ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠬᠤᠷᠠᠯᠳᠤᠵᠠᠢ ᠷᠧᠨ ᠶᠠ ᠫᠢᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2016/1/21
     1 ᠳ᠋ᠦ᠋ᠭᠡᠷ ᠰᠠᠷ᠎ᠠ ᠶᠢᠨ 19᠎ ᠠᠴᠠ 20᠎ ᠤ ᠦᠲᠡ ᠶᠢᠨ ᠡᠮᠦᠨ᠎ᠡ ᠪᠤᠯᠳᠠᠯ᠎ᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠬᠦᠬᠡᠬᠤᠲᠠ ᠳᠤ ᠬᠤᠷᠠᠯᠳᠤᠪᠠ᠃      1 ᠳ᠋ᠦ᠋ᠭᠡᠷ ᠰᠠᠷ᠎ᠠ ᠶᠢᠨ 19᠎ ᠠᠴᠠ 20᠎ ᠤ ᠦᠲᠡ ᠶᠢᠨ ᠡᠮᠦᠨ᠎ᠡ ᠪᠤᠯᠳᠠᠯ᠎ᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠬᠦᠸᠧ ᠴᠢ ᠵᠢᠶᠦ᠋ᠨ᠂ᠳ᠋ᠦᠩ ᠾᠧᠩ ᠢᠤᠢ᠂ ᠵᠧᠩ ᠹᠦ᠋ ᠲᠢᠶᠠᠨ᠂ ᠨᠢᠤ ᠭᠤᠸᠠᠩ ᠮᠢᠩ᠂ ᠶᠠᠩ ᠴᠧᠩ ᠸᠠᠩ᠂ ᠴᠧᠨ ᠢᠤᠢ᠂ ᠴᠠᠩ ᠬᠠᠢ᠂ ᠯᠢᠶᠠᠩ ᠲᠢᠶᠧ ᠴᠧᠩ ᠵᠢᠴᠢ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ ᠸᠧᠢ ᠵᠢᠶᠦ᠋ᠨ ᠬᠤᠷᠠᠯ ᠳᠤ ᠤᠷᠤᠯᠴᠠᠪᠠ᠃      ᠬᠤᠷᠠᠯ ᠠᠴᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠤᠨ ᠵᠦᠪᠯᠡᠬᠦ ᠵᠦᠢᠯ ᠢ ᠬᠢᠨᠠᠨ ᠵᠦᠪᠯᠡᠨ ᠪᠠᠲᠤᠯᠠᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠲᠤᠷᠠᠳᠤᠯᠭ᠎ᠠ ᠶᠢ ᠬᠦᠢᠴᠡᠳᠬᠡᠭᠰᠡᠨ ᠪᠠᠶᠢᠲᠠᠯ ᠤᠨ ᠲᠤᠬᠠᠢ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠡᠳᠡᠬᠦᠯᠦᠯᠳᠠ ᠶᠢ ᠰᠤᠨᠤᠰᠴᠤ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠡᠯ᠎ᠡ ᠲᠤᠰᠬᠠᠢ ᠵᠦᠪᠯᠡᠯ ᠤᠨ ᠠᠵᠢᠯ ᠤᠨ ᠮᠡᠲᠡᠭᠦᠯᠦᠯᠲᠡ ᠶᠢ ᠰᠤᠨᠤᠰᠴᠤ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠲᠦᠭᠡᠷ ᠬᠤᠷᠠᠯ ᠢ ᠬᠤᠷᠠᠯᠳᠤᠭᠤᠯᠬᠤ ᠲᠤᠬᠲᠠᠭᠠᠯ ᠢ ᠬᠢᠨᠠᠨ ᠵᠦᠪᠯᠡᠨ ᠪᠠᠲᠤᠯᠠᠵᠦ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠲᠦᠭᠡᠷ ᠬᠤᠷᠠᠯ ᠤᠨ ᠵᠦᠪᠯᠡᠬᠦ ᠵᠦᠢᠯ᠂ ᠡᠲᠦᠷ ᠤᠨ ᠲᠠᠷᠠᠭᠠᠯᠠᠯ ᠪᠤᠯᠤᠨ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠳᠤ ᠲᠡᠪᠰᠢᠭᠦᠯᠬᠦ ᠪᠠᠷ ᠪᠠᠶᠢᠭ᠎ᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠲᠡᠭᠦᠯᠦᠯᠲᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠮᠡᠲᠡᠭᠦᠯᠦᠯᠲᠡ ᠵᠢᠴᠢ ᠮᠡᠲᠡᠭᠦᠯᠦᠯᠲᠡ ᠬᠢᠭᠴᠢ᠂ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠤᠨ ᠨᠠᠷᠢᠨ ᠪᠢᠴᠢᠭ ᠤᠨ ᠲᠠᠷᠤᠭ᠎ᠠ ᠪᠤᠯᠤᠨ ᠲᠡᠳ᠋ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ᠂ ᠬᠡᠰᠢᠭᠦᠳ ᠢ ᠲᠤᠭᠤᠢᠢᠯᠠᠩ ᠬᠤᠪᠢᠶᠠᠬᠤ ᠠᠷᠭ᠎ᠠ ᠵᠢᠴᠢ ᠶᠠᠷᠢᠯᠴᠠᠬᠤ ᠲᠤᠭᠤᠢᠢᠯᠠᠩ ᠤᠨ ᠴᠤᠬᠯᠠᠭᠤᠯᠤᠬᠴᠢ ᠶᠢᠨ ᠨᠡᠷᠡᠰ ᠢ ᠬᠢᠨᠠᠨ ᠵᠦᠪᠯᠡᠵᠦ᠂ ᠠᠵᠢᠯᠲᠠᠨ ᠤ ᠶᠠᠪᠤᠲᠠᠯ ᠤᠨ ᠲᠤᠲᠤᠷᠬᠠᠢᠢᠯᠠᠯᠲᠠ ᠶᠢ ᠰᠤᠨᠤᠰᠤᠬᠰᠠᠨ ᠪᠠ ᠬᠠᠮᠢᠶ᠎ᠠ ᠪᠦᠬᠦᠢ ᠠᠵᠢᠯᠲᠠᠨ ᠤ ᠶᠠᠪᠤᠲᠠᠯ ᠢ ᠬᠢᠨᠠᠨ ᠵᠦᠪᠯᠡᠵᠦ ᠪᠠᠲᠤᠯᠠᠵᠠᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠰᠢᠨ᠎ᠡ ᠬᠡᠪ ᠪᠠᠶᠢᠲᠠᠯ ᠲᠤᠤᠷᠠᠬᠢ ᠰᠢᠨ᠎ᠡ ᠤᠨᠴᠠᠯᠢᠬ ᠢ ᠡᠵᠡᠮᠲᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠬᠦ ᠨᠡᠶᠢᠭᠡᠮ ᠤᠨ ᠬᠠᠷᠠᠯᠲᠠ ᠶᠢ ᠠᠩᠬᠠᠷᠴᠦ᠂ ᠶᠡᠷᠦᠩᠬᠡᠢ ᠱᠦᠵᠢ ᠰᠢ ᠶᠢᠨ ᠫᠢᠩ ᠤᠨ ᠠᠵᠦ ᠠᠬᠤᠢ ᠶᠢᠨ ᠠᠵᠢᠯ ᠢ ᠰᠠᠶᠢᠲᠦᠷ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠤᠯᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠶᠤᠰᠤᠭᠠᠷ᠂ ᠠᠵᠦ ᠠᠬᠤᠢ ᠶᠢᠨ ᠬᠦᠭᠵᠢᠯᠲᠡ ᠶᠢ ᠠᠬᠢᠭᠤᠯᠬᠤ ᠭᠤᠤᠯᠯᠠᠬᠤ ᠡᠷᠬᠡ ᠶᠢ ᠪᠠᠲᠤ ᠡᠵᠡᠮᠰᠢᠨ᠂ ᠮᠠᠨ ᠤ ᠤᠷᠤᠨ ᠤ ᠠᠵᠦ ᠠᠬᠤᠢ ᠶᠢᠨ ᠬᠦᠭᠵᠢᠯᠲᠡ ᠶᠢᠨ ᠲᠤᠮᠤ ᠯᠤᠬᠢᠬ ᠢ ᠤᠨᠤᠪᠴᠢᠲᠠᠢ ᠡᠵᠡᠮᠰᠢᠨ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠲᠠᠯ ᠢ ᠨᠡᠩ ᠲᠦᠷᠬᠡᠨ ᠨᠡᠩ ᠰᠠᠶᠢᠨ ᠢᠶᠠᠷ ᠬᠦᠲᠦᠯᠦᠨ ᠲᠠᠭᠠᠭᠤᠯᠵᠦ᠂ ︽13.5︾᠎ ᠶᠢᠨ ᠳᠦᠯᠦᠪᠵᠢᠬᠦᠯᠬᠡ ᠳᠤ ᠲᠤᠬᠲᠠᠭᠠᠬᠰᠠᠨ 6 ᠲᠠᠯ᠎ᠠ ᠶᠢᠨ ᠪᠤᠲᠠᠲᠠᠢ ᠬᠠᠷᠠᠯᠲᠠ ᠶᠢ ᠰᠠᠶᠢᠲᠦᠷ ᠪᠡᠶᠡᠯᠡᠭᠦᠯᠵᠦ᠂ ᠠᠵᠦ ᠠᠬᠤᠢ ᠨᠡᠶᠢᠭᠡᠮ ᠤᠨᠦᠷᠭᠦᠯᠵᠢᠯᠡᠨ ᠬᠦᠭᠵᠢᠬᠦ ᠶᠢ ᠠᠬᠢᠭᠤᠯᠬᠤ ᠬᠡᠷᠡᠭᠲᠡᠢ ᠬᠡᠵᠡᠢ᠃      ᠷᠧᠨ ᠶᠠ ᠫᠢᠩ ᠴᠢᠬᠤᠯᠠᠴᠢᠯᠠᠬᠰᠠᠨ ᠨᠢ᠂ ᠡᠨᠡ ᠵᠢᠯ ᠤᠨ ︽ᠬᠤᠶᠠᠷ ᠬᠤᠷᠠᠯ︾᠎ ᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠬᠦ ᠮᠦᠷᠲᠡᠭᠡᠨ ᠦᠪᠡᠷᠲᠡᠭᠡᠨ ᠵᠠᠰᠬᠠᠤ ᠤᠷᠤᠨ ᠤ ︽13.5︾᠎ ᠶᠢᠨ ᠲᠦᠯᠦᠪᠵᠢᠭᠦᠯᠭᠡ ᠶᠢ ᠬᠢᠨᠠᠨ ᠵᠦᠪᠯᠡᠨ᠎ᠡ᠂ ᠡᠯ᠎ᠡ ᠪᠠᠶᠢᠩᠭᠤ ᠶᠢᠨ ᠬᠡᠰᠢᠭᠦᠳ᠂ ᠬᠡᠰᠢᠭᠦᠳ ᠦᠪᠡᠷᠲᠡᠭᠡᠨ ᠵᠠᠰᠬᠠᠤ ᠤᠷᠤᠨ ᠤ ︽13.5︾᠎ ᠶᠢᠨ ᠲᠦᠯᠦᠪᠵᠢᠭᠦᠯᠭᠡ ᠶᠢᠨ ᠬᠦᠲᠦᠯᠪᠦᠷᠢ ᠶᠢ ᠬᠦᠨᠵᠡᠭᠡᠢ ᠰᠤᠷᠤᠯᠴᠠᠨ ᠰᠤᠲᠤᠯᠬᠤ ᠬᠡᠷᠡᠭᠲᠡᠢ᠃ ᠢᠲᠡᠪᠬᠢᠲᠡᠢ ᠪᠠᠷ ᠶᠠᠷᠢᠯᠴᠠᠨ᠂ ᠤᠯᠠᠨ ᠰᠠᠨᠠᠯ ᠲᠤᠷᠠᠳᠤᠯᠭ᠎ᠠ ᠲᠤᠷᠠᠳᠴᠤ᠂ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠵᠦ᠂ ᠦᠪᠡᠷᠲᠡᠭᠡᠨ ᠵᠠᠰᠬᠠᠤ ᠤᠷᠤᠨ ᠤ ︽13.5︾᠎ ᠶᠢᠨ ᠬᠦᠭᠵᠢᠯᠲᠡ ᠳᠤ ᠤᠶᠤᠨ ᠤᠬᠠᠭᠠᠨ ᠪᠤᠯᠤᠨ ᠬᠦᠴᠦᠨ ᠴᠢᠲᠠᠯ ᠢᠶᠠᠨ ᠡᠷᠭᠦᠬᠦ ᠬᠡᠷᠡᠭᠲᠡᠢ ᠬᠡᠵᠡᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠮᠢᠶ᠎ᠠ ᠪᠦᠬᠦᠢ ᠨᠦᠬᠦᠳ ᠪᠤᠯᠤᠨ ᠬᠦᠬᠡᠬᠤᠲᠠ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠡᠭ ᠬᠡᠰᠢᠭᠦᠨ ᠤᠷᠢᠯᠭ᠎ᠠ ᠪᠠᠷ ᠬᠤᠷᠠᠯ ᠳᠤ ᠤᠷᠤᠯᠴᠠᠵᠦ᠂ ᠦᠪᠡᠷᠲᠡᠭᠡᠨ ᠵᠠᠰᠬᠠᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ᠂ ᠡᠯ᠎ᠡ ᠠᠶᠢᠮᠠᠬ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ᠂ ᠭᠤᠷᠪᠠᠨ ᠴᠦᠬᠡᠨ ᠲᠤᠭᠠᠲᠦ ᠦᠨᠳᠦᠰᠦᠲᠡᠨ ᠤ ᠦᠪᠡᠷᠲᠡᠭᠡᠨ ᠵᠠᠰᠬᠠᠤ ᠬᠤᠰᠢᠭᠤ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号