ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠶᠢᠨ ᠲᠠᠪᠴᠠᠩ ᠠᠵᠢᠯᠯᠠᠭᠠᠨ ᠳᠤ ᠣᠷᠣᠪᠠ  ᠤᠯᠠᠭᠠᠨ ᠨᠡᠪᠲᠡᠷᠡᠭᠦᠯᠬᠦ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2016/1/21
     1 ᠳ᠋ᠤᠭᠡᠷ ᠰᠠᠷ᠎ᠠ ᠶᠢᠨ 20᠎ ᠤ ᠡᠳᠤᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠶᠢᠨ ᠲᠠᠪᠴᠡᠩ ᠪᠠᠶᠢᠭᠤᠯᠤᠬᠳᠠᠨ ᠠᠵᠢᠯᠯᠠᠬᠤ ᠵᠢᠴᠢ ᠮᠤᠩᠭᠤᠯ ᠶᠡᠷᠢᠶᠡᠨ ᠤ ᠬᠡᠯᠡᠨ ᠤ ᠮᠠᠲ᠋ᠧᠷᠢᠶᠡᠯ ᠤᠨ ᠬᠦᠮᠦᠷᠭᠡ ᠶᠢᠨ ᠲᠡᠯᠭᠡᠨ ᠦᠵᠡᠬᠦᠯᠬᠦ ᠰᠢᠰᠲ᠋ᠧᠮ ᠤᠨ ᠠᠰᠢᠬᠯᠠᠯᠳᠠ ᠳᠤ ᠤᠷᠤᠬᠤ ᠶᠤᠰᠤᠯᠠᠯ ᠶᠠᠪᠤᠬᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ᠂ ᠦᠪᠡᠷᠳᠡᠭᠡᠨ ᠵᠠᠰᠠᠬᠤ ᠤᠷᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠦ᠋ ᠲᠤᠸᠡᠨ ᠶᠢᠩ ᠨᠡᠪᠲᠡᠷᠡᠭᠦᠯᠬᠦ ᠶᠤᠰᠤᠯᠠᠯ ᠳᠤ ᠤᠷᠤᠯᠴᠠᠬᠰᠡᠨ ᠪᠦᠭᠡᠳ ᠳ᠋ᠠᠶᠢᠲ᠋ᠠ ᠬᠦᠮᠦᠷᠭᠡ ᠶᠢᠨ ᠲᠠᠪᠴᠡᠩ ᠢ ᠨᠡᠪᠳᠡᠷᠡᠬᠦᠯᠪᠡ᠃      ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠪᠤᠯ ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠪᠠᠶᠢᠭᠤᠯᠤᠯᠳᠠ ᠶᠢᠨ ᠰᠤᠳᠤᠯᠭᠠᠨ ᠤ ᠢᠨᠵᠧᠨᠧᠷᠢᠩ ᠤᠨ ᠴᠢᠬᠤᠯᠠ ᠶᠡᠭᠡ ᠲᠦᠷᠤᠯ ᠵᠦᠢᠯ ᠤᠨ ᠨᠢᠭᠡ ᠪᠠᠶᠢᠵᠦ᠂ ᠲᠣᠭᠠᠵᠢᠭᠤᠯᠤᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠬᠯᠠᠨ᠂ ᠦᠨᠳᠤᠰᠤᠳᠡᠨ ᠤ ᠰᠤᠶᠤᠯ ᠤᠨ ᠡᠬᠢ ᠪᠠᠶᠠᠯᠢᠭ ᠢ ᠬᠠᠮᠠᠭᠠᠯᠠᠨ ᠰᠣᠳᠣᠯᠬᠤ ᠪᠠ ᠨᠡᠬᠡᠬᠡᠨ ᠠᠰᠢᠭᠯᠠᠬᠤ ᠶᠢᠨ ᠲᠥᠯᠦᠭᠡ᠂ ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠪᠠᠶᠢᠭᠤᠯᠤᠯᠳᠠ ᠶᠢᠨ ᠰᠤᠳᠤᠯᠭᠠᠨ ᠤ ᠢᠨᠵᠧᠨᠧᠷᠢᠩ ᠵᠢᠴᠢ ᠦᠪᠡᠷᠳᠡᠭᠡᠨ ᠵᠠᠰᠠᠬᠤ ᠤᠷᠤᠨ ᠤ ᠤᠢᠢᠷ᠎ᠠ ᠶᠢᠨ ᠵᠢᠯ ᠤᠨ ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠠᠯᠠᠭ᠎ᠠ ᠮᠦᠴᠢᠷ ᠳᠠᠭᠠᠭᠠᠵᠤ ᠪᠠᠶᠢᠭᠤᠯᠤᠭᠰᠠᠨ ᠰᠤᠶᠤᠯ ᠤᠨ ᠪᠠᠶᠢᠭᠤᠯᠤᠯᠳᠠ ᠶᠢᠨ ᠲᠥᠷᠥᠯ ᠵᠦᠢᠯ ᠤᠨ ᠦᠷ᠎ᠠ ᠪᠦᠳᠤᠭᠡᠯ ᠪᠥᠬᠦᠢ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠳᠠᠢ ᠰᠤᠶᠤᠯ ᠤᠨ ᠳ᠋ᠠᠶᠢᠲ᠋ᠠ ᠬᠦᠮᠦᠷᠭᠡ ᠶᠢ ᠪᠥᠬᠦ ᠲᠠᠯ᠎ᠠ ᠪᠠᠷ ᠲᠣᠬᠢᠷᠠᠭᠤᠯᠬᠤ ᠶᠢᠨ ᠬᠠᠮᠲᠤ ᠰᠢᠰᠲ᠋ᠧᠮ ᠲᠠᠢ ᠳᠡᠯᠭᠡᠨ ᠦᠵᠡᠭᠦᠯᠦᠭᠰᠡᠨ ᠪᠠᠶᠢᠨ᠎ᠠ᠃ ᠣᠳᠣᠬᠠᠨ ᠳᠤ᠂ ᠲᠤᠰ ᠳ᠋ᠠᠶᠢᠲ᠋ᠠ ᠬᠦᠮᠦᠷᠭᠡ ᠳᠤ ᠰᠤᠷᠪᠤᠯᠵᠢ ᠪᠢᠴᠢᠭ ᠤᠨ ᠲᠠᠩᠰᠠ ᠡᠪᠬᠡᠮᠡᠯ ᠤᠨ ᠬᠥᠮᠦᠷᠭᠡ᠂ ᠦᠪᠤᠷ ᠮᠤᠩᠭᠤᠯ ᠤᠨ ᠰᠤᠶᠤᠯ ᠤᠨ ᠡᠬᠢ ᠪᠠᠶᠠᠯᠢᠭ ᠤᠨ ᠬᠦᠮᠦᠷᠭᠡ᠂ ᠦᠪᠤᠷ ᠮᠤᠩᠭᠤᠯ ᠤᠨ ᠦᠨᠳᠤᠰᠤᠳᠡᠨ ᠬᠢᠭᠡᠳ ᠠᠷᠡᠳ ᠤᠨ ᠲᠤᠮᠳᠡᠬᠢ ᠰᠤᠶᠤᠯ ᠤᠨ ᠦᠪ ᠤᠨ ᠬᠦᠮᠦᠷᠭᠡ᠂ ᠮᠤᠩᠭᠤᠯ ᠦᠨᠳᠤᠰᠤᠳᠡᠨ ᠤ ᠴᠢᠳᠡᠪᠦᠷᠢᠳᠡᠨ ᠤ ᠬᠦᠮᠦᠷᠭᠡ ᠵᠡᠷᠭᠡ 10 ᠰᠠᠯᠪᠦᠷᠢ ᠬᠦᠮᠦᠷᠭᠡ ᠶᠢ ᠪᠠᠭᠲᠠᠭᠠᠪᠠ᠃ ᠲᠤᠰ ᠤᠳᠠᠭ᠎ᠠ ᠠᠰᠢᠬᠯᠠᠯᠳᠠ ᠳᠤ ᠤᠷᠤᠬᠰᠡᠨ ᠮᠤᠩᠭᠤᠯ ᠶᠡᠷᠢᠶᠡᠨ ᠤ ᠬᠡᠯᠡᠨ ᠤ ᠮᠠᠲ᠋ᠧᠷᠢᠶᠡᠯ ᠤᠨ ᠬᠦᠮᠦᠷᠭᠡ ᠪᠤᠯ ᠠᠩᠬᠠᠳᠠᠭᠴᠢ ᠪᠥᠯᠦᠭ ᠠᠰᠢᠬᠯᠠᠯᠳᠠ ᠳᠤ ᠣᠷᠣᠵᠣ ᠠᠵᠢᠯᠯᠠᠭᠰᠠᠨ ᠰᠠᠯᠪᠤᠷᠢ ᠬᠦᠮᠦᠷᠭᠡ ᠪᠤᠯᠬᠤ ᠶᠤᠮ᠂ ᠬᠤᠶᠢᠰᠢᠲᠠ ᠪᠣᠲᠠᠳᠤ ᠪᠠᠶᠢᠳᠠᠯ ᠢᠶᠠᠨ ᠦᠨᠳᠦᠰᠦᠯᠡᠵᠦ ᠨᠡᠮᠡᠨ ᠥᠷᠭᠡᠳᠬᠡᠬᠦ ᠪᠣᠯᠣᠨ᠎ᠠ᠃      ᠣᠶᠢᠯᠠᠭᠠᠭᠰᠠᠨ ᠢᠶᠠᠷ᠂ ᠦᠪᠤᠷ ᠮᠤᠩᠭᠤᠯ ᠤᠨ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠶᠢᠨ ᠪᠠᠶᠢᠭᠤᠯᠤᠯᠳᠠ ᠶᠢᠨ ᠲᠦᠷᠤᠯ ᠵᠦᠢᠯ ᠢ 2014 ᠣᠨ ᠳᠤ ᠬᠡᠷᠡᠭᠵᠢᠭᠦᠯᠦᠭᠰᠡᠨ ᠠᠴᠠ ᠨᠠᠰᠢ᠂ ᠭᠤᠣᠯᠳᠠᠭᠤ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠶᠢᠨ 14 ᠪᠠᠷᠢᠮᠵᠢᠶᠠᠲᠤ ᠵᠢᠷᠤᠮᠵᠢᠭᠰᠠᠨ ᠰᠢᠰᠲ᠋ᠧᠮᠵᠢ ᠶᠢᠨ ᠪᠠᠶᠢᠭᠤᠯᠤᠯᠲᠠ᠂ ᠪᠥᠬᠦᠳᠡ ᠵᠠᠭᠤᠴᠢᠯᠠᠭᠤᠷ ᠤᠨ ᠣᠯᠠᠨ ᠬᠡᠯᠡᠨ ᠤ ᠲᠥᠷᠥᠯ ᠤᠨ ᠡᠬᠢ ᠪᠠᠶᠠᠯᠢᠭ ᠤᠨ ᠬᠡᠷᠡᠭᠯᠡᠭᠡᠨ ᠤ ᠲᠤᠯᠭᠠᠭᠤᠷᠢ ᠵᠥᠭᠡᠯᠡᠨ ᠲᠣᠨᠤᠭ ᠤᠨ ᠲᠠᠪᠴᠠᠩ ᠤᠨ ᠪᠠᠶᠢᠭᠤᠯᠤᠯᠲᠠ᠂ ᠦᠨᠳᠤᠰᠤᠳᠡᠨ ᠤ ᠰᠤᠶᠤᠯ ᠤᠨ ᠳ᠋ᠠᠶᠢᠲ᠋ᠠ ᠬᠦᠮᠦᠷᠭᠡ ᠶᠢᠨ ᠬᠡᠷᠡᠭᠯᠡᠭᠡᠨ ᠤ ᠵᠥᠭᠡᠯᠡᠨ ᠲᠣᠨᠤᠭ ᠤᠨ ᠨᠡᠬᠡᠬᠡᠯᠲᠡ᠂ ᠳ᠋ᠠᠶᠢᠲ᠋ᠠ ᠬᠦᠮᠦᠷᠭᠡ ᠶᠢᠨ ᠰᠢᠯᠵᠢᠮᠡᠯ ᠦᠵᠦᠭᠦᠷ ᠤᠨ ᠨᠡᠶᠢᠲᠡᠯᠡᠬᠦ ᠰᠢᠰᠲ᠋ᠧᠮᠵᠢ ᠶᠢᠨ ᠨᠡᠬᠡᠬᠡᠯᠲᠡ᠂ ᠠᠷᠪᠠᠨ ᠶᠡᠭᠡ ᠳ᠋ᠠᠶᠢᠲ᠋ᠠ ᠬᠦᠮᠦᠷᠭᠡ ᠶᠢ ᠨᠢᠬᠡᠲᠦᠯᠲᠡᠢ ᠪᠠᠶᠢᠴᠠᠭᠠᠨ ᠡᠷᠢᠬᠦ ᠲᠠᠪᠴᠠᠩ ᠤᠨ ᠨᠡᠬᠡᠬᠡᠯᠲᠡ ᠵᠡᠷᠭᠡ ᠠᠭᠤᠯᠭ᠎ᠠ ᠶᠢ ᠪᠠᠭᠲᠠᠭᠠᠭᠰᠠᠨ ᠲᠤᠭ᠎ᠠ ᠪᠠᠷᠢᠮᠲᠠ ᠶᠢ ᠪᠣᠯᠪᠠᠰᠤᠷᠠᠭᠤᠯᠬᠤ ᠪᠠᠷᠢᠮᠵᠢᠶᠠᠲᠤ ᠰᠢᠰᠲ᠋ᠧᠮᠵᠢ ᠪᠣᠯᠣᠨ ᠳ᠋ᠠᠶᠢᠲ᠋ᠠ ᠬᠦᠮᠦᠷᠭᠡ ᠶᠢᠨ ᠲᠤᠯᠭᠠᠭᠤᠷᠢ ᠲᠠᠪᠴᠠᠩ ᠤᠨ ᠰᠢᠰᠲ᠋ᠧᠮ ᠢ ᠪᠠᠶᠢᠭᠤᠯᠬᠤ ᠬᠤᠶᠠᠷ ᠵᠦᠢᠯ ᠤᠨ ᠱᠠᠲᠤ ᠦᠶ᠎ᠡ ᠶᠢᠨ ᠴᠢᠨᠠᠷᠲᠠᠢ ᠰᠣᠳᠣᠯᠣᠨ ᠦᠢᠯᠡᠳᠬᠦ ᠠᠵᠢᠯ ᠢ ᠨᠢᠭᠡᠨᠲᠡ ᠪᠡᠶᠡᠯᠡᠭᠦᠯᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号