ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠨᠢ ᠳᠤᠮᠳᠠᠳᠤ ᠤᠯᠤᠰ ᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠤᠷᠰᠢᠯᠴᠠᠭᠠᠨ ᠤ ᠵᠥᠪᠳᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2016/1/21
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠨᠢ ᠳᠤᠮᠳᠠᠳᠤ ᠤᠯᠤᠰ ᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ︽ᠳᠤᠮᠳᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠶᠢᠯᠳᠤᠬᠤ ᠪᠤᠳᠤᠯᠭ᠎ᠠ ᠶᠢᠨ ᠬᠤᠷᠰᠢᠯᠴᠠᠭᠠᠨ ᠤ ᠵᠥᠪᠳᠡᠯᠴᠡᠭᠡᠷ︾ ᠲᠣᠭᠲᠠᠪᠠ᠃ ᠵᠥᠪᠳᠡᠯᠴᠡᠭᠡᠷ ᠲᠤ ᠲᠣᠭᠲᠠᠭᠰᠠᠨ ᠢᠶᠠᠷ᠂ ᠳᠤᠮᠳᠠᠳᠤ ᠤᠯᠤᠰ ᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠢᠷᠡᠬᠦ ᠭᠤᠷᠪᠠᠨ ᠵᠢᠯ ᠤᠨ ᠳᠣᠲᠣᠷ᠎ᠠ᠂ ᠪᠦᠬᠦ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠡᠶᠢᠳᠡ 500 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠪᠣᠯᠣᠨ᠎ᠠ᠃      ᠭᠠᠷ ᠤᠨ ᠦᠰᠦᠭ ᠵᠢᠷᠤᠬᠤ ᠶᠣᠰᠣᠯᠠᠯ ᠤᠨ ᠲᠠᠷᠠᠭ᠎ᠠ᠂ ᠬᠤᠶᠠᠷ ᠲᠠᠯ᠎ᠠ ᠪᠠᠷ ᠢᠶᠠᠨ ᠵᠥᠪᠳᠡᠯᠴᠡᠭᠡᠷ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠳᠤᠬᠢᠷᠠᠭᠤᠯᠭ᠎ᠠ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠶᠠᠷᠢᠯᠴᠠᠬᠤ ᠬᠤᠷᠠᠯ ᠬᠢᠪᠡ᠃ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠭᠦᠩ ᠯᠢᠶᠠᠨ ᠬᠤᠸᠠ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠪᠠᠶᠢᠳᠠᠯ ᠢ ᠲᠠᠨᠢᠯᠴᠠᠭᠤᠯᠪᠠ᠂ ᠲᠡᠷᠡ ᠬᠡᠯᠡᠭᠰᠡᠨ ᠨᠢ᠂ ᠤᠶᠢᠷ᠎ᠠ ᠶᠢᠨ 3 ᠵᠢᠯ ᠳᠤ ᠵᠢᠵᠢᠭ ᠪᠢᠴᠢᠯ ᠠᠵᠤ ᠠᠬᠤᠶᠢᠯᠠᠯ ᠳᠤ 318.87 ᠳ᠋ᠦᠩᠰᠢᠭᠤᠷ ᠲᠦᠬᠦᠷᠢᠭ ᠤᠨ ᠵᠢᠭᠡᠯᠡᠯᠭᠡ ᠲᠠᠯᠪᠢᠵᠤ᠂ 5.06 ᠲᠦᠮᠡᠨ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠪᠡ᠃ ᠳᠠᠷᠠᠭᠠᠴᠢ ᠶᠢᠨ ᠠᠯᠬᠤᠮ ᠳᠤ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠎ ᠤᠨ ᠬᠤᠪᠢᠶᠠᠷᠢ ᠪᠠᠩᠬᠢ ᠨᠢ  ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠎ ᠲᠠᠢ ᠪᠦᠬᠦ ᠲᠠᠯ᠎ᠠ ᠪᠠᠷ ᠭᠦᠨᠵᠡᠭᠡᠢ ᠬᠤᠷᠰᠢᠯᠴᠠᠵᠤ᠂ ᠬᠠᠮᠲᠤ ᠪᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠬᠠᠮᠲᠤ ᠪᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃  ᠳᠡᠳ᠋ ᠳᠠᠷᠤᠭ᠎ᠠ ᠬᠦᠩ ᠯᠢᠶᠠᠨ ᠬᠤᠸᠠ ᠪᠠᠰᠠ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠲᠤᠬᠠᠶ ᠰᠠᠨᠠᠭᠤᠯᠭ᠎ᠠ ᠳᠤᠷᠠᠳᠴᠠᠶ᠃      ᠥᠪᠡᠷᠲᠡᠭᠡᠨ ᠵᠠᠰᠠᠬᠤ ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠲᠣᠪᠴᠢᠶ᠎ᠠ ᠶᠢᠨ ᠳᠠᠷᠤᠭ᠎ᠠ ᠵᠠᠩ ᠳ᠋ᠧ ᠤᠷᠢᠳᠠᠪᠠᠷ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠎ ᠠᠴᠠ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠳᠤᠨᠢ ᠲᠠᠯᠠᠷᠬᠠᠯ ᠢᠶᠠᠨ ᠢᠯᠡᠳᠭᠡᠪᠡ᠂ ᠲᠡᠷᠡ ᠬᠡᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠵᠠᠯᠭᠠᠭᠠᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠢᠨ᠎ᠡ ᠶᠢ ᠡᠭᠦᠳᠬᠦ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠬᠤᠷᠰᠢᠯᠴᠠᠭᠠᠨ ᠤ ᠵᠠᠭᠪᠤᠷᠰᠢᠯ᠂ ︽ᠪᠠᠲᠤᠯᠠᠭ᠎ᠠ ᠶᠢᠨ ᠮᠥᠩᠭᠦ ᠶᠢ ᠲᠤᠰᠠᠯᠠᠬᠤ ᠵᠢᠭᠡᠯᠡᠯᠭᠡ︾᠎ ᠶᠢᠨ ᠢᠯᠭᠠᠭ᠎ᠠ ᠲᠠᠢ ᠬᠠᠮᠢᠶᠠᠷᠬᠤ ᠦᠢᠯᠡᠴᠢᠯᠡᠭᠡ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠬᠤᠷᠰᠢᠯᠴᠠᠬᠤ ᠬᠡᠷᠡᠭᠲᠡᠢ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠳ᠋ᠠᠶᠢᠲ᠋ᠠ ᠬᠥᠮᠥᠷᠭᠡ᠂ ᠪᠡᠯᠡ ᠳᠤᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠎ ᠶᠢᠨ ᠬᠥᠮᠥᠷᠭᠡ ᠶᠢ ᠪᠦᠲᠦᠭᠡᠨ ᠪᠠᠶᠢᠭᠤᠯᠵᠤ᠂ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠠᠵᠢᠯᠯᠠᠭᠠᠨ ᠢ ᠬᠢᠨᠠᠨ ᠬᠡᠮᠵᠢᠬᠦ ᠪᠠ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠬᠤ ᠶᠢ ᠪᠡᠶᠡᠯᠡᠭᠦᠯᠵᠦ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠲᠠᠢ ᠡᠬᠢ ᠪᠠᠶᠠᠯᠢᠭ ᠢ ᠬᠠᠮᠲᠤ ᠪᠠᠷ ᠠᠰᠢᠭᠯᠠᠵᠤ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠶᠢ ᠬᠦᠰᠡᠵᠦ ᠪᠤᠢ︔ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠬᠤᠷᠰᠢᠯᠴᠠᠭᠠᠨ ᠤ ᠵᠠᠭᠪᠤᠷᠰᠢᠯ ᠢ ᠰᠢᠨ᠎ᠡ ᠶᠢ ᠡᠭᠦᠳᠬᠦ ᠲᠠᠯ᠎ᠠ ᠪᠠᠷ᠂ ᠤᠳᠤ ᠪᠠᠶᠢᠭ᠎ᠠ ᠵᠠᠰᠠᠭ ᠪᠠᠩᠬᠢ ᠠᠵᠤ ᠠᠬᠤᠶᠢᠯᠠᠯ ᠤᠨ ᠬᠤᠷᠰᠢᠯᠴᠠᠭᠠᠨ ᠤ ᠵᠠᠭᠪᠤᠷᠰᠢᠯ ᠤᠨ ᠰᠠᠭᠤᠷᠢᠨ ᠳᠡᠭᠡᠷ᠎ᠡ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠬᠠᠮᠲᠤ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠰᠢᠨ᠎ᠡ ᠬᠤᠷᠰᠢᠯᠴᠠᠭᠠᠨ ᠤ ᠵᠠᠭᠪᠤᠷᠰᠢᠯ ᠢ ᠬᠠᠶᠢᠨ ᠰᠦᠪᠡᠭᠴᠢᠯᠡᠵᠦ᠂ ᠳᠠᠭᠠᠳᠬᠠᠯ᠂ ᠪᠠᠲᠤᠯᠠᠪᠤᠷᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠵᠤ᠂ ᠵᠠᠰᠠᠭ ᠪᠠᠩᠬᠢ ᠪᠠᠲᠤᠯᠠᠪᠤᠷᠢ ︵ᠳᠠᠭᠠᠳᠬᠠᠯ᠂ ᠠᠵᠤ ᠠᠬᠤᠶᠢᠯᠠᠯ︶ ᠎ ᠶᠢᠨ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠪᠠᠭᠠᠰᠬᠠᠬᠤ ᠶᠢᠨ ᠬᠠᠮᠲᠤ ᠬᠡᠰᠡᠭ ᠠᠶᠢᠮᠠᠭ ᠬᠤᠲᠠ ᠭᠠᠵᠠᠷ ᠣᠷᠣᠨ ᠢ ᠰᠣᠩᠭᠤᠨ ᠠᠶᠢᠮᠠᠭ ᠬᠤᠳᠠ ᠶᠢᠨ ᠨᠢᠭᠡᠳᠦᠯᠲᠡᠶ ᠲᠥᠯᠥᠪᠯᠡᠬᠦ ᠵᠠᠭᠪᠤᠷᠰᠢᠯ ᠤᠨ ᠲᠤᠷᠰᠢᠯᠲᠠ ᠶᠢᠨ ᠴᠢᠭ᠋ ᠢᠶᠠᠷ ᠲᠣᠭᠲᠠᠭᠠᠬᠤ ᠶᠢ ᠬᠦᠰᠡᠵᠦ ᠪᠤᠢ︔ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠢᠯᠭᠠᠭ᠎ᠠ ᠲᠠᠢ ᠬᠠᠮᠢᠶᠠᠷᠬᠤ ᠦᠢᠯᠡᠴᠢᠯᠡᠭᠡ  ᠶᠢ ᠲᠦᠯᠬᠢᠨ ᠠᠬᠢᠭᠤᠯᠬᠤ ᠲᠠᠯ᠎ᠠ ᠪᠠᠷ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠬᠤᠷᠰᠢᠯᠴᠠᠭᠠᠨ ᠤ ᠳᠤᠮᠳᠠ ᠥᠪᠡᠷ ᠤᠨ ᠣᠨᠴᠠᠯᠢᠭ ᠵᠢᠴᠢ ᠳᠠᠪᠠᠭᠤᠯᠢᠭ ᠲᠠᠯ᠎ᠠ ᠪᠠᠨ ᠳᠣᠪᠤᠶᠢᠯᠭᠠᠵᠤ᠂ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ᠂ ᠬᠢᠨᠠᠨ ᠵᠥᠪᠰᠢᠶᠡᠷᠡᠬᠦ ᠴᠤᠪᠤᠷᠠᠯ ᠤᠨ ᠭᠠᠷᠳᠠᠮ ᠢ ᠳᠦᠭᠦᠮᠴᠢᠯᠡᠬᠦ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠬᠤ᠂ ︽ᠲᠤᠰᠠᠯᠠᠮᠵᠢ ᠶᠢᠨ ᠪᠠᠲᠤᠯᠭᠠᠲᠤ ᠵᠢᠭᠡᠯᠡᠯᠭᠡ︾᠎ ᠎ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠡᠳᠦᠶ ᠲᠡᠳᠦᠶ ᠰᠢᠪᠲᠤᠯᠤᠯᠲᠠ ᠭᠠᠷᠭᠠᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号