2015 ᠣᠨ ᠳᠤ ᠥᠪᠥᠷ ᠮᠣᠩᠭᠤᠯ ᠤᠨ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠵᠤ᠂ ᠪᠦᠬᠦ | ᠵᠢᠯ ᠳᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠤᠯᠤᠭᠰᠠᠨ ᠬᠦᠮᠦᠨ 26.86 ᠲᠦᠮᠡ ᠨᠡᠮᠡᠭᠳᠡᠪᠡ᠃ 2015 | ᠣᠨ ᠳᠤ᠂ ᠥᠪᠥᠷ ᠮᠣᠩᠭᠤᠯ ᠭᠤᠤᠯᠳᠠᠭᠤ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠲᠥᠷᠥ ᠶᠢᠨ | ᠪᠤᠳᠤᠯᠭ᠎ᠠ ᠶᠢ ᠲᠡᠭᠦᠯᠳᠡᠷᠵᠢᠭᠦᠯᠬᠦ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ︔ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠥᠯᠬᠢᠨ ᠠᠬᠢᠭᠤᠯᠬᠤ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠤᠯᠪᠠᠰᠤᠷᠠᠯ ᠢ ᠳᠠᠰᠤᠷᠠᠯᠳᠠ ᠦᠭᠡᠢ ᠴᠢᠩᠭᠠᠳᠬᠠᠬᠤ︔ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ︔ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠬᠤ ᠵᠡᠷᠭᠡ | ᠵᠢᠷᠭᠤᠭᠠᠨ ᠲᠠᠯ᠎ᠠ ᠪᠠᠷ ᠠᠵᠢᠯ ᠤᠯᠭᠤᠬᠤ ᠠᠵᠢᠯ ᠢ ᠲᠦᠯᠬᠢᠨ ᠠᠬᠢᠭᠤᠯᠪᠠ᠃ ᠡᠭᠦᠨ ᠳᠤ᠂ ᠠᠵᠢᠯ ᠠᠯᠳᠠᠭᠰᠠᠨ 6. | 11 ᠲᠦᠮᠡᠨ ᠬᠥᠮᠦᠨ ᠲᠤ ᠲᠠᠬᠢᠨ ᠠᠵᠢᠯ ᠤᠯᠭᠤᠬᠤ ᠶᠢ ᠪᠡᠶᠡᠯᠡᠭᠦᠯᠵᠦ᠂ ᠠᠵᠢᠯ ᠤᠯᠬᠤ ᠳᠤ ᠬᠦᠴᠢᠷᠲᠡᠶ 6.67 | ᠲᠦᠮᠡᠨ ᠬᠥᠮᠦᠰ ᠲᠤ ᠠᠵᠢᠯ ᠤᠯᠭᠤᠵᠤ ᠵᠢᠯ ᠤᠨ ᠡᠭᠦᠷᠭᠡ ᠪᠠᠨ ᠲᠤᠰ ᠲᠤᠰ107%᠂ 122%᠂ | 111% ᠪᠠᠷ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 3. | 65% ᠪᠠᠶᠢᠵᠤ᠂ ᠵᠢᠯ ᠤᠨ ᠡᠬᠢᠨ ᠤ 4.0% ᠬᠢᠵᠠᠭᠠᠷᠯᠠᠬᠤ ᠬᠠᠷᠠᠯᠲᠠ ᠠᠴᠠ ᠳᠣᠣᠷ᠎ᠠ ᠪᠤᠯᠪᠠ᠃ 13.7 ᠲᠦᠮᠡᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ | ᠨᠠᠶᠢᠳᠠᠪᠤᠷᠢᠵᠢᠭᠤᠯᠵᠤ᠂ ᠵᠢᠯ ᠤᠨ ᠡᠭᠦᠷᠭᠡ ᠪᠠᠨ105% ᠪᠠᠷ ᠪᠡᠶᠡᠯᠡᠭᠦᠯᠪᠡ︔ ᠪᠦᠬᠦ ᠣᠷᠣᠨ ᠳᠤ ᠨᠡᠶᠢᠲᠡ257. | 41 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠵᠤ᠂ ᠵᠢᠯ ᠤᠨ | ᠲᠦᠯᠦᠪᠯᠡᠭᠡ ᠪᠠᠨ 105% ᠪᠠᠷ ᠪᠡᠶᠡᠯᠡᠭᠦᠯᠪᠡ᠃ ᠡᠭᠦᠨ ᠠᠴᠠ ᠭᠠᠳᠠᠨ᠎ᠠ᠂ 2015 ᠣᠨ ᠳᠤ ᠥᠪᠥᠷ ᠮᠣᠩᠭᠤᠯ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠲᠡᠳᠬᠦᠨ ᠲᠡᠮᠵᠢᠵᠦ᠂ ᠠᠳᠠᠯ ᠦᠢᠯᠡᠰ | ᠴᠣᠭᠴᠠᠯᠠᠬᠤ ᠬᠥᠭᠵᠢᠭᠦᠯᠦᠯᠲᠡ ᠶᠢᠨ ᠪᠡᠯᠡ ᠮᠥᠩᠭᠦ ᠨᠡᠶᠢᠲᠡ 6.1 ᠳ᠋ᠦᠩᠰᠢᠭᠤᠷ ᠲᠦᠬᠦᠷᠢᠭ ᠪᠠᠶᠢᠭᠤᠯᠵᠤ᠂ ᠠᠳᠠᠯ | ᠦᠢᠯᠡᠰ ᠴᠤᠭᠴᠠᠯᠠᠬᠤ ᠳᠠᠭᠠᠭᠠᠯᠲᠠ ᠶᠢᠨ ᠵᠢᠭᠡᠯᠡᠯᠭᠡ 26.89 ᠳ᠋ᠦᠩᠰᠢᠭᠤᠷ ᠲᠥᠭᠦᠷᠢᠭ ᠲᠠᠯᠪᠢᠪᠠ᠃ ᠰᠢᠨ᠎ᠡ ᠶᠢ | ᠡᠭᠦᠳᠴᠦ ᠠᠳᠠᠯ ᠦᠢᠯᠡᠰ ᠴᠤᠭᠴᠠᠯᠠᠬᠤ ᠲᠠᠪᠴᠠᠩ ᠪᠠᠶᠢᠭᠤᠯᠵᠤ᠂ ᠪᠦᠬᠦ ᠵᠢᠯ ᠳᠤ ︽ᠱᠠᠩᠨᠠᠯ ᠢᠶᠠᠷ ᠨᠦᠬᠦᠪᠦᠷᠢ ᠶᠢ | ᠣᠷᠣᠯᠠᠭᠤᠯᠬᠤ︾ ᠪᠡᠯᠡ ᠮᠥᠩᠭᠦ 7750 ᠲᠦᠮᠡᠨ ᠲᠥᠭᠦᠷᠢᠭ ᠲᠠᠷᠬᠠᠭᠠᠵᠤ᠂ 34 ᠲᠥᠷᠥᠯ ᠵᠦᠢᠯ ᠢ ᠱᠠᠩᠨᠠᠵᠤ᠂ | ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠦᠭᠦᠷ ᠤᠨ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠡᠳᠬᠦᠪᠡ᠃ |