| | | 2016 ᠣᠨ ᠤ 1 ᠳ᠋ᠤᠭᠡᠷ ᠰᠠᠷ᠎ᠠ ᠶᠢᠨ 18 ᠤ ᠡᠲᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠨᠢᠭᠡᠲᠦᠮᠡᠯ ᠹᠷᠤᠨᠲ ᠤᠨ ᠬᠡᠯᠲᠡᠰ ᠪᠤᠯᠤᠨ ᠦᠪᠡᠷᠲᠡᠭᠡᠨ ᠵᠠᠰᠬᠠᠤ ᠤᠷᠤᠨ ᠤ ᠶᠡᠭᠡ ᠲᠡᠭᠡᠲᠦ | ᠰᠤᠷᠭᠠᠭᠤᠯᠢ ᠶᠢᠨ ᠠᠵᠢᠯ ᠤᠨ ᠬᠤᠷᠢᠶ᠎ᠠ ᠬᠥᠬᠡᠬᠤᠲᠠ ᠳᠤ ᠪᠥᠬᠦ ᠣᠷᠣᠨ ᠤ ᠶᠡᠭᠡ ᠲᠡᠭᠡᠲᠦ ᠰᠤᠷᠭᠠᠭᠤᠯᠢ ᠶᠢᠨ | ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠬᠤᠷᠠᠯᠳᠤᠭᠤᠯᠪᠠ᠃ | ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠲᠦᠮᠡᠯ | ᠹᠷᠤᠨᠲ ᠤᠨ ᠬᠡᠯᠲᠡᠰ ᠤᠨ ᠲᠠᠷᠤᠭ᠎ᠠ ᠪᠦ᠋ ᠰᠢᠶᠤᠤ ᠯᠢᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃ ᠲᠡᠷᠡ ᠬᠤᠷᠠᠯ | ᠳᠡᠭᠡᠷ᠎ᠡ ᠵᠢᠭᠠᠵᠤ ᠭᠠᠷᠭᠠᠭᠰᠠᠨ ᠨᠢ᠂ ᠲᠦᠪ ᠤᠨ ᠪᠠ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠶᠡᠭᠡ | ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠰᠢᠨ᠎ᠡ ᠱᠠᠭᠠᠷᠲᠠᠯᠭ᠎ᠠ ᠶᠢ ᠤᠨᠤᠪᠴᠢᠲᠠᠢ ᠡᠵᠡᠮᠰᠢᠵᠦ᠂ | ᠲᠦᠪ ᠤᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ᠂ ᠨᠢᠭᠡᠲᠦᠮᠡᠯ ᠹᠷᠤᠨᠲ ᠤᠨ ᠠᠵᠢᠯ ᠤᠨ ᠲᠦᠷᠢᠮ ᠪᠤᠯᠤᠨ | ᠪᠦᠬᠦ ᠤᠯᠤᠰ ᠤᠨ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢᠨ ᠭᠤᠣᠯᠯᠠᠬᠤ ᠴᠢᠬᠤᠯᠠ ᠠᠭᠤᠯᠭ᠎ᠠ ᠶᠢ ᠬᠦᠨᠵᠡᠭᠡᠢ ᠤᠢᠢᠯᠠᠭᠠᠵᠦ᠂ ᠮᠠᠨ ᠤ ᠤᠷᠤᠨ ᠤ ᠶᠡᠭᠡ ᠲᠡᠭᠡᠲᠦ | ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠭᠠᠷᠳᠠᠴᠠ ᠶᠢ ᠤᠨᠤᠪᠴᠢᠲᠠᠢ | ᠡᠷᠢᠵᠦ᠂ ᠪᠣᠲᠠᠲᠠᠢ ᠠᠵᠢᠯ ᠤᠨ ᠠᠷᠭ᠎ᠠ ᠪᠠᠷᠢᠯ ᠢ ᠰᠤᠳᠤᠯᠤᠨ᠂ ᠮᠠᠨ ᠤ ᠤᠷᠤᠨ ᠤ ᠶᠡᠭᠡ ᠲᠡᠭᠡᠲᠦ ᠰᠤᠷᠭᠠᠭᠤᠯᠢ ᠶᠢᠨ | ᠨᠢᠭᠡᠲᠦᠮᠡᠯ ᠹᠷᠤᠨᠲ ᠤᠨ ᠠᠵᠢᠯ ᠤᠨ ᠰᠢᠨ᠎ᠡ ᠪᠠᠶᠢᠲᠠᠯ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ ᠭᠡᠪᠡ᠃ | ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠶᠡᠭᠡ ᠲᠡᠭᠡᠲᠦ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠡᠾᠸᠦ ᠶᠣᠸᠠᠨ ᠬᠤᠷᠠᠯ ᠳᠡᠭᠡᠷ᠎ᠡ | ᠲᠦᠪ ᠤᠨ ᠪᠠ ᠪᠥᠬᠦ ᠣᠷᠣᠨ ᠤ ᠨᠢᠭᠡᠲᠦᠮᠡᠯ ᠹᠷᠤᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠤ | ᠂ ᠪᠥᠬᠦ ᠣᠷᠣᠨ ᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠮᠡᠯ ᠹᠷᠤᠨᠲ ᠤᠨ ᠠᠵᠢᠯ ᠤᠨ ︽ᠳᠥᠷᠪᠡᠨ ᠨᠢᠭᠡ︾ ᠶᠢᠨ | ᠶᠡᠷᠦᠩᠬᠡᠢ ᠲᠥᠯᠦᠪᠯᠡᠭᠡ᠂ ᠳᠠᠷᠤᠢ ︽ᠨᠢᠭᠡ ᠰᠡᠳᠦᠪ︾ ︵ᠶᠡᠭᠡ ᠪᠥᠯᠬᠦᠮᠳᠡᠯ᠂ ᠶᠡᠭᠡ ᠬᠤᠯᠪᠤᠭᠠᠯᠠᠯ︶᠂ ︽ᠨᠢᠭᠡ | ᠴᠢᠭᠯᠡᠯᠲᠡ︾ ︵ᠨᠢᠬᠡᠲᠦᠯᠲᠡᠢ ᠴᠢᠨᠠᠷ ᠪᠣᠯᠣᠨ ᠣᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠢᠶᠠᠷ | ᠰᠢᠢᠳᠪᠦᠷᠢᠯᠡᠬᠦ︶᠂ ︽ᠨᠢᠭᠡ ᠭᠤᠣᠯ ᠱᠣᠭᠤᠮ︾ ︵ᠦᠵᠡᠯ ᠰᠠᠨᠠᠭ᠎ᠠ ᠤᠯᠤᠰ ᠲᠥᠷᠦ ᠶᠢᠨ ᠵᠢᠯᠤᠭᠤᠳᠤᠯᠭ᠎ᠠ︶᠂ ︽ | ᠨᠢᠭᠡ ᠭᠤᠣᠯᠳᠠᠯᠭ᠎ᠠ︾ ︵ᠨᠠᠮ ᠤᠨ ᠪᠣᠰᠤ ᠲᠥᠯᠦᠭᠡᠯᠡᠭᠴᠢᠳ ᠤᠨ ᠡᠩᠨᠡᠭᠡ ᠶᠢᠨ ᠪᠠᠶᠢᠭᠤᠯᠤᠯᠲᠠ︶ ᠶᠢ ᠳᠣᠲᠣᠷᠬᠠᠢ | ᠳᠤᠷᠠᠳᠤᠭᠰᠠᠨ ᠪᠠᠶᠢᠨ᠎ᠠ᠃ |