| | 2016 ᠣᠨ ᠤ 1 ᠳ᠋ᠦ᠋ᠭᠡᠷ ᠰᠠᠷ᠎ᠠ ᠶᠢᠨ 11 — 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ︽12᠂ 5︾ | ᠤᠨ ᠬᠤᠭᠤᠴᠠᠭ᠎ᠠ ᠵᠢᠴᠢ 2015 ᠣᠨ ᠤ ᠵᠠᠮ ᠲᠡᠭᠡᠭᠡᠪᠦᠷᠢ ᠶᠢᠨ ᠠᠵᠢᠯ ᠢ ᠡᠷᠭᠢᠴᠡᠭᠦᠯᠦᠨ ᠳ᠋ᠦᠩᠨᠡᠵᠦ᠂ ᠵᠠᠮ | ᠲᠡᠭᠡᠭᠡᠪᠦᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠥᠪᠡᠷᠲᠡᠭᠡᠨ | ᠵᠠᠰᠠᠬᠤ ᠣᠷᠣᠨ ᠤ ᠵᠠᠮ ᠲᠡᠭᠡᠭᠡᠪᠦᠷᠢ ᠶᠢᠨ ︽13 · 5︾ ᠶᠢᠨ ᠶᠡᠷᠦᠩᠬᠡᠶ ᠰᠡᠳᠬᠢᠮᠵᠢ ᠬᠠᠷᠠᠯᠲᠠ ᠪᠣᠯᠤᠨ | ᠭᠤᠣᠯᠳᠠᠯᠭ᠎ᠠ ᠲᠠᠢ ᠠᠵᠢᠯ ᠢ ᠲᠣᠭᠲᠠᠭᠠᠵᠤ᠂ 2016 ᠣᠨ ᠤ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ | ᠸᠠᠩ ᠪᠥᠸᠧ᠂ ᠳᠡᠳ᠋ ᠨᠠᠷᠢᠨ ᠪᠢᠴᠢᠭ ᠤᠨ ᠳᠠᠷᠤᠭ᠎ᠠ ᠼᠤᠤ ᠰᠢᠶᠣᠤ ᠪᠢᠠ ᠬᠤᠷᠠᠯ ᠳᠤ ᠣᠷᠤᠯᠴᠠᠵᠤ᠂ ᠸᠠᠩ ᠪᠥᠸᠧ | ᠴᠢᠬᠤᠯᠠ ᠶᠠᠷᠢᠶ᠎ᠠ ᠲᠠᠯᠪᠢᠨ᠂ ᠼᠤᠤ ᠰᠢᠶᠣᠤ ᠪᠢᠠ ᠬᠤᠷᠠᠯ ᠡᠷᠬᠢᠯᠡᠵᠦ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠯᠢᠶᠠᠨ ᠰᠦ᠋ ᠠᠵᠢᠯ ᠤᠨ ᠢᠯᠡᠳᠬᠡᠯ ᠬᠢᠪᠡ᠃ | ᠬᠤᠷᠠᠯ ᠳᠤ 2015 ᠣᠨ ᠤ ᠵᠢᠴᠢ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠢ ᠶᠡᠷᠦᠩᠬᠡᠶᠢᠯᠡᠨ ᠡᠷᠭᠢᠴᠡᠭᠦᠯᠪᠡ᠃ 2015 ᠣᠨ ᠪᠣᠯ ᠮᠠᠨ ᠤ | ᠣᠷᠣᠨ ᠤ ᠵᠠᠮ ᠲᠡᠭᠡᠭᠡᠪᠦᠷᠢ ᠶᠢᠨ ᠠᠵᠢᠯ ᠲᠦᠷᠦᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠠᠵᠤ | ᠠᠬᠤᠶ ᠶᠢᠨ ᠪᠠᠶᠢᠳᠠᠯ ᠳᠣᠣᠷ᠎ᠠ ᠦᠷᠭᠦᠯᠵᠢᠯᠡᠨ ᠪᠡᠶ᠎ᠡ ᠪᠠᠨ ᠵᠣᠷᠢᠭᠵᠢᠭᠤᠯᠵᠤ ᠡᠷᠡᠯᠬᠡᠭᠯᠡᠨ ᠤᠷᠤᠭᠰᠢᠯᠠᠭᠰᠠᠨ ᠨᠢᠭᠡ ᠵᠢᠯ | ᠮᠦᠨ᠃ ᠵᠠᠮ ᠲᠡᠭᠡᠭᠡᠪᠦᠷᠢ ᠶᠢᠨ ᠠᠵᠢᠯ ᠨᠢ ︽ᠬᠤᠶᠠᠷ ᠰᠢᠪᠲᠤᠯᠤᠯᠲᠠ᠂ ᠬᠤᠶᠠᠷ ᠳᠠᠪᠠᠭᠤᠯᠤᠨ ᠪᠡᠶᠡᠯᠡᠭᠦᠯᠬᠦ︾ ᠶᠢ | ᠪᠡᠶᠡᠯᠡᠭᠦᠯᠵᠦ᠂ ᠵᠢᠯ ᠤᠨ ᠡᠴᠦᠰ ᠪᠣᠯᠬᠤ ᠳᠤ᠂ ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ 5000 | ᠺᠢᠯᠣᠮᠧᠲᠷ ᠢ ᠳᠠᠪᠠᠵᠤ᠂ ᠨᠢᠭᠡᠳᠦᠭᠡᠷ ᠳᠡᠰ ᠤᠨ ᠵᠠᠰᠠᠮᠠᠯ ᠵᠠᠮ 6000 ᠺᠢᠯᠣᠮᠧᠲᠷ ᠢ ᠳᠠᠪᠠᠪᠠ︔ ᠭᠠᠴᠠᠭ᠎ᠠ | ᠲᠣᠰᠬᠤᠨ ᠳᠤ ᠨᠡᠪᠲᠡᠷᠡᠬᠦ ᠴᠠᠷᠳᠠᠮᠠᠯ ᠱᠦᠢᠨᠢ ᠶᠢᠨ ᠵᠠᠮ ᠤᠨ ᠣᠨ ᠤ ᠬᠠᠷᠠᠯᠲᠤ ᠡᠭᠦᠷᠭᠡ ᠪᠠᠨ ᠳᠠᠪᠠᠭᠤᠯᠤᠨ | ᠪᠡᠶᠡᠯᠡᠭᠦᠯᠵᠦ᠂ ᠭᠠᠴᠠᠭ᠎ᠠ ᠲᠣᠰᠬᠤᠨ ᠤ ᠵᠡᠭᠡᠯᠢ ᠭᠤᠳᠤᠮ ᠤᠨ ᠬᠠᠲᠠᠭᠤᠷᠠᠭᠤᠯᠬᠤ ᠪᠠᠷᠢᠯᠭ᠎ᠠ ᠶᠢᠨ ᠤᠤᠯ ᠤᠨ ᠭᠤᠷᠪᠠᠨ | ᠵᠢᠯ ᠢᠶᠠᠷ ᠲᠦᠯᠦᠪᠯᠡᠭᠰᠡᠨ ᠡᠭᠦᠷᠭᠡ ᠶᠢ ᠬᠤᠶᠠᠷ ᠵᠢᠯ ᠳᠤ ᠳᠠᠪᠠᠭᠤᠯᠤᠨ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ | ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ ᠪᠦᠬᠦ ᠵᠢᠯ ᠳᠤ ᠵᠠᠰᠠᠮᠠᠯ ᠵᠠᠮ ᠤᠨ | ᠪᠦᠳᠦᠭᠡᠨ ᠪᠠᠶᠢᠭᠤᠯᠤᠯᠲᠠ ᠳᠤ 760 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠶᠢ ᠪᠡᠶᠡᠯᠡᠭᠦᠯᠵᠦ᠂ | ᠵᠢᠯ ᠤᠨ ᠡᠬᠢᠨ ᠤ ᠬᠠᠷᠠᠯᠲᠠ ᠠᠴᠠ 60 ᠳ᠋ᠦᠩᠰᠢᠭᠤᠷ ᠲᠥᠭᠦᠷᠢᠭ ᠨᠡᠮᠡᠭᠳᠡᠵᠦ᠂ ᠲᠦᠷᠦᠭᠦᠦ ᠵᠢᠯ ᠤᠨ ᠬᠢ ᠠᠴᠠ | 100 ᠳ᠋ᠦᠩᠰᠢᠭᠤᠷ ᠲᠥᠭᠦᠷᠢᠭ ᠨᠡᠮᠡᠭᠳᠡᠵᠦ᠂ 15% ᠪᠠᠷ ᠨᠡᠮᠡᠭᠳᠡᠪᠡ᠃ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ | ᠪᠥᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 4300 ᠲᠦᠮᠡᠨ ᠲᠥᠭᠦᠷᠢᠭ ᠲᠤ ᠬᠦᠷᠴᠦ᠂ 7.5% ᠪᠠᠷ | ᠨᠡᠮᠡᠭᠳᠡᠪᠡ᠃ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ ᠪᠠᠶᠢᠬᠤ ᠵᠠᠰᠠᠮᠠᠯ ᠵᠠᠮ ᠤᠨ ᠤᠷᠳᠤ ᠨᠢ 20563 | ᠺᠢᠯᠣᠮᠧᠲᠷ ᠪᠠᠶᠢᠵᠤ᠂ ᠵᠢᠯ ᠤᠨ ᠡᠬᠢᠨ ᠤ ᠬᠠᠷᠠᠯᠲᠠ ᠠᠴᠠ 2563 ᠺᠢᠯᠣᠮᠧᠲᠷ ᠨᠡᠮᠡᠭᠳᠡᠨ᠂ ᠲᠦᠷᠦᠭᠦᠦ | ᠵᠢᠯ ᠤᠨ ᠬᠢ ᠠᠴᠠ 4667 ᠺᠢᠯᠣᠮᠧᠲᠷ ᠨᠡᠮᠡᠭᠳᠡᠵᠡᠢ᠂ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ 2096 | ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 2147 ᠺᠢᠯᠣᠮᠧᠲᠷ᠂ ᠬᠤᠶᠠᠳᠤᠭᠠᠷ ᠳᠡᠰ ᠤᠨ ᠵᠠᠰᠠᠮᠠᠯ ᠵᠡᠮ | 1533 ᠺᠢᠯᠣᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 1242 ᠺᠢᠯᠣᠮᠧᠲᠷ᠂ 284 | ᠺᠢᠯᠣᠮᠧᠲᠷ ᠪᠠ 65 ᠺᠢᠯᠣᠮᠧᠲᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ | ᠵᠠᠮ ᠤᠨ ᠵᠠᠶ 3000 ᠺᠢᠯᠣᠮᠧᠲᠷ ᠪᠠᠶᠢᠵᠤ᠂ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ 779 ᠺᠢᠯᠣᠮᠧᠲᠷ | ᠪᠠᠶᠢᠨ᠎ᠠ᠃ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠣᠷᠣᠨ ᠤ ᠵᠠᠮ | ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠪᠦᠭᠡᠳ ᠲᠦᠢᠯ ᠤᠨ | ᠴᠢᠬᠤᠯᠠ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ | ᠲᠦᠷᠦᠯ ᠨᠢ ᠪᠠᠶᠢᠳᠠᠯ ᠤᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠬᠥᠭᠵᠢᠯᠲᠡ ᠶᠢᠨ ᠪᠡᠷᠬᠡ | ᠰᠡᠳᠦᠪ ᠢ ᠢᠳᠡᠪᠬᠢᠲᠡᠶ ᠰᠢᠢᠳᠪᠦᠷᠢᠯᠡᠵᠦ᠂ ᠵᠠᠰᠠᠮᠠᠯ ᠵᠠᠮ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠳᠠᠪᠠᠭᠤᠯᠤᠨ | ᠪᠡᠶᠡᠯᠡᠭᠦᠯᠦᠭᠰᠡᠨ᠂ ᠵᠠᠮ ᠤᠨ ᠲᠣᠣᠷ ᠤᠨ ᠪᠥᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠭᠠᠷᠭᠠᠭᠰᠠᠨ᠂ | ᠠᠷᠠᠳ ᠤᠨ ᠠᠮᠢᠳᠤᠷᠠᠯ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠭᠰᠠᠨ᠂ | ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠡᠬᠡᠪᠡᠷ ᠳᠡᠭᠡᠭᠰᠢᠯᠡᠭᠰᠡᠨ ᠪᠦᠭᠡᠳ ᠥᠭᠡᠷᠡᠴᠢᠯᠡᠯᠲᠡ ᠶᠢᠨ | ᠠᠮᠢᠵᠢᠷᠠᠯ ᠤᠨ ᠬᠦᠴᠦᠨ ᠶᠠᠭ ᠰᠠᠶᠢᠬᠠᠨ ᠢᠯᠡᠷᠡᠵᠦ᠂ ᠪᠥᠬᠦ ᠣᠷᠣᠨ ᠤ ᠵᠠᠮ ᠲᠡᠭᠡᠭᠡᠪᠦᠷᠢ ︽ᠪᠣᠭᠤᠮᠢ ᠬᠢᠵᠠᠭᠠᠷᠯᠠᠯ︾ | ︽ᠦᠨᠳᠦᠰᠦᠨ ᠳᠤᠨᠢ ᠨᠠᠮᠵᠢᠭᠤᠯᠬᠤ︾ ᠠᠴᠠ ︽ᠠᠩᠬ᠎ᠠ ᠠᠯᠬᠤᠮ ᠵᠣᠬᠢᠴᠠᠬᠤ︾ ᠪᠣᠯᠤᠭᠰᠠᠨ ᠴᠢᠬᠤᠯᠠ ᠶᠡᠭᠡ | ᠳᠠᠪᠰᠢᠯᠲᠠ ᠶᠢ ᠪᠡᠶᠡᠯᠡᠭᠦᠯᠵᠦ᠂ ᠣᠳᠣᠬᠢᠴᠢᠯᠠᠭᠰᠠᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠬᠤ ᠳᠤ ᠪᠠᠲᠤ | ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠬᠤᠷᠠᠯ ᠠᠴᠠ ︽13᠂ 5︾ ᠶᠢᠨ ᠬᠤᠭᠤᠴᠠᠭᠠᠨ ᠳᠠᠬᠢ ᠪᠦᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠤᠨ | ᠶᠡᠷᠦᠩᠬᠡᠶ ᠰᠡᠳᠬᠢᠮᠵᠢ ᠬᠠᠷᠠᠯᠲᠠ ᠪᠠ ᠭᠤᠣᠯ ᠡᠭᠦᠷᠭᠡ ᠶᠢ ᠲᠣᠭᠲᠠᠭᠠᠪᠠ᠃ ︽13᠂ 5︾ ᠶᠢᠨ ᠬᠤᠭᠤᠴᠠᠭᠠᠨ ᠳᠤ᠂ | ᠪᠥᠬᠦ ᠣᠷᠣᠨ ᠤ ᠵᠠᠮ ᠲᠡᠭᠡᠭᠡᠪᠦᠷᠢ ᠶᠢᠨ ᠰᠢᠰᠲ᠋ᠧᠮᠵᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠯ ᠢ ᠪᠠᠷᠢᠮᠳᠠᠯᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠴᠢᠯᠦᠭᠡᠲᠡᠢ ᠶᠠᠪᠤᠯᠴᠠᠬᠤ᠂ | ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠨᠤᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠪᠠ ᠬᠥᠲᠥᠯᠥᠨ ᠳᠠᠭᠠᠭᠤᠯᠵᠤ᠂ ᠵᠠᠰᠠᠮᠠᠯ ᠵᠠᠮ ᠤᠨ ᠰᠠᠭᠤᠷᠢ | ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠤᠳᠤᠷᠢᠳᠤᠮᠵᠢ ᠶᠢᠨ ᠴᠢᠨᠠᠷᠲᠠᠶ᠂ ᠰᠠᠭᠤᠷᠢ ᠴᠢᠨᠠᠷᠲᠠᠶ ᠦᠢᠯᠡᠳᠦᠯ ᠢ | ᠭᠦᠢᠴᠡᠳ ᠪᠠᠳᠠᠷᠠᠭᠤᠯᠵᠤ᠂ ᠶᠡᠭᠡ ᠲᠠᠯ᠎ᠠ ᠳᠤ ᠦᠢᠯᠡᠴᠢᠯᠡᠨ᠂ ᠠᠷᠠᠳ ᠤᠨ ᠠᠮᠢᠳᠤᠷᠠᠯ ᠢ ᠠᠩᠬᠠᠷᠴᠤ᠂ | ᠲᠣᠭᠲᠠᠭᠤᠨ ᠤ ᠳᠤᠮᠳᠠ ᠤᠷᠤᠭᠰᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠠᠮ ᠲᠡᠭᠡᠭᠡᠪᠦᠷᠢ ᠶᠢᠨ | ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ ᠪᠠᠶᠢᠭᠤᠯᠤᠯ ᠲᠣᠭᠲᠠᠴᠠ ᠪᠠ ᠬᠦᠭᠵᠢᠯᠲᠡ ᠶᠢᠨ | ᠠᠷᠭ᠎ᠠ ᠮᠠᠶ᠋ᠢᠭ ᠲᠦᠷᠭᠡᠳᠬᠡᠨ ᠪᠣᠢ ᠪᠣᠯᠭᠠᠵᠤ᠂ ᠵᠡᠭᠦᠨ ᠪᠠᠷᠠᠭᠤᠨ ᠢ ᠵᠠᠯᠭᠠᠭᠤᠯᠤᠭᠰᠠᠨ᠂ ᠳᠣᠲᠣᠨ᠎ᠠ ᠭᠠᠳᠠᠨᠠᠬᠢ ᠶᠢ | ᠬᠤᠯᠪᠤᠭᠰᠠᠨ᠂ ᠬᠤᠳᠠ ᠬᠥᠳᠡᠭᠡ ᠶᠢ ᠪᠦᠷᠬᠦᠭᠦᠯᠦᠭᠰᠡᠨ ᠵᠠᠮ ᠲᠡᠭᠡᠭᠡᠪᠦᠷᠢ ᠶᠢᠨ ᠣᠳᠣᠬᠢᠴᠢᠯᠠᠭᠰᠠᠨ ᠶᠡᠷᠦᠩᠬᠡᠶ | ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ | ᠦᠵᠡᠮᠵᠢᠲᠦ ᠣᠷᠤᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠲᠡᠶ ᠲᠦᠰᠢᠭ ᠲᠤᠯᠭᠠᠭᠤᠷᠢ ᠪᠠ ᠪᠠᠲᠤᠯᠠᠭ᠎ᠠ | ᠬᠠᠩᠭᠠᠬᠤ ᠬᠡᠷᠡᠭᠲᠡᠶ᠃ ︽13᠂ 5︾ ᠶᠢᠨ ᠬᠤᠭᠤᠴᠠᠭᠠᠨ ᠳᠠᠬᠢ ᠪᠥᠬᠦ ᠣᠷᠣᠨ ᠤ ᠵᠠᠮ ᠲᠡᠭᠡᠭᠡᠪᠦᠷᠢ ᠶᠢᠨ | ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ᠂ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠲᠤᠯ ᠦᠭᠡᠢ᠂ ᠴᠢᠯᠦᠭᠡᠲᠡᠢ ᠶᠠᠪᠤᠯᠴᠠᠬᠤ᠂ ᠬᠠᠮᠲᠤ ᠪᠠᠷ ᠡᠳ᠋ᠯᠡᠬᠦ ᠬᠥᠭᠵᠢᠯᠲᠡ ᠶᠢᠨ | ᠣᠨᠤᠯᠵᠢᠬᠤᠨ ᠢ ᠡᠷᠬᠡᠪᠰᠢ ᠴᠢᠩᠭ᠎ᠠ ᠠᠳᠬᠤᠵᠤ᠂ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠳᠠᠯᠠᠵᠤ᠂ ᠵᠡᠮ ᠲᠡᠭᠡᠭᠡᠪᠦᠷᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ | ᠬᠦᠴᠦᠨ ᠢ ᠪᠣᠶᠢᠵᠢᠭᠤᠯᠤᠨ᠎ᠠ︔ ᠵᠣᠬᠢᠴᠠᠩᠭᠤᠢ ᠬᠦᠭᠵᠢᠯᠲᠡ ᠶᠢ ᠪᠠᠷᠢᠮᠳᠠᠯᠠᠵᠤ᠂ ᠵᠠᠮ ᠲᠡᠭᠡᠭᠡᠪᠦᠷᠢ ᠶᠢᠨ ᠦᠢᠯᠡᠰ ᠤᠨ | ᠲᠡᠩᠴᠡᠭᠦᠷᠢᠲᠡᠶ ᠬᠥᠭᠵᠢᠬᠦ ᠰᠢᠨ᠎ᠡ ᠪᠠᠶᠢᠷᠢᠰᠢᠯ ᠢ ᠪᠤᠢ ᠪᠣᠯᠭᠠᠨ᠎ᠠ︔ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ | ᠵᠠᠮ ᠲᠡᠭᠡᠭᠡᠪᠦᠷᠢ ᠶᠢᠨ ᠦᠷᠭᠦᠯᠵᠢᠯᠡᠨ ᠬᠦᠭᠵᠢᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ︔ ᠴᠢᠯᠦᠭᠡᠲᠡᠢ | ᠶᠠᠪᠤᠯᠴᠠᠬᠤ ᠬᠥᠭᠵᠢᠯᠲᠡ ᠶᠢ ᠪᠠᠷᠢᠮᠲᠠᠯᠠᠵᠤ᠂ ᠵᠡᠮ ᠲᠡᠭᠡᠭᠡᠪᠦᠷᠢ ᠶᠢᠨ ᠬᠦᠭᠵᠢᠯᠲᠡ ᠶᠢᠨ ᠰᠢᠨ᠎ᠡ ᠣᠷᠣᠨ ᠵᠠᠶ ᠶᠢ | ᠨᠡᠬᠡᠬᠡᠨ᠎ᠡ︔ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠵᠠᠮ ᠬᠠᠷᠢᠯᠴᠠᠭᠠᠨ ᠤ ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠤᠯᠤᠨ᠎ᠠ᠃ | ᠬᠤᠷᠠᠯ ᠠᠴᠠ 2016 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ 2016 ᠣᠨ ᠤ ᠪᠥᠬᠦ | ᠣᠷᠣᠨ ᠤ ᠵᠠᠮ ᠲᠡᠭᠡᠭᠡᠪᠦᠷᠢ ᠶᠢᠨ ᠠᠵᠢᠯ ᠨᠢ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠢ ᠠᠩᠬᠠᠷᠬᠤ᠂ | ᠲᠣᠭᠳᠠᠭᠤᠨ ᠢᠶᠠᠷ ᠤᠷᠤᠭᠰᠢᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠡᠷᠦᠩᠬᠡᠶ ᠱᠠᠭᠠᠷᠳᠠᠯᠭ᠎ᠠ ᠶᠢ ᠪᠠᠲᠤ | ᠡᠵᠡᠮᠰᠢᠵᠦ᠂ ᠵᠣᠬᠢᠬᠤ ᠬᠡᠮᠵᠢᠶᠡᠨ ᠤ ᠪᠡᠯᠡ ᠣᠷᠣᠭᠤᠯᠤᠯᠲᠠ ᠶᠢᠨ ᠡᠷᠴᠢᠮ ᠪᠠ ᠵᠠᠰᠠᠮᠠᠯ ᠵᠡᠮ ᠤᠨ ᠪᠦᠳᠦᠭᠡᠠ | ᠪᠠᠶᠢᠭᠤᠯᠤᠯᠲᠠ ᠶᠢᠨ ᠬᠡᠪᠴᠢᠶ᠎ᠡ ᠶᠢ ᠪᠠᠷᠢᠮᠳᠠᠯᠠᠵᠤ᠂ ᠵᠠᠰᠠᠮᠠᠯ ᠵᠠᠮ ᠤᠨ ᠪᠠᠶᠢᠭᠤᠯᠤᠯᠲᠠ ᠬᠠᠮᠢᠶᠠᠷᠤᠯᠲᠠ ᠬᠠᠮᠠᠭᠠᠯᠠᠯᠲᠠ | ᠲᠡᠭᠡᠭᠡᠪᠦᠷᠢ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠵᠠᠮ | ᠲᠡᠭᠡᠭᠡᠪᠦᠷᠢ ᠶᠢᠨ ᠰᠢᠰᠲ᠋ᠧᠮᠵᠢ ᠶᠢ ᠲᠥᠷᠭᠡᠳᠬᠡᠨ ᠪᠠᠶᠢᠭᠤᠯᠵᠤ᠂ ︽13 · 5︾ ᠶᠢᠨ ᠵᠡᠮ ᠲᠡᠭᠡᠭᠡᠪᠦᠷᠢ ᠶᠢᠨ | ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠦᠨ᠎ᠡ᠃ ᠭᠤᠣᠯ ᠵᠢᠱᠢᠭᠰᠡᠨ ᠬᠠᠷᠠᠯᠲᠠ ᠪᠣᠯ᠄ | ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠳᠤ 850 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠦᠨᠡᠨᠬᠦ ᠪᠠᠲᠤᠯᠠᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠭᠦᠯᠦᠨ᠎ᠡ᠃ ᠵᠠᠰᠠᠮᠠᠯ | ᠵᠠᠮ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ 2 ᠲᠦᠮᠡᠨ ᠺᠢᠯᠣᠮᠧᠲᠷ ᠲᠤ ᠬᠦᠷᠴᠦ᠂ 2.5 ᠲᠦᠮᠡᠨ | ᠺᠢᠯᠣᠮᠧᠲᠷ ᠬᠦᠷᠭᠡᠬᠦ ᠪᠠᠷ ᠴᠢᠷᠮᠠᠶᠢᠨ᠎ᠠ᠃ ᠰᠢᠨ᠎ᠡ ᠪᠠᠷ ᠨᠡᠮᠡᠭᠳᠡᠭᠰᠡᠨ ᠭᠠᠴᠠᠭ᠎ᠠ ᠲᠣᠰᠬᠤᠨ ᠤ ᠵᠡᠭᠡᠯᠢ ᠭᠤᠲᠤᠮᠵᠢ ᠶᠢᠨ | ᠬᠠᠲᠠᠭᠤᠷᠠᠯ 3444 ᠪᠠᠶᠢᠵᠤ᠂ ᠪᠥᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠪᠠ ᠨᠡᠯᠢᠶᠡᠳ ᠶᠡᠭᠡ ᠠᠶᠢᠯ | ᠲᠤᠰᠬᠤᠨ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠳᠤ ᠨᠡᠪᠲᠡᠷᠡᠬᠦ ᠴᠠᠷᠳᠠᠮᠠᠯ ᠱᠦᠢᠨᠢ | ᠵᠠᠮ ᠢ 2200 ᠲᠤᠰᠬᠤᠨ ᠳᠤ ᠰᠢᠨ᠎ᠡ ᠪᠠᠷ ᠨᠡᠪᠲᠡᠷᠡᠭᠦᠯᠵᠦ᠂ ᠭᠠᠴᠠᠭ᠎ᠠ ᠲᠣᠰᠬᠤᠨ ᠳᠤ ᠨᠡᠪᠲᠡᠷᠡᠬᠦ ᠴᠠᠷᠳᠠᠮᠠᠯ | ᠱᠦᠢᠨᠢ ᠵᠠᠮ ᠤᠨ ᠨᠤᠷᠮ᠎ᠠ ᠶᠢ 95% ᠳᠤ ᠬᠦᠷᠦᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠬᠦ᠂ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢ ᠲᠥᠷᠭᠡᠳᠬᠡᠬᠦ᠂ ᠵᠠᠮ ᠬᠠᠷᠢᠯᠴᠠᠭᠠᠨ ᠤ ᠶᠠᠳᠠᠭᠤ ᠶᠢ ᠳᠡᠳᠬᠦᠬᠦ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠬᠤ᠂ ᠠᠵᠢᠯ ᠲᠦᠷᠦᠯ ᠤᠨ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ | ᠠᠵᠢᠯ ᠲᠦᠷᠦᠯ ᠤᠨ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ ᠶᠢ ᠴᠢᠩᠭᠠᠳᠬᠠᠬᠤ᠂ ᠠᠵᠢᠯ ᠲᠥᠷᠥᠯ ᠤᠨ | ᠮᠡᠳᠡᠭᠡ ᠵᠠᠩᠬᠢᠵᠢᠭᠤᠯᠬᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠬᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ | ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠ ᠠᠵᠢᠯ ᠲᠦᠷᠦᠯ ᠤᠨ ᠪᠣᠯᠪᠠᠰᠤᠨ ᠤ ᠪᠠᠶᠢᠭᠤᠯᠤᠯᠲᠠ | ᠵᠡᠷᠭᠡ ᠳᠤᠯᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠨ᠎ᠠ ᠭᠡᠪᠡ᠃ |