯᠬᠦ ᠬᠠᠤᠯᠢ ᠶᠣᠰᠤᠨ ᠤ ᠡᠷᠬᠡ ᠠᠰᠢᠭ ᠲᠤ ᠬᠠᠯᠳᠠᠵᠦ | ᠪᠣᠯᠬᠤ ᠦᠬᠡᠢ᠃ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠪᠣᠳᠤᠯᠭ᠎ᠠ ᠳᠤ ᠨᠡᠶᠢᠴᠡᠭᠦᠯᠵᠦ | ᠲᠦᠷᠥᠭᠰᠡᠨ ᠨᠢᠯᠬ᠎ᠠ ᠬᠡᠤᠬᠡᠳ ᠤᠨ ᠡᠴᠢᠭᠡ ᠪᠤᠶᠤ ᠡᠬᠡ ᠪᠠᠨ ᠲᠠᠭᠠᠨ ᠪᠠᠶᠢᠩᠭᠤ ᠰᠠᠭᠤᠭ᠎ᠠ ᠡᠷᠥᠬᠡ ᠠᠮᠠ ᠪᠠᠷ | ᠲᠡᠮᠳᠡᠭᠯᠡᠭᠦᠯᠬᠦ ᠶᠢ ᠵᠦᠪᠰᠢᠶᠡᠷᠡᠨ᠎ᠡ᠃ ᠮᠠᠨ ᠤ ᠣᠷᠣᠨ ᠤ ᠠᠷᠠᠳ ᠢᠷᠭᠡᠨ ᠤᠷᠲᠦ ᠬᠤᠭᠤᠴᠠᠭ᠎ᠠ ᠪᠠᠷ ᠭᠠᠳᠠᠭᠰᠢ | ᠭᠠᠷᠤᠭᠠᠳ ᠡᠷᠥᠬᠡ ᠠᠮᠠ ᠨᠢ ᠬᠦᠴᠥᠨ ᠦᠭᠡᠢ ᠪᠣᠯᠭᠠᠭᠳᠠᠭᠰᠠᠨ ᠪᠣᠯ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠪᠠᠷ | ᠪᠠᠶᠢᠴᠠᠭᠠᠯᠭᠠᠭᠠᠳ ᠲᠡᠭᠦᠨ ᠤ ᠤᠨᠳᠤᠤ ᠭᠠᠵᠠᠷ ᠡᠷᠥᠬᠡ ᠠᠮᠠ ᠣᠷᠣᠭᠰᠠᠨ ᠦᠭᠡᠢ ᠭᠡᠳᠡᠭ ᠢ ᠨᠤᠲᠠᠯᠠᠭᠰᠠᠨ ᠪᠣᠯ | ᠡᠷᠥᠬᠡ ᠠᠮᠠ ᠶᠢ ᠨᠢ ᠰᠡᠷᠭᠦᠭᠡᠵᠦ ᠦᠭᠬᠦ ᠬᠡᠷᠡᠭᠲᠡᠢ᠃ ᠡᠷᠥᠬᠡ ᠠᠮᠠ ᠰᠢᠯᠵᠢᠭᠦᠯᠬᠦ ᠭᠡᠷᠡᠴᠢ ᠪᠠᠨ ᠭᠡᠭᠡᠭᠰᠡᠨ ᠪᠣᠯ | ᠭᠠᠷ ᠤᠨ ᠦᠰᠥᠭ ᠵᠢᠷᠤᠵᠦ ᠣᠯᠭᠤᠭᠰᠠᠨ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠤᠤᠯ ᠭᠡᠷᠡᠴᠢ ᠶᠢᠨ | ᠠᠭᠤᠯᠭ᠎ᠠ ᠶᠢᠨ ᠶᠣᠰᠤᠭᠠᠷ ᠨᠦᠬᠦᠵᠦ ᠣᠯᠭᠤᠬᠤ ᠶᠢᠨ ᠬᠠᠮᠲᠦ ᠨᠦᠬᠦᠵᠦ ᠣᠯᠭᠤᠭᠰᠠᠨ ᠪᠠᠶᠢᠳᠠᠯ ᠢᠶᠠᠨ ᠲᠣᠳᠤᠷᠬᠠᠢ | ᠲᠡᠮᠳᠡᠭᠯᠡᠬᠦ ᠬᠡᠷᠡᠭᠲᠡᠢ᠃ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠯᠭᠠᠭᠠᠳ ᠨᠤᠲᠠᠯᠠᠭᠰᠠᠨ ᠡᠷᠥᠬᠡ | ᠠᠮᠠ ᠦᠭᠡᠢ ᠪᠤᠰᠤᠳ ᠬᠦᠮᠥᠰ ᠲᠤ ᠪᠣᠯ ᠪᠤᠳᠠᠲᠠᠢ ᠪᠠᠶᠢᠳᠠᠯ ᠢᠶᠠᠷ ᠨᠢ ᠢᠯᠭᠠᠨ ᠬᠤᠯᠪᠤᠰᠤ᠂ ᠡᠴᠢᠭᠡ ᠡᠬᠡ ᠪᠤᠶᠤ | ᠦᠷ᠎ᠡ ᠬᠡᠤᠬᠡᠳ ᠢ ᠨᠢ ᠳᠠᠭᠠᠭᠤᠯᠤᠨ ᠡᠷᠥᠬᠡ ᠠᠮᠠ ᠲᠡᠮᠳᠡᠭᠯᠡᠵᠦ ᠦᠭᠭᠦᠨ᠎ᠡ᠃ | ᠭᠤᠷᠪᠠ᠂ ᠬᠦᠮᠥᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠦᠭᠡᠷᠡᠴᠢᠯᠡᠨ᠎ᠡ | ︵ᠨᠢᠭᠡ︶ ᠬᠤᠲᠠ ᠬᠦᠳᠡᠭᠡ ᠨᠢᠭᠡᠲᠥᠯᠲᠡᠢ ᠡᠷᠥᠬᠡ ᠠᠮᠠ ᠲᠡᠮᠳᠡᠭᠯᠡᠬᠦ ᠳᠦᠷᠢᠮ ᠢ ᠪᠠᠶᠢᠭᠤᠯᠤᠨ᠎ᠠ᠃ | ᠲᠠᠷᠢᠶᠠᠯᠠᠩ ︵ᠮᠠᠯ ᠠᠵᠦ ᠠᠬᠤᠢ︶ ᠤᠨ ᠡᠷᠥᠬᠡ ᠠᠮᠠ ᠬᠢᠭᠡᠳ ᠲᠠᠷᠢᠶᠠᠯᠠᠩ ︵ᠮᠠᠯ ᠠᠵᠦ ᠠᠬᠤᠢ︶ ᠤᠨ | ᠪᠣᠰᠦ ᠡᠷᠥᠬᠡ ᠠᠮᠠ ᠶᠢᠨ ᠰᠢᠨᠵᠢ ᠴᠢᠨᠠᠷ ᠤᠨ ᠢᠯᠭᠠᠭ᠎ᠠ ᠪᠣᠯᠣᠨ ᠡᠭᠦᠨ ᠠᠴᠠ ᠡᠭᠦᠰᠥᠭᠰᠡᠨ ᠪᠤᠰᠤᠳ ᠡᠷᠥᠬᠡ | ᠠᠮᠠ ᠶᠢᠨ ᠲᠦᠷᠥᠯ ᠬᠡᠯᠪᠡᠷᠢ ᠶᠢ ᠦᠭᠡᠶᠢᠰᠭᠡᠵᠦ᠂ ᠰᠠᠭᠤᠭᠠᠯᠢ ᠠᠷᠠᠳ ᠤᠨ ᠡᠷᠥᠬᠡ ᠠᠮᠠ ᠪᠠᠷ ᠨᠢᠭᠡᠲᠥᠯᠲᠡᠢ | ᠲᠡᠮᠳᠡᠭᠯᠡᠨ᠂ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠬᠦᠮᠥᠨ ᠠᠮᠠ ᠶᠢᠨ ᠲᠡᠮᠳᠡᠭᠯᠡᠭᠦᠯᠬᠦ ᠬᠠᠮᠢᠶᠠᠷᠤᠯᠲᠠ ᠶᠢᠨ | ᠴᠢᠳᠠᠮᠵᠢ ᠶᠢ ᠬᠠᠷᠠᠭᠤᠯᠤᠨ᠎ᠠ᠃ ᠬᠤᠲᠠ ᠬᠦᠳᠡᠭᠡ ᠶᠢᠨ ᠡᠷᠥᠬᠡ ᠠᠮᠠ ᠶᠢ ᠨᠢᠭᠡᠲᠥᠯᠲᠡᠢ ᠲᠡᠮᠳᠡᠭᠯᠡᠬᠦ ᠳᠦᠷᠢᠮ ᠯᠦᠭᠡ | ᠲᠣᠬᠢᠷᠠᠯᠴᠠᠭᠰᠠᠨ ᠰᠤᠷᠭᠠᠨ ᠬᠦᠮᠥᠵᠢᠯ᠂ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ᠂ ᠠᠵᠢᠯ ᠣᠯᠭᠤᠯᠲᠠ᠂ | ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠭᠠᠵᠠᠷ ᠰᠢᠷᠣᠢ ᠬᠢᠭᠡᠳ ᠬᠦᠮᠥᠨ ᠠᠮᠠ ᠶᠢᠨ ᠪᠦᠷᠢᠳᠭᠡᠯ ᠤᠨ | ᠳᠦᠷᠢᠮ ᠢ ᠪᠠᠶᠢᠭᠤᠯᠤᠨ᠎ᠠ᠃ ᠬᠦᠮᠥᠨ ᠠᠮᠠ ᠪᠦᠷᠢᠳᠭᠡᠬᠦ ᠲᠠᠯ᠎ᠠ ᠪᠠᠷ᠂ ᠲᠠᠷᠢᠶᠠᠯᠠᠩ ︵ᠮᠠᠯ ᠠᠵᠦ ᠠᠬᠤᠢ︶ ᠤᠨ᠂ | ᠲᠠᠷᠢᠶᠠᠯᠠᠩ ︵ᠮᠠᠯ ᠠᠵᠦ ᠠᠬᠤᠢ︶ ᠤᠨ ᠪᠣᠰᠦ ᠡᠷᠥᠬᠡ ᠠᠮᠠ ᠶᠢᠨ ᠪᠦᠷᠢᠳᠭᠡᠯ ᠢ ᠦᠭᠡᠶᠢᠰᠭᠡᠨ᠂ ᠬᠤᠲᠠ | ᠪᠠᠯᠭᠠᠰᠦ ᠶᠢᠨ ᠰᠠᠭᠤᠭᠠᠯᠢ ᠠᠷᠠᠳ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠪᠦᠷᠢᠳᠭᠡᠯ ᠢ | ᠪᠠᠶᠢᠭᠤᠯᠵᠦ᠂ ᠡᠷᠥᠬᠡ ᠠᠮᠠ ᠶᠢᠨ ᠬᠠᠷᠢᠶ᠎ᠠ ᠨᠢ ᠬᠤᠲᠠ ᠲᠣᠭᠤᠷᠢᠭ ᠤᠨ ᠬᠡᠪᠴᠢᠶᠡᠨ ᠳᠤ ᠪᠠᠶᠢᠭ᠎ᠠ ᠬᠦᠮᠥᠨ ᠠᠮᠠ ᠶᠢ | ᠬᠤᠲᠠ ᠪᠠᠯᠭᠠᠰᠦ ᠶᠢᠨ ᠰᠠᠭᠤᠭᠠᠯᠢ ᠠᠷᠠᠳ ᠢᠶᠠᠷ ᠪᠦᠷᠢᠳᠭᠡᠵᠦ᠂ ᠡᠷᠥᠬᠡ ᠠᠮᠠ ᠶᠢᠨ ᠬᠠᠷᠢᠶ᠎ᠠ ᠨᠢ ᠬᠤᠲᠠ | ᠲᠣᠭᠤᠷᠢᠭ ᠤᠨ ᠬᠡᠪᠴᠢᠶᠡᠨ ᠠᠴᠠ ᠭᠠᠳᠠᠨ᠎ᠠ ᠪᠠᠶᠢᠭ᠎ᠠ ᠬᠦᠮᠥᠨ ᠠᠮᠠ ᠶᠢ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠢᠶᠠᠷ ᠪᠦᠷᠢᠳᠭᠡᠨ᠎ᠡ᠃ | ︵ᠬᠤᠶᠠᠷ︶ ᠣᠷᠣᠰᠢᠨ ᠰᠠᠭᠤᠬᠤ ᠦᠨᠡᠮᠯᠡᠯ ᠤᠨ ᠳᠦᠷᠢᠮ ᠢ ᠪᠠᠶᠢᠭᠤᠯᠤᠨ᠎ᠠ᠃ | ᠠᠷᠠᠳ ᠢᠷᠭᠡᠨ ᠪᠠᠶᠢᠩᠭᠤ ᠰᠠᠭᠤᠭ᠎ᠠ ᠡᠷᠥᠬᠡ ᠠᠮᠠ ᠶᠢᠨ ᠪᠠᠶᠢᠭ᠎ᠠ ᠭᠠᠵᠠᠷ ᠠᠴᠠ ᠪᠠᠨ ᠰᠠᠯᠤᠭᠠᠳ ᠣᠷᠣᠨ ᠤ | ᠲᠣᠲᠤᠷᠠᠬᠢ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠠᠭᠠᠰ ᠵᠢᠯ ᠠᠴᠠ ᠳᠡᠭᠡᠭᠰᠢ ᠣᠷᠣᠰᠢᠨ | ᠰᠠᠭᠤᠪᠠᠯ ︵ᠡᠷᠥᠬᠡ ᠠᠮᠠ ᠶᠢᠨ ᠪᠠᠶᠢᠭ᠎ᠠ ᠭᠠᠵᠠᠷ ᠤᠨ ᠬᠤᠲᠠ ᠶᠢᠨ ᠬᠠᠷᠢᠶ᠎ᠠ ᠲᠣᠭᠤᠷᠢᠭ ᠠᠴᠠ ᠰᠠᠯᠤᠭᠠᠳ ᠪᠤᠰᠤᠳ | ᠬᠤᠲᠠ ᠶᠢᠨ ᠬᠠᠷᠢᠶ᠎ᠠ ᠲᠣᠭᠤᠷᠢᠭ ᠲᠤ ᠣᠷᠣᠰᠢᠨ ᠰᠠᠭᠤᠬᠤ ᠨᠢ ᠡᠭᠦᠨ ᠳᠤ ᠪᠠᠭᠲᠠᠬᠤ ᠦᠭᠡᠢ︶᠂ ᠣᠷᠣᠰᠢᠨ | ᠰᠠᠭᠤᠭ᠎ᠠ ᠭᠠᠵᠠᠷ ᠲᠠᠭᠠᠨ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠬᠡᠷᠡᠭᠲᠡᠢ᠃ ᠣᠷᠣᠰᠢᠨ ᠰᠠᠭᠤᠬᠤ | ᠦᠨᠡᠮᠯᠡᠯ ᠢᠶᠠᠷ ᠠᠴᠢᠶᠠᠯᠠᠪᠥᠷᠢ ᠪᠣᠯᠭᠠᠨ᠂ ᠣᠷᠣᠰᠢᠨ ᠰᠠᠭᠤᠭᠰᠠ ᠵᠢᠯ ᠬᠤᠭᠤᠴᠠᠭ᠎ᠠ ᠵᠡᠷᠭᠡ ᠨᠦᠬᠦᠴᠡᠯ ᠯᠦᠭᠡ | ᠬᠤᠯᠪᠤᠭᠳᠠᠭᠤᠯᠤᠭᠰᠠᠨ ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠥᠨᠡ᠃ ᠣᠷᠣᠰᠢᠨ ᠰᠠᠭᠤᠬᠤ ᠦᠨᠡᠮᠯᠡᠯ ᠭᠠᠷᠳᠠᠭᠰᠠᠳ ᠲᠤᠬᠠᠢ ᠶᠢᠨ ᠭᠠᠵᠠᠷ ᠤᠨ ᠡᠷᠥᠬᠡ ᠠᠮᠠ ᠶᠢᠨ | ᠬᠠᠷᠢᠶ᠎ᠠ ᠲᠠᠢ ᠬᠦᠮᠥᠨ ᠠᠮᠠ ᠯᠤᠭ᠎ᠠ ᠠᠳᠠᠯᠢ ᠵᠡᠷᠭᠡ ᠶᠢᠨ ᠬᠦᠳᠡᠯᠮᠥᠷᠢ ᠠᠵᠢᠯ ᠣᠯᠭᠤᠯᠲᠠ᠂ ᠦᠨᠳᠥᠰᠥᠨ ᠣᠯᠠᠨ | ᠨᠡᠶᠢᠲᠡ ᠶᠢᠨ ᠰᠤᠷᠭᠠᠨ ᠬᠦᠮᠥᠵᠢᠯ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠲᠦᠯᠥᠪᠯᠡᠭᠡᠲᠦ | ᠦᠷᠡᠵᠢᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠰᠣᠶᠤᠯ ᠤᠨ ᠦᠢᠯᠡᠴᠢᠯᠡᠭᠡ᠂ ᠭᠡᠷᠡᠴᠢ ᠦᠨᠡᠮᠯᠡᠯ ᠭᠦᠢᠴᠡᠳᠭᠡᠬᠦ | ᠦᠢᠯᠡᠴᠢᠯᠡᠭᠡ ᠵᠡᠷᠭᠡ ᠡᠷᠬᠡ ᠶᠢ ᠡᠳ᠋ᠯᠡᠨ᠎ᠡ︔ ᠵᠠᠯᠭᠠᠪᠡᠷ ᠣᠷᠣᠰᠢᠨ ᠰᠠᠭᠤᠭᠰᠠᠨ ᠵᠢᠯ ᠬᠤᠭᠤᠴᠠᠭ᠎ᠠ ᠪᠣᠯᠣᠨ | ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠵᠡᠷᠭᠡ ᠪᠠᠷ ᠨᠦᠬᠦᠴᠡᠯ ᠪᠣᠯᠭᠠᠨ᠂ ᠲᠤᠬᠠᠢ ᠶᠢᠨ | ᠭᠠᠵᠠᠷ ᠤᠨ ᠡᠷᠥᠬᠡ ᠠᠮᠠ ᠶᠢᠨ ᠬᠠᠷᠢᠶ᠎ᠠ ᠲᠠᠢ ᠬᠦᠮᠥᠨ ᠠᠮᠠ ᠯᠤᠭ᠎ᠠ ᠠᠳᠠᠯᠢ ᠵᠡᠷᠭᠡ ᠪᠠᠷ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠦᠮᠥᠵᠢᠯ ᠤᠨ ᠵᠤᠭᠤᠰ ᠤᠨ ᠲᠤᠰᠠᠯᠠᠮᠵᠢ᠂ ᠠᠵᠢᠯ ᠣᠯᠭᠤᠯᠲᠠ ᠶᠢᠨ ᠳᠡᠳᠭᠦᠯᠭᠡ᠂ ᠣᠷᠣᠨ | ᠰᠠᠭᠤᠴᠠ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠰᠷᠠᠮᠵᠢ᠂ | ᠨᠡᠶᠢᠭᠡᠮ ᠤᠨ ᠲᠡᠩᠬᠡᠷᠡᠭᠦᠯᠥᠨ ᠲᠤᠰᠠᠯᠠᠯᠲᠠ ᠵᠡᠷᠭᠡ ᠡᠷᠬᠡ ᠶᠢ ᠠᠯᠬᠤᠮ ᠠᠯᠬᠤᠮ ᠢᠶᠠᠷ ᠡᠳ᠋ᠯᠡᠬᠦ ᠶᠢᠨ ᠵᠡᠷᠭᠡᠴᠡᠪᠡᠷ | ᠳᠠᠭᠠᠵᠦ ᠨᠡᠭᠦᠭᠰᠡᠨ ᠦᠷ᠎ᠡ ᠬᠡᠤᠬᠡᠳ ᠤᠨ ᠬᠢᠨᠢ ᠲᠤᠬᠠᠢ ᠶᠢᠨ ᠭᠠᠵᠠᠷ ᠲᠤ ᠵᠠᠯᠭᠠᠪᠡᠷ ᠰᠤᠷᠭᠠᠭᠤᠯᠢ ᠳᠤ ᠰᠠᠭᠤᠭᠰᠠᠨ | ᠵᠢᠯ ᠬᠤᠭᠤᠴᠠᠭ᠎ᠠ ᠵᠡᠷᠭᠡ ᠪᠠᠶᠢᠳᠠᠯ ᠲᠠᠢ ᠤᠶᠠᠯᠳᠤᠭᠤᠯᠤᠨ᠂ ᠳᠠᠭᠠᠵᠦ ᠨᠡᠭᠦᠭᠰᠡᠨ ᠦᠷ᠎ᠡ ᠬᠡᠤᠬᠡᠳ ᠤᠨ ᠦᠨᠳᠥᠷ | ᠵᠡᠷᠭᠡ ᠶᠢᠨ ᠳᠤᠮᠳᠠᠳᠦ ᠰᠤᠷᠭᠠᠭᠤᠯᠢ ᠳᠤ ᠰᠢᠯᠭᠠᠭᠤᠯᠬᠤ ᠪᠠ ᠳᠡᠭᠡᠳᠦ ᠰᠤᠷᠭᠠᠭᠤᠯᠢ ᠳᠤ ᠰᠢᠯᠭᠠᠭᠤᠯᠬᠤ ᠬᠢᠷᠢ ᠬᠡᠮ ᠢ | ᠠᠯᠬᠤᠮ ᠠᠯᠬᠤᠮ ᠢᠶᠠᠷ ᠬᠦᠷᠲᠡᠨ᠎ᠡ᠃ ᠡᠯ᠎ᠡ ᠭᠠᠵᠠᠷ ᠤᠷᠤᠨ ᠨᠤᠭᠤᠳ ᠨᠢ ᠢᠳᠡᠪᠬᠢᠲᠠᠢ ᠪᠠᠷ ᠨᠦᠬᠦᠴᠡᠯ | ᠪᠦᠷᠢᠳᠥᠭᠦᠯᠵᠦ ᠪᠠᠶᠢᠭᠠᠳ᠂ ᠣᠷᠣᠰᠢᠨ ᠰᠠᠭᠤᠬᠤ ᠦᠨᠡᠮᠯᠡᠯ ᠭᠠᠷᠳᠠᠭᠴᠢᠳ ᠲᠤ ᠣᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠬᠦ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ | ᠲᠡᠩᠴᠡᠭᠦᠦ ᠪᠠᠶᠢᠯᠭᠠᠬᠤ ᠵᠠᠷᠴᠢᠮ ᠤᠨ ᠶᠣᠰᠤᠭᠠᠷ᠂ ᠣᠷᠣᠰᠢᠨ ᠰᠠᠭᠤᠬᠤ ᠦᠨᠡᠮᠯᠡᠯ ᠭᠠᠷᠳᠠᠭᠴᠢᠳ ᠴᠡᠷᠢᠭ ᠤᠨ ᠠᠯᠪᠠ | ᠬᠠᠭᠠᠬᠤ ᠪᠠ ᠡᠷᠥᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠬᠤ ᠵᠡᠷᠭᠡ ᠤᠯᠤᠰ ᠪᠣᠯᠣᠨ ᠣᠷᠣᠨ | ᠨᠤᠲᠤᠭ ᠤᠨ ᠲᠣᠭᠲᠠᠭᠠᠭᠰᠠᠨ ᠡᠷᠬᠡᠲᠦ ᠠᠷᠠᠳ ᠤᠨ ᠡᠭᠦᠷᠭᠡ ᠶᠢ ᠭᠦᠢᠴᠡᠳᠭᠡᠬᠦ ᠬᠡᠷᠡᠭᠲᠡᠢ᠃ | ︵ᠭᠤᠷᠪᠠ︶ ᠬᠦᠮᠥᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠥᠨᠡ᠃ | ᠪᠤᠳᠠᠲᠠᠢ ᠣᠷᠣᠰᠢᠨ ᠰᠠᠭᠤᠭ᠎ᠠ ᠬᠦᠮᠥᠨ ᠠᠮᠠ ᠶᠢ ᠲᠡᠮᠳᠡᠭᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠬᠦᠮᠥᠨ ᠠᠮᠠ ᠶᠢ ᠪᠦᠷᠢᠳᠭᠡᠨ ᠪᠠᠶᠢᠴᠠᠭᠠᠬᠤ ᠶᠢ ᠴᠢᠩᠭᠠᠳᠬᠠᠨ ᠰᠠᠶᠢᠵᠢᠷᠠᠭᠤᠯᠵᠦ᠂ ᠬᠦᠮᠥᠨ ᠠᠮᠠ ᠶᠢᠨ ᠬᠡᠪᠴᠢᠶ᠎ᠡ᠂ | ᠬᠦᠮᠥᠰ ᠤᠨ ᠪᠦᠲᠥᠴᠡ᠂ ᠭᠠᠵᠠᠷ ᠣᠷᠣᠨ ᠳᠠᠬᠢ ᠲᠠᠷᠬᠠᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ | ᠡᠵᠡᠮᠰᠢᠨ᠎ᠡ᠃ ᠪᠦᠬᠦ ᠣᠷᠣᠨ ᠤ ᠬᠦᠮᠥᠨ ᠠᠮᠠ ᠶᠢ ᠬᠠᠮᠤᠷᠤᠭᠰᠠᠨ᠂ ᠡᠷᠬᠡᠲᠦ ᠠᠷᠠᠳ ᠤᠨ ᠪᠡᠶ᠎ᠡ ᠶᠢᠨ ᠦᠨᠡᠮᠯᠡᠯ ᠤᠨ | ᠨᠣᠮᠤᠷ ᠢᠶᠠᠷ ᠴᠤᠷ ᠤᠨ ᠭᠠᠭᠴᠠ ᠲᠡᠮᠳᠡᠭ ᠪᠣᠯᠭᠠᠭᠰᠠᠨ᠂ ᠬᠦᠮᠥᠨ ᠠᠮᠠ ᠶᠢᠨ ᠰᠠᠭᠤᠷᠢ ᠮᠡᠳᠡᠭᠡ ᠵᠠᠩᠭᠢ ᠪᠠᠷ ᠰᠠᠭᠤᠷᠢ | ᠪᠣᠯᠭᠠᠭᠰᠠᠨ ᠦᠪᠡᠷᠳᠡᠭᠡᠨ ᠵᠠᠰᠠᠬᠤ ᠣᠷᠣᠨ ᠤ ᠱᠠᠲᠤᠨ ᠤ ᠬᠦᠮᠥᠨ ᠠᠮᠠ ᠶᠢᠨ ᠰᠠᠭᠤᠷᠢ ᠮᠡᠳᠡᠭᠡ ᠵᠠᠩᠭᠢ ᠶᠢᠨ | ᠬᠦᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠳᠡᠯᠮᠥᠷᠢ ᠠᠵᠢᠯ ᠣᠯᠭᠤᠯᠲᠠ᠂ ᠰᠤᠷᠭᠠᠨ ᠬᠦᠮᠥᠵᠢᠯ᠂ | ᠣᠷᠣᠯᠭ᠎ᠠ᠂ ᠨᠡᠶᠢᠭᠡᠮ ᠤᠨ ᠪᠠᠲᠤᠯᠠᠭ᠎ᠠ᠂ ᠭᠡᠷ ᠬᠦᠷᠥᠩᠭᠡ᠂ ᠢᠲᠡᠭᠡᠮᠵᠢ᠂ ᠡᠷᠡᠭᠦᠯ ᠬᠠᠮᠠᠭᠠᠯᠠᠯ ᠲᠦᠯᠥᠪᠯᠡᠭᠡᠲᠦ | ᠦᠷᠡᠵᠢᠯ᠂ ᠭᠠᠶᠢᠯᠢ ᠶᠢᠨ ᠶᠠᠪᠤᠳᠠᠯ᠂ ᠤᠷᠤᠭ᠂ ᠦᠨᠳᠥᠰᠥᠲᠡᠨ ᠵᠡᠷᠭᠡ ᠮᠡᠳᠡᠭᠡ ᠵᠠᠩᠭᠢ ᠶᠢᠨ ᠰᠢᠰᠲ᠋ᠧᠮ ᠢ ᠲᠦᠷᠥᠯ | ᠬᠤᠪᠢᠶᠠᠨ ᠲᠡᠭᠦᠯᠳᠡᠷᠵᠢᠭᠦᠯᠵᠦ᠂ ᠰᠠᠯᠠᠭ᠎ᠠ ᠮᠦᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠮᠡᠳᠡᠭᠡ ᠵᠠᠩᠭᠢ | ᠡᠮᠬᠢᠯᠡᠨ ᠨᠡᠶᠢᠯᠡᠭᠦᠯᠬᠦ ᠪᠠ ᠬᠠᠮᠲᠥᠪᠡᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠥᠨ᠂ ᠬᠦᠮᠥᠨ ᠠᠮᠠ ᠶᠢᠨ | ᠬᠦᠭᠵᠢᠯᠲᠡ ᠶᠢᠨ ᠲᠦᠷᠦ ᠶᠢᠨ ᠪᠣᠳᠤᠯᠭ᠎ᠠ ᠲᠤᠭᠲᠠᠭᠠᠬᠤ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠵᠦ᠂ ᠬᠦᠮᠥᠨ | ᠠᠮᠠ ᠶᠢᠨ ᠦᠢᠯᠡᠴᠢᠯᠡᠭᠡ ᠪᠠ ᠬᠠᠮᠢᠶᠠᠷᠤᠯᠲᠠ ᠳᠤ ᠲᠣᠯᠭᠠᠭᠤᠷᠢ ᠬᠠᠩᠭᠠᠨ᠎ᠠ᠃ | ᠳᠦᠷᠪᠡ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ | ᠰᠠᠭᠤᠭ᠎ᠠ ᠬᠦᠮᠥᠨ ᠠᠮᠠ ᠶᠢᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠨ᠎ᠠ | ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠥᠨ᠂ | ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠤᠤᠯ ᠤᠨ ᠪᠠᠶᠢᠭᠰᠠᠨ ᠬᠠᠤᠯᠢ ᠶᠣᠰᠤᠨ ᠤ | ᠡᠷᠬᠡ ᠠᠰᠢᠭ ᠢ ᠪᠠᠲᠤᠯᠠᠨ᠎ᠠ᠃ | ᠭᠠᠵᠠᠷ ᠰᠢᠷᠣᠢ ︵ᠲᠠᠷᠢᠶᠠᠨ ᠭᠠᠵᠠᠷ᠂ ᠬᠠᠳᠤᠯᠠᠩ ᠪᠡᠯᠴᠢᠭᠡᠷ᠂ ᠣᠢ ᠮᠣᠳᠤᠨ ᠤ ᠭᠠᠵᠠᠷ︶ ᠶᠢᠨ | ᠳᠠᠭᠠᠭᠠᠴᠢᠯᠠᠨ ᠡᠵᠡᠩᠨᠡᠬᠦ ᠡᠷᠬᠡ ᠪᠣᠯᠣᠨ ᠣᠷᠣᠨ ᠰᠠᠭᠤᠴᠠ ᠶᠢᠨ ᠰᠠᠭᠤᠷᠢ ᠭᠠᠵᠠᠷ ᠬᠡᠷᠡᠭᠯᠡᠬᠦ ᠡᠷᠬᠡ ᠪᠣᠯ ᠬᠠᠤᠯᠢ | ᠴᠠᠭᠠᠵᠠ ᠠᠴᠠ ᠮᠠᠯᠵᠢᠬᠤ ᠲᠠᠷᠢᠶᠠᠯᠠᠬᠤ ᠡᠷᠥᠬᠡ ᠳᠤ ᠣᠯᠭᠤᠭᠰᠠᠨ ᠠᠰᠢᠭ ᠣᠯᠬᠤ ᠪᠤᠳᠠᠰ ᠤᠨ ᠡᠷᠬᠡ ᠪᠠᠶᠢᠵᠦ᠂ | ᠬᠠᠮᠲᠦ ᠶᠢᠨ ᠠᠵᠦ ᠠᠬᠤᠢ ᠶᠢᠨ ᠠᠰᠢᠭ ᠣᠯᠵᠠᠪᠥᠷᠢ ᠬᠤᠪᠢᠶᠠᠷᠢᠯᠠᠬᠤ ᠡᠷᠬᠡ ᠪᠣᠯ ᠮᠠᠯᠴᠢᠨ ᠲᠠᠷᠢᠶᠠᠴᠢᠳ ᠬᠠᠮᠲᠦ ᠶᠢᠨ | ᠠᠵᠦ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠥᠭᠦᠨ ᠪᠣᠯᠤᠭᠰᠠᠨ ᠤ ᠡᠳ᠋ᠯᠡᠪᠡᠰᠦ ᠵᠣᠬᠢᠬᠤ ᠬᠠᠤᠯᠢ | ᠶᠣᠰᠤᠨ ᠤ ᠡᠳ᠋ ᠬᠦᠷᠥᠩᠭᠡ ᠶᠢᠨ ᠡᠷᠬᠡ ᠪᠣᠯᠤᠨ᠎ᠠ᠃ ᠤᠯᠤᠰ ᠤᠨ ᠴᠠᠭ ᠬᠤᠭᠤᠴᠠᠭᠠᠨ ᠤ ᠠᠬᠢᠴᠠ ᠶᠢᠨ | ᠱᠠᠭᠠᠷᠳᠠᠯᠭ᠎ᠠ ᠶᠣᠰᠤᠭᠠᠷ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠲᠠᠷᠢᠶᠠᠨ ᠭᠠᠵᠠᠷ᠂ | ᠬᠠᠳᠤᠯᠠᠩ ᠪᠡᠯᠴᠢᠭᠡᠷ᠂ ᠣᠢ ᠮᠣᠳᠤᠨ ᠤ ᠭᠠᠵᠠᠷ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠲᠠᠯᠠᠨ ᠲᠡᠮᠳᠡᠭᠯᠡᠵᠦ | ᠦᠨᠡᠮᠯᠡᠯ ᠣᠯᠭᠤᠬᠤ ᠠᠵᠢᠯ ᠢ ᠪᠡᠶᠡᠯᠡᠭᠦᠯᠥᠨ᠂ ᠮᠠᠯᠴᠢᠨ ᠲᠠᠷᠢᠶᠠᠴᠢᠳ ᠲᠤ ᠳᠠᠭᠠᠭᠠᠴᠢᠯᠠᠭᠰᠠᠨ ᠭᠠᠵᠠᠷ ᠰᠢᠷᠣᠢ ᠪᠠᠨ | ᠡᠵᠡᠯᠡᠬᠦ᠂ ᠬᠡᠷᠡᠭᠯᠡᠬᠦ᠂ ᠠᠰᠢᠭ ᠣᠯᠬᠤ᠂ ᠡᠷᠭᠢᠯᠳᠥᠭᠦᠯᠬᠦ ᠪᠠ ᠡᠵᠡᠩᠨᠡᠬᠦ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ | ᠬᠢᠬᠦ ᠡᠷᠬᠡ ᠴᠢᠳᠠᠯ ᠣᠯᠭᠤᠨ᠎ᠠ᠃2015 ᠣᠨ ᠳᠤ ᠪᠦᠬᠦ ᠣᠷᠣᠨ ᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠰᠠᠭᠤᠷᠢ ᠭᠠᠵᠠᠷ ᠤᠨ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠢ ᠪᠡᠶᠡᠯᠡᠭᠦᠯᠥᠨ᠂ | ᠲᠡᠷᠢᠶᠠᠯᠠᠬᠤ ᠡᠷᠥᠬᠡ ᠶᠢᠨ ᠣᠷᠣᠨ ᠰᠠᠭᠤᠴᠠ ᠶᠢᠨ ᠰᠠᠭᠤᠷᠢ ᠭᠠᠵᠠᠷ ᠠᠴᠠ ᠪᠠᠨ ᠠᠰᠢᠭ ᠣᠯᠬᠤ ᠪᠤᠳᠠᠰ ᠤᠨ | ᠡᠷᠬᠡ ᠶᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠦ ᠶᠢᠨ ᠠᠵᠦ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠬᠠᠮᠲᠦ ᠶᠢᠨ | ᠠᠵᠦ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠥᠭᠦᠨ ᠤ ᠬᠢᠷᠢ ᠬᠡᠮ ᠢ ᠲᠣᠳᠤᠷᠬᠠᠶᠢᠯᠠᠨ᠂ ᠬᠠᠮᠲᠦ ᠶᠢᠨ | ᠡᠳ᠋ ᠬᠦᠷᠥᠩᠭᠡ᠂ ᠡᠬᠢ ᠪᠠᠶᠠᠯᠢᠭ᠂ ᠪᠡᠯᠡ ᠮᠦᠩᠭᠦ ᠶᠢ ᠦᠨᠡᠯᠡᠨ ᠵᠢᠱᠢᠵᠦ ᠬᠤᠪᠢ ᠨᠤᠭᠤᠯᠤᠨ ᠪᠣᠳᠣᠵᠦ᠂ | ᠬᠡᠮᠵᠢᠶᠡᠵᠢᠭᠦᠯᠥᠭᠡᠳ ᠬᠦᠮᠥᠨ ᠳᠤᠨᠢ ᠬᠦᠷᠥᠭᠦᠯᠵᠦ᠂ ᠮᠠᠯᠴᠢᠨ ᠲᠠᠷᠢᠶᠠᠴᠢᠳ ᠲᠤ ᠬᠠᠮᠲᠦ ᠶᠢᠨ ᠡᠳ᠋ ᠬᠦᠷᠥᠩᠭᠡ ᠳᠠᠬᠢ | ᠬᠤᠪᠢ ᠣᠷᠣᠭᠤᠯᠤᠯᠲᠠ ᠪᠠᠨ ᠡᠵᠡᠮᠰᠢᠬᠦ᠂ ᠠᠰᠢᠭ ᠣᠯᠬᠤ᠂ ᠲᠦᠯᠥᠪᠥᠷᠢ ᠲᠠᠢ ᠪᠠᠷ ᠪᠤᠴᠠᠵᠦ ᠭᠠᠷᠬᠤ ᠪᠠ | ᠵᠠᠯᠭᠠᠮᠵᠢᠯᠠᠬᠤ ᠡᠷᠬᠡ ᠣᠯᠭᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠦᠮᠴᠢᠯᠡᠬᠦ ᠡᠷᠬᠡ ᠶᠢᠨ ᠠᠷᠠᠯᠵᠢᠶᠠᠯᠠᠬᠤ | ᠭᠠᠵᠠᠷ ︵ᠲᠦᠪ︶ ᠪᠠᠶᠢᠭᠤᠯᠬᠤ ᠠᠵᠢᠯ ᠢ ᠦᠷᠨᠢᠭᠦᠯᠥᠨ᠂ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠬᠦ ᠡᠷᠬᠡ ᠶᠢᠨ | ᠡᠷᠭᠢᠯᠳᠥᠭᠦᠯᠥᠨ ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠬᠦ | ᠡᠷᠬᠡ ᠪᠠᠨ ᠡᠷᠭᠢᠯᠳᠥᠭᠦᠯᠥᠨ ᠠᠷᠠᠯᠵᠢᠶᠠᠯᠠᠬᠤ ᠶᠢᠨ ᠢᠯᠡ᠂ ᠭᠤᠣᠯᠴᠢ᠂ ᠵᠢᠷᠤᠮᠵᠢᠭᠰᠠᠨ ᠠᠵᠢᠯᠯᠠᠭᠠᠨ ᠲᠠᠢ ᠪᠠᠶᠢᠬᠤ ᠶᠢ | ᠲᠦᠯᠬᠢᠨ ᠠᠬᠢᠭᠤᠯᠤᠨ᠎ᠠ᠃ ᠬᠠᠤᠯᠢ ᠶᠣᠰᠤᠭᠠᠷ᠂ ᠰᠠᠶᠢᠨ ᠳᠤᠷ᠎ᠠ ᠠᠴᠠ ᠪᠠᠨ᠂ ᠲᠦᠯᠥᠪᠥᠷᠢ ᠲᠠᠢ ᠪᠠᠶᠢᠯᠭᠠᠬᠤ | ᠵᠠᠷᠴᠢᠮ ᠢ ᠪᠠᠷᠢᠮᠲᠠᠯᠠᠨ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠭᠠᠵᠠᠷ ᠰᠢᠷᠣᠢ ︵ | ᠲᠠᠷᠢᠶᠠᠨ ᠭᠠᠵᠠᠷ᠂ ᠬᠠᠳᠤᠯᠠᠩ ᠪᠡᠯᠴᠢᠭᠡᠷ᠂ ᠣᠢ ᠮᠣᠳᠤᠨ ᠤ ᠭᠠᠵᠠᠷ︶ ᠶᠢᠨ ᠳᠠᠭᠠᠭᠠᠴᠢᠯᠠᠨ ᠡᠵᠡᠩᠨᠡᠬᠦ ᠡᠷᠬᠡ ᠪᠠᠨ | ᠡᠮᠬᠢ ᠵᠢᠷᠤᠮ ᠲᠠᠢ ᠪᠠᠷ ᠡᠷᠭᠢᠯᠳᠥᠭᠦᠯᠥᠨ ᠰᠢᠯᠵᠢᠭᠦᠯᠬᠦ ᠶᠢ ᠵᠣᠷᠢᠬᠵᠢᠭᠤᠯᠤᠨ᠎ᠠ᠃ ᠬᠤᠲᠠ ᠣᠷᠣᠵᠦ ᠡᠷᠥᠬᠡ ᠠᠮᠠ | ᠣᠷᠣᠭᠰᠠᠨ ᠮᠠᠯᠴᠢᠨ ᠲᠠᠷᠢᠶᠠᠴᠢᠳ ᠲᠤ ︽ᠭᠤᠷᠪᠠᠨ ᠡᠷᠬᠡ︾ ᠠᠴᠠ ᠲᠦᠯᠥᠪᠥᠷᠢ ᠲᠠᠢ ᠪᠠᠷ ᠪᠤᠴᠠᠵᠦ ᠭᠠᠷᠬᠤ | ᠪᠠᠶᠢᠬᠤ ᠡᠰᠡᠬᠦ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠦᠨᠳᠥᠰᠥᠯᠡᠨ᠂ ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠥᠳᠭᠡᠭᠰᠡᠨ ᠤᠷᠢᠳᠠᠯ ᠤᠨ | ᠳᠣᠣᠷ᠎ᠠ ᠲᠤᠷᠰᠢᠯᠲᠠ ᠶᠢᠨ ᠠᠵᠢᠯ ᠦᠷᠨᠢᠭᠦᠯᠬᠦ ᠬᠡᠷᠡᠭᠲᠡᠢ᠃ ᠣᠳᠣᠬᠢ ᠱᠠᠲᠦ ᠦᠶ᠎ᠡ ᠳᠤ᠂ ᠭᠠᠵᠠᠷ ᠰᠢᠷᠣᠢ ︵ | ᠲᠠᠷᠢᠶᠠᠨ ᠭᠠᠵᠠᠷ᠂ ᠬᠠᠳᠤᠯᠠᠩ ᠪᠡᠯᠴᠢᠭᠡᠷ᠂ ᠣᠢ ᠮᠣᠳᠤᠨ ᠤ ᠭᠠᠵᠠᠷ︶ ᠶᠢᠨ ᠳᠠᠭᠠᠭᠠᠴᠢᠯᠠᠨ ᠡᠵᠡᠩᠨᠡᠬᠦ ᠡᠷᠬᠡ᠂ | ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ᠂ ᠬᠠᠮᠲᠦ ᠶᠢᠨ ᠠᠵᠦ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠠᠰᠢᠭ ᠣᠯᠵᠠᠪᠥᠷᠢ ᠬᠤᠪᠢᠶᠠᠷᠢᠯᠠᠬᠤ ᠡᠷᠬᠡ ᠠᠴᠠ ᠪᠠᠨ ᠪᠤᠴᠠᠵᠦ ᠭᠠᠷᠤᠭᠰᠠᠨ ᠢᠶᠠᠷ ᠨᠢ ᠮᠠᠯᠴᠢᠨ | ᠲᠠᠷᠢᠶᠠᠴᠢᠳ ᠢ ᠬᠤᠲᠠ ᠣᠷᠣᠭᠤᠯᠵᠦ ᠡᠷᠥᠬᠡ ᠠᠮᠠ ᠣᠷᠣᠭᠤᠯᠬᠤ ᠨᠦᠬᠦᠴᠡᠯ ᠪᠣᠯᠭᠠᠵᠦ ᠪᠣᠯᠬᠤ ᠦᠭᠡᠢ᠃ ᠠᠮᠢ | ᠠᠬᠤᠢ ᠠᠴᠠ ᠪᠣᠯᠵᠦ ᠠᠷᠠᠳ ᠢ ᠨᠡᠭᠦᠯᠭᠡᠬᠦ᠂ ᠶᠠᠳᠠᠭᠤ ᠶᠢ ᠲᠡᠳᠭᠦᠵᠦ ᠠᠷᠠᠳ ᠢ ᠨᠡᠭᠦᠯᠭᠡᠬᠦ᠂ ᠭᠠᠵᠠᠷ ᠰᠢᠷᠣᠢ ᠶᠢ | ᠲᠦᠪᠯᠡᠷᠡᠩᠭᠦᠢ ᠡᠮᠬᠢᠯᠡᠨ ᠵᠠᠰᠠᠬᠤ᠂ ᠭᠠᠵᠠᠷ ᠰᠢᠷᠣᠢ ᠶᠢ ᠲᠦᠪᠯᠡᠷᠡᠩᠭᠦᠢ ᠡᠷᠭᠢᠯᠳᠥᠭᠦᠯᠥᠨ ᠰᠢᠯᠵᠢᠭᠦᠯᠬᠦ ᠵᠡᠷᠭᠡ | ᠨᠡᠷ᠎ᠡ ᠪᠠᠷ ᠮᠠᠯᠴᠢᠨ ᠲᠠᠷᠢᠶᠠᠴᠢᠳ ᠢ ᠠᠯᠪᠠᠳᠠᠵᠦ ᠪᠠᠶᠢᠭᠠᠳ ᠬᠤᠲᠠ ᠪᠠᠯᠭᠠᠰᠦ ᠳᠤ ᠡᠷᠥᠬᠡ ᠠᠮᠠ ᠣᠷᠣᠭᠤᠯᠵᠦ ᠪᠣᠯᠬᠤ | ᠦᠭᠡᠢ᠃ ᠬᠤᠲᠠ ᠪᠠᠯᠭᠠᠰᠦ ᠳᠤ ᠡᠷᠥᠬᠡ ᠠᠮᠠ ᠣᠷᠣᠭᠰᠠᠨ ᠮᠠᠯᠴᠢᠨ ᠲᠠᠷᠢᠶᠠᠴᠢᠳ ᠤᠨ ᠬᠠᠮᠲᠦ ᠶᠢᠨ ᠠᠵᠦ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠥᠭᠦᠨ ᠤ ᠵᠣᠬᠢᠴᠠᠩᠭᠤᠢ ᠡᠷᠬᠡ ᠶᠢ ᠦᠨᠡᠨᠬᠦ ᠪᠠᠲᠤᠯᠠᠬᠤ | ᠬᠡᠷᠡᠭᠲᠡᠢ᠃ | ︵ᠬᠤᠶᠠᠷ︶ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠬᠤᠲᠠ ᠪᠠᠯᠭᠠᠰᠦ ᠶᠢᠨ | ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ | 1. ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ ᠰᠠᠭᠤᠭ᠎ᠠ | ᠬᠦᠮᠥᠨ ᠠᠮᠠ ᠶᠢᠨ ᠳᠠᠭᠠᠵᠦ ᠨᠡᠭᠦᠭᠰᠡᠨ ᠦᠷ᠎ᠡ ᠬᠡᠤᠬᠡᠳ ᠤᠨ ᠰᠤᠷᠭᠠᠨ ᠬᠦᠮᠥᠵᠢᠯ ᠬᠦᠷᠲᠡᠬᠦ ᠡᠷᠬᠡ ᠶᠢ ᠪᠠᠲᠤᠯᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠳᠠᠭᠠᠵᠦ ᠨᠡᠭᠦᠭᠰᠡᠨ ᠦᠷ᠎ᠡ ᠬᠡᠤᠬᠡᠳ ᠤᠨ ᠰᠤᠷᠭᠠᠨ | ᠬᠦᠮᠥᠵᠢᠯ ᠢ ᠰᠤᠷᠭᠠᠨ ᠬᠦᠮᠥᠵᠢᠯ ᠤᠨ ᠬᠦᠭᠵᠢᠭᠦᠯᠥᠯᠲᠡ ᠶᠢᠨ ᠲᠦᠯᠥᠪᠵᠢᠭᠦᠯᠭᠡ ᠪᠠ ᠡᠳ᠋ ᠤᠨ ᠵᠠᠰᠠᠭ ᠤᠨ | ᠪᠠᠲᠤᠯᠠᠭ᠎ᠠ ᠶᠢᠨ ᠬᠡᠪᠴᠢᠶᠡᠨ ᠳᠡᠭᠡᠨ ᠣᠷᠣᠭᠤᠯᠵᠦ᠂ ᠳᠠᠭᠠᠵᠦ ᠨᠡᠭᠦᠭᠰᠡᠨ ᠦᠷ᠎ᠡ ᠬᠡᠤᠬᠡᠳ ᠤᠨ ᠰᠤᠷᠬᠤ ᠨᠠᠰᠤᠨ ᠠᠴᠠ | ᠡᠮᠥᠨᠡᠬᠢ ᠰᠤᠷᠭᠠᠨ ᠬᠦᠮᠥᠵᠢᠯ᠂ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠰᠤᠷᠭᠠᠨ | ᠬᠦᠮᠥᠵᠢᠯ ᠤᠨ ᠡᠳ᠋ ᠤᠨ ᠵᠠᠰᠠᠭ ᠠᠴᠠ ᠪᠠᠲᠤᠯᠠᠬᠤ ᠬᠢᠷᠢ ᠬᠡᠮᠵᠢᠶ᠎ᠡ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ | ᠬᠡᠷᠡᠭᠲᠡᠢ᠃ ᠬᠤᠲᠠ ᠪᠠᠯᠭᠠᠰᠦ ᠶᠢᠨ ᠬᠡᠤᠬᠡᠳ ᠤᠨ ᠴᠡᠴᠡᠷᠯᠢᠭ᠂ ᠡᠩ ᠤᠨ ᠳᠤᠮᠳᠠᠳᠦ ᠪᠠᠭ᠎ᠠ ᠰᠤᠷᠭᠠᠭᠤᠯᠢ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠥᠰᠥᠨ ᠪᠦᠲᠥᠭᠡᠨ ᠪᠠᠶᠢᠭᠤᠯᠤᠯᠲᠠ ᠶᠢ ᠴᠢᠩᠭᠠᠳᠬᠠᠨ᠂ | ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠰᠠᠨ ᠰᠤᠷᠭᠠᠭᠤᠯᠢ ᠶᠢᠨ | ᠪᠠᠶᠢᠷᠢᠰᠢᠯ ᠢ ᠪᠣᠢ ᠪᠣᠯᠭᠠᠬᠤ ᠬᠡᠷᠡᠭᠲᠡᠢ᠃ ᠳᠠᠭᠠᠵᠦ ᠨᠡᠭᠦᠭᠰᠡᠨ ᠦᠷ᠎ᠡ ᠬᠡᠤᠬᠡᠳ ᠤᠨ ᠣᠷᠣᠵᠦ ᠣᠴᠢᠭᠰᠠᠨ | ᠭᠠᠵᠠᠷ ᠲᠠᠭᠠᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠱᠠᠲᠦ ᠦᠶ᠎ᠡ ᠶᠢᠨ ᠰᠤᠷᠤᠯᠭ᠎ᠠ ᠶᠢᠨ ᠰᠦᠢᠳᠭᠡᠯ | ᠦᠯᠦ ᠬᠤᠷᠢᠶᠠᠬᠤ ᠪᠠ ᠨᠡᠶᠢᠳᠡᠮ ᠠᠰᠢᠭ ᠣᠯᠭᠤᠬᠤ ᠴᠢᠨᠠᠷᠲᠠᠢ ᠰᠤᠷᠬᠤ ᠨᠠᠰᠤᠨ ᠠᠴᠠ ᠡᠮᠥᠨᠡᠬᠢ ᠰᠤᠷᠭᠠᠨ | ᠬᠦᠮᠥᠵᠢᠯ ᠤᠨ ᠲᠦᠷᠦ ᠶᠢᠨ ᠪᠣᠳᠤᠯᠭ᠎ᠠ᠂ ᠵᠢᠴᠢ ᠠᠯᠪᠠᠨ ᠵᠢᠷᠤᠮ ᠤᠨ ᠰᠤᠷᠭᠠᠨ ᠬᠦᠮᠥᠵᠢᠯ ᠬᠦᠷᠲᠡᠭᠰᠡᠨ ᠤ ᠳᠠᠷᠠᠭ᠎ᠠ | ᠰᠤᠷᠭᠠᠭᠤᠯᠢ ᠳᠡᠪᠰᠢᠬᠦ ᠰᠢᠯᠭᠠᠯᠲᠠ ᠳᠤ ᠣᠷᠣᠯᠴᠠᠬᠤ ᠶᠢᠨ ᠬᠡᠷᠡᠭᠵᠢᠭᠦᠯᠬᠦ ᠠᠷᠭ᠎ᠠ ᠶᠢ ᠲᠡᠭᠦᠯᠳᠡᠷᠵᠢᠭᠦᠯᠥᠨ | ᠨᠠᠶᠢᠳᠠᠪᠥᠷᠢᠵᠢᠭᠤᠯᠬᠤ ᠬᠡᠷᠡᠭᠲᠡᠢ᠃ | 2. ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ ᠰᠠᠭᠤᠭ᠎ᠠ | ᠬᠦᠮᠥᠨ ᠠᠮᠠ ᠶᠢᠨ ᠠᠵᠢᠯ ᠣᠯᠵᠦ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠬᠤᠲᠠ ᠪᠠᠯᠭᠠᠰᠦ ᠶᠢᠨ ᠡᠯ᠎ᠡ | ᠲᠦᠷᠥᠯ ᠤᠨ ᠠᠵᠢᠯ ᠣᠯᠭᠤᠬᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠢ ᠲᠣᠬᠢᠷᠠᠭᠤᠯᠤᠨ᠂ ᠪᠦᠬᠦ ᠣᠷᠣᠨ ᠤ ᠠᠵᠢᠯ | ᠣᠯᠭᠤᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠨᠢᠭᠡᠲᠥᠯᠲᠡᠢ ᠲᠠᠪᠴᠠᠩ ᠢ ᠪᠠᠶᠢᠭᠤᠯᠵᠦ᠂ ᠠᠵᠢᠯ ᠣᠯᠣᠭᠰᠠᠨ ᠪᠠ | ᠠᠵᠢᠯ ᠠᠯᠳᠠᠭᠰᠠᠨ ᠢ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠥᠨ᠂ ᠬᠤᠲᠠ ᠬᠦᠳᠡᠭᠡ ᠶᠢ | ᠬᠠᠮᠤᠷᠤᠭᠰᠠᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠤᠢ ᠪᠣᠯᠭᠠᠨ᠂ | ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠬᠤᠲᠠ ᠪᠠᠯᠭᠠᠰᠦ ᠳᠤ ᠲᠣᠭᠲᠠᠪᠥᠷᠢᠲᠠᠢ ᠠᠵᠢᠯ | ᠣᠯᠬᠤ ᠶᠢ ᠰᠢᠢᠳᠪᠥᠷᠢᠯᠡᠬᠦ ᠶᠢ ᠴᠢᠷᠮᠠᠶᠢᠨ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠠᠴᠠ | ᠰᠢᠯᠵᠢᠭᠰᠡᠨ ᠬᠦᠮᠥᠨ ᠠᠮᠠ ᠶᠢᠨ ᠡᠷᠬᠢᠯᠡᠵᠦ ᠬᠢᠬᠦ ᠠᠵᠢᠯ ᠤᠨ ᠤᠷ᠎ᠠ ᠴᠢᠳᠠᠪᠥᠷᠢ ᠶᠢ ᠳᠡᠭᠡᠭᠰᠢᠯᠡᠭᠦᠯᠬᠦ ᠲᠦᠯᠥᠪᠯᠡᠭᠡ ᠶᠢ | ᠬᠡᠷᠡᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠳᠤ ᠬᠠᠨᠳᠤᠭᠤᠯᠤᠨ ᠡᠷᠬᠢᠯᠡᠵᠦ | ᠬᠢᠬᠦ ᠠᠵᠢᠯ ᠤᠨ ᠤᠷ᠎ᠠ ᠴᠢᠳᠠᠪᠥᠷᠢ ᠶᠢᠨ ᠵᠠᠰᠠᠭ ᠤᠨ ᠣᠷᠳᠤᠨ ᠤ ᠨᠦᠬᠦᠪᠥᠷᠢ ᠲᠠᠢ ᠪᠣᠯᠪᠠᠰᠤᠷᠠᠭᠤᠯᠤᠯ ᠤᠨ | ᠦᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠨ᠎ᠠ᠃ ᠠᠳᠠᠯ ᠦᠢᠯᠡᠰ ᠴᠣᠭᠴᠠᠯᠠᠬᠤ ᠳᠤ ᠲᠡᠳᠭᠦᠮᠵᠢ ᠦᠵᠡᠭᠦᠯᠬᠦ | ᠡᠷᠴᠢᠮ ᠢ ᠴᠢᠩᠭᠠᠷᠠᠭᠤᠯᠤᠨ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠳᠤ ᠴᠢᠭᠯᠡᠭᠦᠯᠥᠭᠰᠡᠨ | ᠠᠳᠠᠯ ᠦᠢᠯᠡᠰ ᠴᠣᠭᠴᠠᠯᠠᠬᠤ ᠳᠠᠬᠢ ᠬᠠᠷᠠᠭᠠᠯᠵᠠᠯ ᠲᠠᠢ ᠲᠦᠷᠦ ᠶᠢᠨ ᠪᠣᠳᠤᠯᠭ᠎ᠠ ᠲᠣᠭᠲᠠᠭᠠᠵᠦ᠂ ᠠᠳᠠᠯ ᠦᠢᠯᠡᠰ | ᠴᠣᠭᠴᠠᠯᠠᠬᠤ ᠬᠦᠰᠡᠯ ᠰᠠᠨᠠᠭ᠎ᠠ ᠲᠠᠢ ᠪᠦᠭᠡᠳ ᠠᠳᠠᠯ ᠦᠢᠯᠡᠰ ᠴᠣᠭᠴᠠᠯᠠᠬᠤ ᠵᠣᠬᠢᠬᠤ ᠨᠦᠬᠦᠴᠡᠯ ᠢ | ᠪᠦᠷᠢᠳᠥᠭᠦᠯᠥᠭᠰᠡᠨ ᠬᠦᠮᠥᠰ ᠲᠤ᠂ ᠠᠳᠠᠯ ᠦᠢᠯᠡᠰ ᠴᠣᠭᠴᠠᠯᠠᠬᠤ ᠶᠢ ᠨᠢ ᠨᠡᠪᠴᠢᠭᠦᠯᠬᠦ᠂ ᠮᠡᠳᠡᠭᠡ ᠵᠠᠩᠭᠢ ᠶᠢᠨ | ᠯᠠᠪᠯᠠᠯᠭ᠎ᠠ ᠦᠭᠬᠦ᠂ ᠮᠡᠷᠭᠡᠵᠢᠯ ᠤᠨ ᠲᠤᠯᠭᠠᠭᠤᠷᠢ ᠬᠠᠩᠭᠠᠬᠤ᠂ ᠮᠦᠷᠳᠡᠵᠦ ᠦᠢᠯᠡᠴᠢᠯᠡᠬᠦ᠂ ᠳᠠᠭᠠᠭᠠᠯᠲᠠᠲᠦ ᠪᠠᠭ᠎ᠠ | ᠲᠣᠭᠠᠨ ᠤ ᠵᠢᠭᠡᠯᠡᠯᠭᠡ ᠦᠭᠬᠦ᠂ ᠡᠳ᠋ ᠤᠨ ᠵᠠᠰᠠᠭ ᠠᠴᠠ ᠳᠠᠮ ᠬᠦᠦ ᠦᠭᠬᠦ ᠵᠡᠷᠭᠡ ᠲᠠᠯ᠎ᠠ ᠪᠠᠷ ᠲᠦᠭᠦᠷ ᠳᠡᠮᠵᠢᠯᠭᠡ | ᠦᠵᠡᠭᠦᠯᠥᠨᠡ᠃ | 3. ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ ᠰᠠᠭᠤᠭ᠎ᠠ | ᠬᠦᠮᠥᠨ ᠠᠮᠠ ᠳᠤ ᠦᠨᠳᠥᠰᠥᠨ ᠡᠮᠴᠢᠯᠡᠭᠡ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠦᠢᠯᠡᠴᠢᠯᠡᠭᠡ | ᠬᠠᠩᠭᠠᠨ᠎ᠠ᠃ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ | ᠰᠠᠭᠤᠭ᠎ᠠ ᠬᠦᠮᠥᠨ ᠠᠮᠠ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠪᠠ ᠲᠦᠯᠥᠪᠯᠡᠭᠡᠲᠦ ᠦᠷᠡᠵᠢᠯ ᠤᠨ | ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠵᠦᠢ | ᠵᠣᠬᠢᠰᠲᠠᠢ ᠪᠠᠶᠢᠷᠢᠰᠢᠭᠤᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ | ᠪᠠᠶᠢᠭᠤᠯᠤᠮᠵᠢ ᠶᠢᠨ ᠰᠠᠭᠤᠷᠢ ᠪᠡᠯᠡᠳᠭᠡᠮᠵᠢ ᠶᠢᠨ ᠪᠦᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ | ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠦᠮᠥᠨ | ᠠᠮᠠ ᠶᠢ ᠪᠠᠭᠲᠠᠭᠠᠭᠰᠠᠨ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠦᠨᠳᠥᠰᠥᠨ ᠡᠮᠴᠢᠯᠡᠭᠡ᠂ ᠦᠨᠳᠥᠰᠥᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠣᠨ ᠲᠦᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠡᠷᠡᠭᠴᠡᠭᠡ ᠶᠢ | ᠬᠠᠩᠭᠠᠨ᠎ᠠ᠃ | 4. ᠬᠤᠲᠠ ᠬᠦᠳᠡᠭᠡ ᠶᠢ ᠨᠢᠭᠡᠲᠥᠯᠲᠡᠢ ᠲᠦᠯᠥᠪᠯᠡᠭᠰᠡᠨ᠂ ᠭᠤᠣᠯᠴᠢ ᠪᠠᠷ ᠨᠡᠶᠢᠳᠡᠮ ᠠᠰᠢᠭ ᠬᠦᠷᠲᠡᠭᠡᠬᠦ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠲᠠᠷᠢᠶᠠᠯᠠᠩ ᠮᠠᠯ ᠠᠵᠦ | ᠠᠬᠤᠢ ᠠᠴᠠ ᠰᠢᠯᠵᠢᠭᠰᠡᠨ ᠬᠦᠮᠥᠨ ᠠᠮᠠ ᠶᠢ ᠬᠤᠲᠠ ᠪᠠᠯᠭᠠᠰᠦ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠳᠤ | ᠪᠦᠷᠢᠮᠥᠰᠥᠨ ᠣᠷᠣᠭᠤᠯᠵᠦ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ ᠣᠷᠣᠯᠴᠠᠭᠰᠠᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠪᠣᠯᠣᠨ ᠡᠮᠴᠢᠯᠡᠭᠡ ᠶᠢᠨ ᠳᠠᠭᠠᠳᠬᠠᠯ ᠢ ᠨᠢ ᠬᠤᠲᠠ ᠪᠠᠯᠭᠠᠰᠦ ᠶᠢᠨ ᠪᠠᠲᠤᠯᠠᠭ᠎ᠠ ᠶᠢᠨ | ᠰᠢᠰᠲ᠋ᠧᠮᠵᠢ ᠳᠤ ᠵᠢᠷᠤᠮᠵᠢᠯ ᠲᠠᠢ ᠪᠠᠷ ᠵᠠᠯᠭᠠᠨ ᠣᠷᠣᠭᠤᠯᠤᠨ᠎ᠠ᠃ ᠡᠮᠴᠢᠯᠡᠭᠡ ᠶᠢᠨ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠥᠨ ᠦᠷᠭᠦᠯᠵᠢᠯᠡᠭᠦᠯᠬᠦ ᠠᠷᠭ᠎ᠠ ᠪᠣᠯᠣᠨ ᠣᠨᠳᠣᠤ ᠭᠠᠵᠠᠷ ᠡᠮᠨᠡᠭᠦᠯᠥᠭᠰᠡᠨ ᠤ ᠳ᠋ᠦᠩᠨᠡᠨ ᠪᠣᠳᠤᠬᠤ ᠠᠷᠭ᠎ᠠ ᠶᠢ | ᠲᠡᠭᠦᠯᠳᠡᠷᠵᠢᠭᠦᠯᠬᠦ ᠶᠢᠨ ᠬᠠᠮᠲᠦ ᠨᠠᠶᠢᠳᠠᠪᠥᠷᠢᠵᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠴᠢᠯᠡᠭᠡ ᠪᠣᠯᠣᠨ ᠬᠤᠲᠠ ᠶᠢᠨ ᠰᠠᠭᠤᠭᠠᠯᠢ ᠠᠷᠠᠳ ᠤᠨ ᠦᠨᠳᠥᠰᠥᠨ ᠡᠮᠴᠢᠯᠡᠭᠡ ᠶᠢᠨ ᠳᠠᠭᠠᠳᠬᠠᠯ ᠢ | ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ᠂ ᠦᠨᠳᠥᠰᠥᠨ ᠡᠮᠴᠢᠯᠡᠭᠡ ᠶᠢᠨ ᠳᠠᠭᠠᠳᠬᠠᠯ ᠤᠨ ᠨᠢᠭᠡᠲᠥᠯᠲᠡᠢ | ᠲᠦᠯᠥᠪᠯᠡᠬᠦ ᠲᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠥᠨ᠂ ᠪᠦᠬᠦ ᠣᠷᠣᠨ ᠳᠤ ᠨᠢᠭᠡᠲᠥᠯᠲᠡᠢ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠥᠰᠥᠨ ᠡᠮᠴᠢᠯᠡᠭᠡ ᠶᠢᠨ ᠳᠠᠭᠠᠳᠬᠠᠯ ᠤᠨ ᠳᠦᠷᠢᠮ ᠪᠣᠯᠣᠨ | ᠡᠮᠴᠢᠯᠡᠭᠡ ᠶᠢᠨ ᠲᠡᠩᠬᠡᠷᠡᠭᠦᠯᠥᠨ ᠲᠤᠰᠠᠯᠠᠬᠤ ᠳᠦᠷᠢᠮ ᠢ ᠪᠠᠶᠢᠭᠤᠯᠤᠨ ᠬᠡᠷᠡᠭᠵᠢᠭᠦᠯᠥᠨ᠎ᠡ᠃ ᠪᠦᠬᠦ ᠣᠷᠣᠨ ᠳᠤ | ᠨᠢᠭᠡᠲᠥᠯᠲᠡᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠥᠰᠥᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠥᠨ᠂ ᠬᠤᠲᠠ ᠪᠠᠯᠭᠠᠰᠦ ᠶᠢᠨ ᠠᠵᠢᠯᠲᠠᠨ | ᠠᠵᠢᠯᠴᠢᠨ ᠤ ᠦᠨᠳᠥᠰᠥᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠥᠨ | ᠦᠷᠭᠦᠯᠵᠢᠯᠡᠭᠦᠯᠬᠦ ᠲᠦᠷᠦ ᠶᠢᠨ ᠪᠣᠳᠤᠯᠭ᠎ᠠ ᠶᠢ ᠨᠠᠶᠢᠳᠠᠪᠥᠷᠢᠵᠢᠭᠤᠯᠤᠨ᠂ ᠬᠤᠲᠠ ᠬᠦᠳᠡᠭᠡ ᠶᠢᠨ ᠨᠠᠰᠤᠵᠢᠯ ᠤᠨ | ᠠᠰᠠᠷᠠᠮᠵᠢ ᠶᠢᠨ ᠳᠦᠷᠢᠮ ᠤᠨ ᠵᠤᠯᠭᠠᠭᠤᠯᠤᠯᠲᠠ ᠶᠢ ᠰᠠᠶᠢᠲᠤᠷ ᠬᠢᠨ᠎ᠡ᠃ ᠬᠤᠲᠠ ᠣᠷᠣᠭᠰᠠᠨ ᠮᠠᠯᠴᠢᠨ | ᠲᠠᠷᠢᠶᠠᠴᠢᠳ ᠤᠨ ᠬᠤᠲᠠ ᠪᠠᠯᠭᠠᠰᠦ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠢᠳᠡᠪᠬᠢᠲᠠᠢ ᠣᠷᠣᠯᠴᠠᠬᠤ ᠪᠠ ᠵᠠᠯᠭᠠᠪᠡᠷ ᠳᠠᠭᠠᠳᠬᠠᠯ ᠳᠤ ᠣᠷᠣᠯᠴᠠᠬᠤ ᠶᠢ ᠵᠣᠷᠢᠬᠵᠢᠭᠤᠯᠤᠨ᠂ | ᠬᠤᠲᠠ ᠬᠦᠳᠡᠭᠡ ᠶᠢ ᠬᠠᠮᠤᠷᠤᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠦ᠂ ᠦᠨᠳᠥᠰᠥᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ | ᠠᠬᠢᠭᠤᠯᠤᠨ᠎ᠠ᠃ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ᠂ ᠬᠤᠲᠠ | ᠬᠦᠳᠡᠭᠡ ᠶᠢ ᠨᠢᠭᠡᠲᠥᠯᠲᠡᠢ ᠲᠦᠯᠥᠪᠯᠡᠭᠰᠡᠨ ᠨᠡᠶᠢᠭᠡᠮ ᠤᠨ ᠲᠡᠩᠬᠡᠷᠡᠭᠦᠯᠥᠨ ᠲᠤᠰᠠᠯᠠᠬᠤ ᠰᠢᠰᠲ᠋ᠧᠮᠵᠢ ᠶᠢ | ᠲᠡᠭᠦᠯᠳᠡᠷᠵᠢᠭᠦᠯᠥᠨ᠂ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠤᠲᠠ ᠬᠦᠳᠡᠭᠡ ᠶᠢᠨ | ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠦ᠂ ᠬᠤᠲᠠ ᠶᠢᠨ ᠠᠮᠢᠳᠤᠷᠠᠯ ᠤᠨ ᠨᠠᠭᠠᠲᠦ ᠵᠠᠬ᠎ᠠ ᠶᠢᠨ | ᠪᠠᠲᠤᠯᠠᠭ᠎ᠠ ᠶᠢᠨ ᠨᠦᠬᠦᠴᠡᠯ ᠳᠤ ᠨᠡᠶᠢᠴᠡᠬᠦ ᠬᠤᠲᠠ ᠣᠷᠣᠵᠦ ᠡᠷᠥᠬᠡ ᠠᠮᠠ ᠣᠷᠣᠭᠤᠯᠤᠭᠰᠠᠨ ᠲᠠᠷᠢᠶᠠᠯᠠᠩ ᠮᠠᠯ ᠠᠵᠦ | ᠠᠬᠤᠢ ᠠᠴᠠ ᠰᠢᠯᠵᠢᠭᠰᠡᠨ ᠬᠦᠮᠥᠨ ᠠᠮᠠ ᠶᠢ ᠬᠤᠲᠠ ᠶᠢᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠤᠨ᠎ᠠ᠃ | 5. ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠦᠨᠳᠥᠰᠥᠨ ᠣᠷᠣᠨ | ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ᠃ ᠬᠤᠲᠠ ᠣᠷᠣᠵᠦ ᠡᠷᠥᠬᠡ ᠠᠮᠠ ᠣᠷᠣᠭᠤᠯᠤᠭᠰᠠᠨ ᠮᠠᠯᠴᠢᠨ | ᠲᠠᠷᠢᠶᠠᠴᠢᠳ ᠢ ᠬᠤᠲᠠ ᠪᠠᠯᠭᠠᠰᠦ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠳᠤ ᠪᠦᠷᠢᠮᠥᠰᠥᠨ | ᠣᠷᠣᠭᠤᠯᠵᠦ᠂ ᠲᠠᠷᠢᠶᠠᠯᠠᠩ ᠮᠠᠯ ᠠᠵᠦ ᠠᠬᠤᠢ ᠠᠴᠠ ᠰᠢᠯᠵᠢᠭᠰᠡᠨ ᠬᠦᠮᠥᠨ ᠠᠮᠠ ᠶᠢᠨ ᠦᠨᠳᠥᠰᠥᠨ ᠣᠷᠣᠨ | ᠰᠠᠭᠤᠴᠠ ᠶᠢᠨ ᠬᠡᠷᠡᠭᠴᠡᠭᠡ ᠶᠢ ᠣᠯᠠᠨ ᠵᠦᠢᠯ ᠤᠨ ᠠᠷᠭ᠎ᠠ ᠮᠠᠶ᠋ᠢᠭ ᠢ ᠠᠪᠴᠦ ᠪᠠᠶᠢᠭᠠᠳ ᠪᠠᠲᠤᠯᠠᠨ᠎ᠠ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠢᠰᠲ᠋ᠧᠮᠵᠢ ᠪᠤᠯᠤᠨ ᠵᠦᠪᠰᠢᠶᠡᠷᠡᠨ | ᠣᠷᠣᠭᠤᠯᠬᠤ ᠪᠤᠴᠠᠭᠠᠵᠦ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠥᠨ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠬᠤᠪᠢᠶᠠᠷᠢᠯᠠᠬᠤ ᠪᠠ ᠬᠠᠮᠢᠶᠠᠷᠬᠤ ᠶᠢᠨ ᠢᠯᠡ᠂ ᠭᠤᠣᠯᠴᠢ᠂ ᠲᠦᠪ ᠭᠤᠣᠯᠴᠢ ᠪᠠᠶᠢᠬᠤ ᠶᠢ ᠦᠨᠡᠨᠬᠦ | ᠪᠠᠲᠤᠯᠠᠨ᠎ᠠ᠃ ᠬᠤᠲᠠ ᠣᠷᠣᠭᠰᠠᠨ ᠮᠠᠯᠴᠢᠨ ᠲᠠᠷᠢᠶᠠᠴᠢᠳ ᠢ ᠬᠤᠲᠠ ᠪᠠᠯᠭᠠᠰᠦ ᠶᠢᠨ ᠤᠤᠯ ᠤᠨ ᠰᠠᠭᠤᠭ᠎ᠠ | ᠰᠠᠭᠤᠭᠠᠯᠢ ᠠᠷᠠᠳ ᠯᠤᠭ᠎ᠠ ᠨᠢᠭᠡ ᠯᠠ ᠠᠳᠠᠯᠢ ᠪᠠᠷ ᠬᠠᠨᠳᠤᠨ᠂ ᠨᠢᠭᠡᠲᠥᠯᠲᠡᠢ ᠬᠠᠮᠢᠶᠠᠷᠴᠦ᠂ ᠠᠳᠠᠯᠢ ᠪᠠᠷ | ᠵᠦᠪᠰᠢᠶᠡᠷᠡᠨ ᠣᠷᠣᠭᠤᠯᠬᠤ ᠪᠠ ᠪᠣᠴᠠᠭᠠᠵᠦ ᠭᠠᠷᠭᠠᠨ᠎ᠠ᠃ | 6. ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ ᠬᠦᠴᠥᠨ ᠤ ᠪᠠᠲᠤᠯᠠᠭ᠎ᠠ ᠶᠢ | ᠴᠢᠩᠭᠠᠳᠬᠠᠨ᠎ᠠ᠃ ᠡᠷᠥᠬᠡ ᠠᠮᠠ ᠶᠢᠨ ᠬᠠᠷᠢᠶ᠎ᠠ ᠲᠠᠢ ᠬᠦᠮᠥᠨ ᠠᠮᠠ᠂ ᠣᠷᠣᠰᠢᠨ ᠰᠠᠭᠤᠬᠤ ᠦᠨᠡᠮᠯᠡᠯ ᠭᠠᠷᠳᠠᠭᠰᠠᠨ | ᠬᠦᠮᠥᠨ ᠠᠮᠠ ᠶᠢᠨ ᠶᠡᠷᠥᠩᠬᠡᠢ ᠬᠡᠪᠴᠢᠶ᠎ᠡ ᠪᠣᠯᠣᠨ ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡᠨ ᠤ | ᠣᠷᠣᠭᠤᠯᠤᠯᠲᠠ ᠵᠡᠷᠭᠡ ᠬᠦᠴᠥᠨ ᠵᠦᠢᠯ ᠢ ᠨᠢᠭᠡᠲᠥᠯᠲᠡᠢ ᠪᠣᠳᠤᠯᠬᠢᠯᠠᠨ᠂ ᠲᠡᠩᠴᠡᠭᠦᠨ ᠴᠢᠨᠠᠷᠲᠠᠢ ᠰᠢᠯᠵᠢᠭᠦᠯᠥᠨ | ᠦᠭᠬᠦ ᠶᠢᠨ ᠲᠦᠰᠥᠭᠡᠯᠡᠨ ᠪᠣᠳᠣᠬᠤ ᠠᠷᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠦ ᠠᠬᠤᠢ ᠠᠴᠠ | ᠰᠢᠯᠵᠢᠭᠰᠡᠨ ᠬᠦᠮᠥᠨ ᠠᠮᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠳᠠᠬᠢ ᠵᠠᠷᠤᠯᠭ᠎ᠠ ᠶᠢ ᠨᠤᠭᠤᠯᠤᠨ ᠪᠣᠳᠣᠬᠤ | ᠬᠠᠷᠢᠴᠠᠯ ᠢ ᠲᠣᠬᠢᠷᠠᠭᠤᠯᠵᠦ᠂ ᠬᠤᠲᠠ ᠪᠠᠯᠭᠠᠰᠦ ᠶᠢᠨ ᠬᠦᠯᠢᠶᠡᠨ ᠠᠪᠤᠭᠰᠠᠨ ᠲᠠᠷᠢᠶᠠᠯᠠᠩ ᠮᠠᠯ ᠠᠵᠦ ᠠᠬᠤᠢ ᠠᠴᠠ | ᠰᠢᠯᠵᠢᠭᠰᠡᠨ ᠬᠦᠮᠥᠨ ᠠᠮᠠ ᠶᠢᠨ ᠬᠡᠪᠴᠢᠶ᠎ᠡ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠢᠷᠢ | ᠬᠡᠮᠵᠢᠶ᠎ᠡ ᠯᠦᠭᠡ ᠬᠤᠯᠪᠤᠭᠳᠠᠭᠤᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠪᠠ ᠡᠳ᠋ ᠤᠨ | ᠵᠠᠰᠠᠭ ᠤᠨ ᠰᠢᠯᠵᠢᠭᠦᠯᠥᠨ ᠦᠭᠬᠦ ᠳᠦᠷᠢᠮ ᠢ ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ | ᠦᠨᠳᠥᠰᠥᠨ ᠤᠯᠠᠨ ᠨᠡᠶᠢᠲᠡ ᠶᠢᠨ ᠦᠢᠯᠡᠴᠢᠯᠡᠭᠡᠨ ᠤ ᠡᠷᠬᠡ ᠲᠤᠰᠢᠶᠠᠯ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ | ᠲᠣᠭᠲᠠᠭᠠᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠦᠨᠳᠥᠰᠥᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠤᠨ ᠤ ᠠᠵᠢᠯ ᠢᠶᠠᠨ ᠬᠤᠪᠢᠳᠠᠨ ᠬᠤᠷᠰᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠥᠨᠡ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠡᠷᠥᠬᠡ ᠠᠮᠠ ᠶᠢᠨ ᠬᠠᠷᠢᠶ᠎ᠠ ᠶᠢᠨ ᠦᠭᠡᠷᠡᠴᠢᠯᠡᠯᠲᠡ ᠶᠢ ᠲᠦᠷᠭᠡᠳᠭᠡᠨ᠂ ᠬᠤᠲᠠ ᠪᠠᠯᠭᠠᠰᠦ ᠳᠤ | ᠲᠣᠭᠲᠠᠪᠥᠷᠢᠲᠠᠢ ᠠᠵᠢᠯ ᠣᠯᠣᠭᠰᠠᠨ ᠪᠠ ᠠᠮᠢᠳᠤᠷᠠᠵᠦ ᠪᠠᠶᠢᠭ᠎ᠠ ᠪᠠᠶᠢᠩᠭᠤ ᠰᠠᠭᠤᠭ᠎ᠠ ᠬᠦᠮᠥᠨ ᠠᠮᠠ ᠶᠢ ᠬᠤᠲᠠ ᠶᠢᠨ | ᠠᠷᠠᠳ ᠪᠣᠯᠭᠠᠬᠤ ᠶᠢ ᠡᠮᠬᠢ ᠵᠢᠷᠤᠮ ᠲᠠᠢ ᠪᠠᠷ ᠪᠡᠶᠡᠯᠡᠭᠦᠯᠬᠦ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ | ᠴᠢᠬᠤᠯᠠ ᠡᠭᠦᠷᠭᠡ ᠪᠣᠯᠬᠤ ᠪᠦᠭᠡᠳ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠪᠠ ᠠᠵᠦ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠳᠤ ᠬᠤᠯᠪᠤᠭᠳᠠᠬᠤ ᠶᠤᠮ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠤᠨ᠂ ᠡᠯ᠎ᠡ ᠰᠠᠯᠠᠭ᠎ᠠ ᠮᠦᠴᠢᠷ ᠤᠳ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ | ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠤᠭᠳᠠᠯ ᠢ | ᠭᠦᠢᠴᠡᠳ ᠲᠠᠨᠢᠵᠦ᠂ ᠦᠵᠡᠯ ᠰᠠᠨᠠᠭ᠎ᠠ ᠪᠠᠨ ᠨᠢᠭᠡᠳᠭᠡᠨ᠂ ᠤᠳᠤᠷᠢᠳᠤᠯᠭ᠎ᠠ ᠪᠠᠨ ᠴᠢᠩᠭᠠᠳᠬᠠᠨ᠂ ᠰᠢᠨ᠎ᠠ ᠮᠠᠶ᠋ᠢᠬ ᠤᠨ | ᠬᠤᠳᠠ ᠪᠠᠯᠭᠠᠰᠤᠴᠢᠯᠠᠯᠳᠠ ᠶᠢ ᠠᠬᠢᠭᠤᠯᠬᠤ ᠲᠤᠬᠠᠢ ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠶᠡᠷᠦᠩᠬᠡᠢ ᠪᠠᠶᠢᠷᠢᠯᠠᠭᠤᠯᠤᠯᠳᠠ ᠶᠢ ᠦᠨᠳᠦᠰᠦᠯᠡᠨ᠂ ᠡᠷᠥᠬᠡ ᠠᠮᠠ ᠶᠢᠨ ᠬᠠᠷᠢᠶ᠎ᠠ ᠶᠢᠨ | ᠳᠦᠷᠢᠮ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ | ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠱᠠᠭᠠᠷᠳᠠᠯᠭ᠎ᠠ ᠶᠣᠰᠤᠭᠠᠷ᠂ | ᠡᠷᠥᠬᠡ ᠠᠮᠠ ᠶᠢᠨ ᠬᠠᠷᠢᠶ᠎ᠠ ᠶᠢᠨ ᠳᠦᠷᠢᠮ ᠢ ᠦᠭᠡᠷᠡᠴᠢᠯᠡᠬᠦ ᠡᠯ᠎ᠡ ᠵᠦᠢᠯ ᠤᠨ ᠲᠦᠷᠦ ᠶᠢᠨ ᠪᠣᠳᠤᠯᠭ᠎ᠠ ᠶᠢᠨ ᠠᠷᠭ᠎ᠠ | ᠬᠡᠮᠵᠢᠶ᠎ᠡ ᠶᠢ ᠦᠨᠡᠨᠬᠦ ᠨᠠᠶᠢᠳᠠᠪᠥᠷᠢᠵᠢᠭᠤᠯᠬᠤ ᠬᠡᠷᠡᠭᠲᠡᠢ᠃ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠠᠴᠠ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠲᠤᠯᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠦᠭᠦᠳ ᠴᠦ ᠭᠡᠳ ᠵᠣᠬᠢᠴᠠᠩᠭᠤᠢ ᠪᠦᠬᠦᠢ ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠦ᠂ | ᠠᠵᠢᠯ ᠤᠨ ᠳᠤᠮᠳᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠨᠢᠭᠡᠲᠥᠯᠲᠡᠢ | ᠲᠦᠯᠥᠪᠯᠡᠨ ᠰᠢᠢᠳᠪᠥᠷᠢᠯᠡᠬᠦ ᠬᠡᠷᠡᠭᠲᠡᠢ᠃ | ︵ᠬᠤᠶᠠᠷ︶ ᠲᠦᠷᠦ ᠶᠢᠨ ᠪᠣᠳᠤᠯᠭ᠎ᠠ ᠶᠢ ᠨᠠᠶᠢᠳᠠᠪᠥᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠲᠤᠰ | ᠬᠡᠷᠡᠭᠵᠢᠭᠦᠯᠬᠦ ᠰᠠᠨᠠᠯ ᠢ ᠦᠨᠳᠥᠰᠥᠯᠡᠨ᠂ ᠲᠤᠰ ᠭᠠᠵᠠᠷ ᠣᠷᠣᠨ ᠤ ᠪᠠᠨ ᠡᠷᠥᠬᠡ ᠠᠮᠠ ᠶᠢᠨ ᠬᠠᠷᠢᠶ᠎ᠠ ᠶᠢᠨ | ᠳᠦᠷᠢᠮ ᠤᠨ ᠦᠭᠡᠷᠡᠴᠢᠯᠡᠯᠲᠡ ᠶᠢᠨ ᠪᠤᠳᠠᠲᠠᠢ ᠠᠷᠭ᠎ᠠ ᠶᠢ ᠱᠠᠯᠠᠪᠳᠠᠨ ᠨᠡᠶᠢᠲᠡᠯᠡᠬᠦ ᠶᠢᠨ ᠬᠠᠮᠲᠦ ᠨᠡᠶᠢᠭᠡᠮ ᠳᠤ | ᠨᠡᠶᠢᠲᠡᠯᠡᠬᠦ ᠬᠡᠷᠡᠭᠲᠡᠢ᠃ ᠡᠭᠦᠨ ᠤ ᠬᠠᠮᠲᠦ᠂ ᠡᠷᠥᠬᠡ ᠠᠮᠠ ᠰᠢᠯᠵᠢᠭᠦᠯᠬᠦ ᠣᠷᠣᠨ ᠨᠤᠲᠤᠭ ᠤᠨ ᠴᠢᠨᠠᠷᠲᠠᠢ ᠲᠦᠷᠦ ᠶᠢᠨ | ᠪᠣᠳᠤᠯᠭ᠎ᠠ ᠳᠠᠭᠠᠨ ᠢᠯᠭᠠᠷᠠᠭᠤᠯᠤᠯᠲᠠ ᠬᠢᠵᠦ ᠲᠤᠰ ᠰᠠᠨᠠᠯ ᠤᠨ ᠲᠣᠭᠲᠠᠭᠠᠯ ᠯᠤᠭ᠎ᠠ ᠨᠢᠭᠡᠲᠥᠯ ᠦᠭᠡᠢ ᠶᠢ ᠨᠢ | ᠬᠡᠷᠡᠭᠵᠢᠭᠦᠯᠬᠦ ᠪᠠᠨ ᠵᠣᠭᠰᠤᠭᠠᠬᠤ ᠬᠡᠷᠡᠭᠲᠡᠢ᠃ ᠦᠪᠡᠷᠳᠡᠭᠡᠨ ᠵᠠᠰᠠᠬᠤ ᠣᠷᠣᠨ ᠤ ᠲᠣᠲᠤᠭᠠᠳᠦ ᠶᠢ ᠬᠠᠮᠠᠭᠠᠯᠠᠬᠤ | ᠲᠢᠩᠬᠢᠮ᠂ ᠬᠦᠭᠵᠢᠭᠦᠯᠥᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠥᠵᠢᠯ ᠤᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ | ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ᠂ ᠬᠦᠮᠥᠨ ᠤ ᠬᠦᠴᠥᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠡᠷᠭᠡ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠤᠭᠠᠷ᠂ ᠰᠤᠷᠭᠠᠨ ᠬᠦᠮᠥᠵᠢᠯ᠂ ᠠᠵᠢᠯ ᠣᠯᠭᠤᠯᠲᠠ᠂ | ᠡᠮᠴᠢᠯᠡᠭᠡ᠂ ᠲᠦᠯᠥᠪᠯᠡᠭᠡᠲᠦ ᠦᠷᠡᠵᠢᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠲᠠᠯ᠎ᠠ ᠶᠢᠨ ᠲᠦᠭᠦᠷ ᠲᠦᠷᠦ ᠶᠢᠨ ᠪᠣᠳᠤᠯᠭ᠎ᠠ ᠶᠢ ᠱᠠᠯᠠᠪᠳᠠᠨ ᠲᠣᠭᠲᠠᠭᠠᠨ ᠨᠠᠶᠢᠳᠠᠪᠥᠷᠢᠵᠢᠭᠤᠯᠵᠦ᠂ ᠵᠠᠷᠤᠳᠠᠯ ᠤᠨ | ᠪᠠᠲᠤᠯᠠᠭ᠎ᠠ ᠶᠢ ᠨᠠᠶᠢᠳᠠᠪᠥᠷᠢᠵᠢᠭᠤᠯᠤᠨ᠂ ᠣᠳᠣ ᠶᠢᠨ ᠬᠡᠷᠡᠭᠵᠢᠭᠦᠯᠵᠦ ᠪᠦᠬᠦᠢ ᠡᠷᠥᠬᠡ ᠠᠮᠠ ᠶᠢᠨ ᠰᠢᠨᠵᠢ ᠴᠢᠨᠠᠷ ᠯᠤᠭ᠎ᠠ | ᠬᠤᠯᠪᠤᠭᠳᠠᠭᠤᠯᠤᠭᠰᠠᠨ ᠲᠦᠷᠦ ᠶᠢᠨ ᠪᠣᠳᠤᠯᠭ᠎ᠠ ᠶᠢ ᠱᠠᠯᠠᠪᠳᠠᠨ ᠲᠣᠬᠢᠷᠠᠭᠤᠯᠵᠦ᠂ ᠡᠯ᠎ᠡ ᠵᠦᠢᠯ ᠤᠨ ᠲᠦᠷᠦ ᠶᠢᠨ | ᠪᠣᠳᠤᠯᠭ᠎ᠠ ᠶᠢ ᠡᠷᠥᠬᠡ ᠠᠮᠠ ᠶᠢᠨ ᠰᠢᠨᠵᠢ ᠴᠢᠨᠠᠷ ᠠᠴᠠ ᠰᠠᠯᠭᠠᠬᠤ ᠬᠡᠷᠡᠭᠲᠡᠢ᠃ ᠦᠪᠡᠷᠳᠡᠭᠡᠨ ᠵᠠᠰᠠᠬᠤ ᠣᠷᠣᠨ ᠤ | ᠲᠣᠲᠤᠭᠠᠳᠦ ᠶᠢ ᠬᠠᠮᠠᠭᠠᠯᠠᠬᠤ ᠲᠢᠩᠬᠢᠮ᠂ ᠬᠦᠭᠵᠢᠭᠦᠯᠥᠯᠲᠡ ᠦᠭᠡᠷᠡᠴᠢᠯᠡᠯᠲᠡ ᠶᠢᠨ ᠵᠦᠪᠯᠡᠯ᠂ ᠬᠦᠮᠥᠨ ᠤ ᠬᠦᠴᠥᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ | ᠡᠯ᠎ᠡ ᠠᠶᠢᠮᠠᠭ ᠬᠤᠲᠠ ᠶᠢᠨ ᠶᠠᠪᠤᠭᠳᠠᠭᠤᠯᠵᠦ ᠪᠦᠬᠦᠢ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ | ᠦᠭᠡᠷᠡᠴᠢᠯᠡᠯᠲᠡ ᠶᠢᠨ ᠠᠵᠢᠯ ᠳᠤ ᠮᠦᠷᠳᠡᠵᠦ ᠦᠨᠡᠯᠡᠨ ᠵᠢᠱᠢᠬᠦ ᠪᠠ ᠰᠢᠮᠳᠠᠭᠤᠯᠤᠨ ᠪᠠᠶᠢᠴᠠᠭᠠᠵᠦ ᠵᠢᠭᠠᠨ | ᠵᠢᠯᠤᠭᠤᠳᠴᠦ᠂ ᠡᠷᠥᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠦᠭᠡᠷᠡᠴᠢᠯᠡᠯᠲᠡ ᠶᠢᠨ ᠡᠯ᠎ᠡ | ᠵᠦᠢᠯ ᠤᠨ ᠲᠦᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠪᠣᠯᠣᠨ ᠠᠵᠢᠯ ᠤᠨ ᠪᠠᠶᠢᠷᠢᠯᠠᠭᠤᠯᠤᠯᠲᠠ ᠶᠢ ᠪᠤᠳᠠᠲᠦ | ᠭᠠᠵᠠᠷ ᠲᠤᠨᠢ ᠨᠠᠶᠢᠳᠠᠪᠥᠷᠢᠵᠢᠭᠤᠯᠬᠤ᠂ ᠪᠤᠳᠠᠲᠦ ᠦᠷ᠎ᠡ ᠪᠦᠲᠥᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ | ᠱᠠᠲᠤᠨ ᠤ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠨᠤᠭᠤᠳ ᠡᠷᠥᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠪᠠ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠮᠢᠶᠠᠷᠤᠯᠳᠠ ᠪᠠᠨ ᠴᠢᠩᠭᠠᠳᠬᠠᠨ᠂ ᠰᠠᠬᠢᠯᠭ᠎ᠠ ᠪᠠᠲᠦ ᠶᠢ | ᠴᠢᠩᠳᠠᠯᠠᠨ᠂ ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢᠨ ᠡᠯ᠎ᠡ ᠵᠦᠢᠯ ᠤᠨ ᠰᠠᠭᠤᠷᠢ | ᠠᠵᠢᠯ ᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠤᠬᠠᠭᠤᠯᠵᠦ ᠬᠦᠲᠥᠯᠥᠨ ᠵᠢᠯᠤᠭᠤᠳᠬᠤ ᠶᠢ ᠰᠠᠶᠢᠲᠤᠷ ᠬᠢᠬᠦ ᠬᠡᠷᠡᠭᠲᠡᠢ᠃ | ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠤᠭᠳᠠᠯ ᠢ ᠪᠦᠬᠦ ᠲᠠᠯ᠎ᠠ ᠪᠠᠷ ᠲᠣᠳᠤᠷᠬᠠᠶᠢᠯᠠᠨ ᠲᠠᠶᠢᠯᠪᠥᠷᠢᠯᠠᠵᠦ᠂ | ᠡᠷᠥᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠬᠢᠭᠡᠳ ᠬᠠᠮᠢᠶ᠎ᠠ ᠪᠦᠬᠦᠢ ᠲᠦᠭᠦᠷ ᠲᠦᠷᠦ ᠶᠢᠨ | ᠪᠣᠳᠤᠯᠭ᠎ᠠ ᠶᠢ ᠣᠨᠣᠪᠴᠢᠲᠠᠢ ᠲᠠᠶᠢᠯᠪᠥᠷᠢᠯᠠᠵᠦ ᠦᠭᠬᠦ ᠬᠡᠷᠡᠭᠲᠡᠢ᠃ ᠡᠯ᠎ᠡ ᠭᠠᠵᠠᠷ ᠤᠨ ᠬᠢᠨ ᠤ ᠲᠠᠷᠢᠶᠠᠯᠠᠩ ᠮᠠᠯ ᠠᠵᠦ | ᠠᠬᠤᠢ ᠠᠴᠠ ᠰᠢᠯᠵᠢᠭᠰᠡᠨ ᠬᠦᠮᠥᠨ ᠠᠮᠠ ᠬᠢᠭᠡᠳ ᠪᠤᠰᠤᠳ ᠪᠠᠶᠢᠩᠭᠤ ᠰᠠᠭᠤᠭ᠎ᠠ ᠬᠦᠮᠥᠨ ᠠᠮᠠ ᠶᠢᠨ ᠬᠤᠲᠠ | ᠪᠠᠯᠭᠠᠰᠦ ᠳᠤ ᠡᠷᠥᠬᠡ ᠠᠮᠠ ᠣᠷᠣᠬᠤ ᠶᠠᠪᠤᠳᠠᠯ ᠢ ᠰᠢᠢᠳᠪᠥᠷᠢᠯᠡᠭᠰᠡᠨ᠂ ᠬᠠᠤᠯᠢ ᠶᠣᠰᠤᠨ ᠤ ᠡᠷᠬᠡ ᠠᠰᠢᠭ ᠢ | ᠪᠠᠲᠤᠯᠠᠭᠰᠠᠨ᠂ ᠦᠨᠳᠥᠰᠥᠨ ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠬᠰᠠᠨ ᠵᠡᠷᠭᠡ ᠲᠠᠯ᠎ᠠ ᠶᠢᠨ ᠰᠠᠶᠢᠨ | ᠲᠤᠷᠰᠢᠯᠭ᠎ᠠ᠂ ᠰᠠᠶᠢᠨ ᠬᠢᠭᠰᠡᠨ ᠠᠷᠭ᠎ᠠ ᠶᠢ ᠶᠡᠬᠡᠪᠡᠷ ᠤᠬᠠᠭᠤᠯᠤᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠢ ᠵᠦᠢ | ᠵᠣᠬᠢᠰᠲᠠᠢ ᠬᠦᠲᠥᠯᠥᠨ ᠵᠢᠯᠤᠭᠤᠳᠴᠦ᠂ ᠣᠯᠠᠨ ᠲᠦᠮᠡᠨ ᠤ ᠠᠩᠬᠠᠷᠤᠯ ᠲᠠᠯᠪᠢᠵᠦ ᠪᠠᠶᠢᠭ᠎ᠠ ᠶᠠᠪᠤᠳᠠᠯ ᠳᠤ | ᠬᠠᠷᠢᠭᠤᠯᠲᠠ ᠦᠭᠴᠦ᠂ ᠡᠯ᠎ᠡ ᠲᠠᠯ᠎ᠠ ᠶᠢᠨ ᠬᠢᠨ ᠤ ᠬᠠᠮᠲᠦ ᠶᠢᠨ ᠲᠠᠨᠢᠯᠲᠠ ᠶᠢ ᠨᠢᠭᠲᠠᠷᠠᠭᠤᠯᠤᠨ᠂ | ᠦᠭᠡᠷᠡᠴᠢᠯᠡᠯᠲᠡ ᠶᠢᠨ ᠨᠡᠶᠢᠯᠡᠮᠡᠯ ᠬᠦᠴᠥᠨ ᠢ ᠪᠣᠢ ᠪᠣᠯᠭᠠᠵᠦ᠂ ᠮᠠᠨ ᠤ ᠣᠷᠣᠨ ᠤ ᠡᠷᠥᠬᠡ ᠠᠮᠠ ᠶᠢᠨ ᠬᠠᠷᠢᠶ᠎ᠠ ᠶᠢᠨ | ᠳᠦᠷᠢᠮ ᠤᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠳᠤ ᠨᠡᠶᠢᠭᠡᠮ ᠤᠨ ᠰᠠᠶᠢᠨ ᠰᠠᠶᠢᠬᠠᠨ ᠣᠷᠴᠢᠨ | ᠠᠬᠤᠢ ᠶᠢ ᠪᠣᠢ ᠪᠣᠯᠭᠠᠬᠤ ᠬᠡᠷᠡᠭᠲᠡᠢ᠃ | | |