ᠥᠪᠥᠷ ᠮᠣᠩᠭᠤᠯ ᠶᠠᠳᠠᠭᠤ ᠶᠢ ᠲᠡᠳᠬᠦᠬᠦ ᠱᠤᠭᠤᠮ ᠪᠠ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠱᠤᠭᠤᠮ ︽ | ᠬᠤᠶᠠᠷ ᠱᠤᠭᠤᠮ ᠢ ᠵᠣᠯᠭᠠᠭᠤᠯᠬᠤ︾ ᠪᠣᠳᠠᠲᠤ ᠠᠷᠭ᠎ᠠ ᠬᠡᠮᠵᠢᠶ᠎ᠡ ᠪᠠ ᠶᠠᠳᠠᠭᠤ ᠠᠴᠠ ᠠᠩᠭᠢᠵᠢᠷᠠᠵᠤ ᠪᠠᠲᠤᠯᠠᠭ᠎ᠠ ᠠᠴᠠ | ᠭᠠᠷᠬᠤ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠤᠳᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠪᠠᠷ | ᠲᠡᠳᠬᠦᠭᠳᠡᠭᠴᠢ ᠶᠢ ᠡᠮᠬᠢ ᠳᠠᠷᠠᠭᠠᠯᠠᠯ ᠲᠠᠢ ᠪᠠᠷ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ | ᠳᠤ ᠣᠷᠣᠭᠤᠯᠬᠤ ᠪᠣᠯᠣᠨ᠎ᠠ᠃ ᠥᠪᠥᠷ ᠮᠣᠩᠭᠤᠯ ᠤᠨ ᠬᠥᠬᠡᠬᠤᠲᠠ᠂ ᠪᠤᠭᠤᠲᠤ ᠬᠤᠲᠠ ᠵᠡᠷᠭᠡ 12 ᠠᠶᠢᠮᠠᠭ ᠬᠤᠲᠠ | ᠨᠠᠭᠠᠲᠤ ᠵᠠᠬ᠎ᠠ ᠶᠢᠨ ᠪᠠᠲᠤᠯᠠᠭ᠎ᠠ ᠣᠯᠬᠤ ᠬᠥᠮᠥᠰ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠲᠥᠰᠥᠯ ᠢ ᠨᠢᠭᠡᠨᠲᠡ | ᠨᠡᠶᠢᠲᠡᠯᠡᠪᠡ᠂ ᠡᠭᠦᠨ ᠳᠤ ᠬᠥᠬᠡᠬᠤᠲᠠ ᠨᠠᠭᠠᠲᠤ ᠵᠠᠬ᠎ᠠ ᠶᠢᠨ ᠪᠠᠲᠤᠯᠠᠭ᠎ᠠ ᠣᠯᠬᠤ ᠬᠥᠮᠥᠰ ᠢ ᠶᠡᠷᠦᠩᠬᠡᠶᠢᠯᠡᠨ | ᠮᠠᠭᠠᠳᠯᠠᠨ ᠲᠣᠭᠲᠠᠭᠠᠬᠤ ᠶᠢ ᠨᠢᠭᠡᠨᠲᠡ ᠪᠦᠬᠦ ᠲᠠᠯ᠎ᠠ ᠪᠠᠷ ᠳᠠᠭᠤᠰᠬᠠᠪᠠ᠃ ᠮᠠᠨᠵᠤᠤᠷ ᠬᠤᠲᠠ ᠪᠠ ᠡᠷᠢᠶᠡᠨ ᠬᠤᠲᠠ | ᠡᠨᠡ ᠵᠢᠯ ᠤᠨ ᠰᠡᠭᠦᠯᠴᠢ ᠢᠶᠠᠷ ᠲᠥᠰᠥᠯ ᠨᠡᠶᠢᠲᠡᠯᠡᠨ᠎ᠠ᠃ ᠤᠯᠠᠭᠠᠨᠴᠠᠪ ᠬᠤᠲᠠ ᠪᠣᠯ ᠮᠠᠯᠵᠢᠬᠤ ᠲᠠᠷᠢᠶᠠᠯᠠᠬᠤ ᠣᠷᠣᠨ | ᠤ ᠨᠠᠭᠠᠲᠤ ᠵᠠᠬ᠎ᠠ ᠶᠢᠨ ᠪᠠᠲᠤᠯᠠᠭ᠎ᠠ ᠪᠠ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠦᠯᠲᠡ ᠬᠤᠶᠠᠷ ᠵᠦᠢᠯ ᠤᠨ | ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠬᠠᠷᠢᠯᠴᠠᠬᠤ ᠴᠢᠭ᠋ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ | ᠭᠠᠵᠠᠷ ᠲᠤᠰᠠᠯᠠᠨ ᠳᠡᠮᠵᠢᠬᠦ ᠬᠦᠷᠢᠶ᠎ᠡ ᠬᠡᠪᠴᠢᠶᠡᠨ ᠳᠠᠬᠢ ᠶᠠᠳᠠᠭᠤ ᠪᠠᠷ ᠲᠡᠳᠬᠦᠭᠳᠡᠭᠴᠢ ᠶᠢ ᠨᠤᠲᠠᠯᠠᠨ ᠲᠤᠳᠦᠯᠡᠬᠤ | ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠪᠠᠷ ᠲᠡᠳᠬᠦᠭᠳᠡᠭᠴᠢ ᠶᠢ ᠡᠮᠬᠢ ᠳᠠᠷᠠᠭᠠᠯᠠᠯ | ᠲᠠᠢ ᠪᠠᠷ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠬᠡᠷᠡᠭᠲᠡᠢ ᠭᠡᠵᠦ | ᠱᠠᠭᠠᠷᠳᠠᠪᠠ᠃ ᠶᠠᠳᠠᠭᠤ ᠪᠠᠷ ᠲᠡᠳᠬᠦᠭᠳᠡᠭᠴᠢ ᠶᠢᠨ ᠳᠣᠲᠣᠷᠠᠬᠢ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠰᠠᠨ | ᠦᠭᠡᠢ ᠬᠦᠨᠳᠦ ᠡᠪᠡᠳᠴᠢᠲᠡᠨ᠂ ᠤᠷᠲᠤ ᠬᠤᠭᠤᠴᠠᠭᠠᠨ ᠤ ᠤᠳᠠᠭᠠᠨ ᠴᠢᠨᠠᠷᠲᠠᠢ ᠡᠪᠡᠳᠴᠢᠲᠡᠨ ᠤ ᠡᠮᠨᠡᠯᠭᠡ ᠶᠢᠨ | ᠲᠤᠰᠠᠯᠠᠮᠵᠢ ᠶᠢᠨ ᠠᠰᠠᠭᠤᠳᠠᠯ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠪᠠᠷ ᠲᠡᠳᠬᠦᠭᠳᠡᠭᠴᠢ ᠶᠢᠨ ︽ | ᠡᠪᠡᠳᠴᠢᠨ ᠠᠴᠠ ᠪᠣᠯᠵᠤ ᠶᠠᠳᠠᠭᠤᠷᠠᠬᠤ︾ ᠳᠤ ᠬᠠᠨᠳᠤᠭᠤᠯᠤᠨ᠂ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ | ᠪᠣᠳᠣᠯᠭ᠎ᠠ ᠶᠢᠨ ︽ᠰᠠᠭᠤᠷᠢ ᠪᠠᠲᠤᠯᠠᠭ᠎ᠠ︾ ᠶᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠠᠶᠢᠮᠠᠭ ᠬᠤᠲᠠ ᠬᠦᠨᠳᠦ ᠡᠪᠡᠳᠴᠢᠲᠡᠨ ᠤ ᠡᠮᠨᠡᠯᠭᠡ ᠶᠢᠨ ᠲᠤᠰᠠᠯᠠᠮᠵᠢ ᠦᠵᠡᠭᠦᠯᠬᠦ ᠶᠢ | ᠦᠷᠨᠢᠭᠦᠯᠵᠦ᠂ ᠬᠦᠨᠳᠦ ᠡᠪᠡᠳᠴᠢᠲᠡᠨ ᠤ ᠡᠮᠨᠡᠯᠭᠡ ᠶᠢᠨ ᠲᠤᠰᠠᠯᠠᠮᠵᠢ ᠶᠢᠨ ᠬᠡᠷᠡᠭᠵᠢᠭᠦᠯᠬᠦ ᠰᠠᠨᠠᠯ ᠢ ᠤᠯᠠᠮ | ᠨᠠᠷᠢᠯᠢᠭᠵᠢᠭᠤᠯᠬᠤ ᠶᠢ ᠲᠣᠳᠣᠷᠬᠠᠢ ᠱᠠᠭᠠᠷᠳᠠᠵᠠᠢ᠃ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢ ᠬᠢᠨᠠᠨ | ᠲᠣᠭᠲᠠᠭᠠᠬᠤ ᠪᠠᠷᠢᠮᠵᠢᠶ᠎ᠠ ᠪᠠ ᠲᠤᠰᠠᠯᠠᠮᠵᠢ ᠶᠢᠨ ᠬᠠᠷᠢᠴᠠᠯ ᠢ ᠲᠣᠭᠲᠠᠭᠠᠵᠤ᠂ ᠨᠥᠬᠦᠴᠡᠯ ᠳᠤ ᠨᠡᠶᠢᠴᠡᠬᠦ | ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢ ᠠᠭᠠᠵᠢᠮ ᠢᠶᠠᠷ ᠲᠤᠰᠠᠯᠠᠮᠵᠢ ᠶᠢᠨ ᠬᠦᠷᠢᠶ᠎ᠡ ᠬᠡᠪᠴᠢᠶ᠎ᠡ ᠳᠤ | ᠣᠷᠣᠭᠤᠯᠤᠨ᠎ᠠ᠃ ᠡᠭᠦᠨ ᠤ ᠬᠠᠮᠲᠤ ᠭᠤᠣᠯᠳᠠᠯᠭ᠎ᠠ ᠲᠠᠢ ᠲᠤᠰᠠᠯᠠᠭᠳᠠᠭᠴᠢ ᠲᠣᠭᠲᠠᠭᠰᠠᠨ ᠴᠢᠭ ᠤᠨ ᠡᠮᠨᠡᠯᠭᠡ ᠶᠢᠨ | ᠪᠠᠶᠢᠭᠤᠯᠤᠮᠵᠢ ᠳᠤ ᠡᠮᠴᠢᠯᠡᠭᠦᠯᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠬᠤ | ᠵᠠᠷᠤᠳᠠᠯ ᠤᠨ ᠲᠤᠰᠠᠯᠠᠮᠵᠢ ᠶᠢᠨ ᠬᠠᠷᠢᠴᠠᠯ ᠢ ᠴᠥᠮ 70 % ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ |