︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠡᠶᠢᠲᠡ 3917.8 ᠳ᠋ᠦᠩᠰᠢᠭᠤᠷ ᠲᠥᠭᠦᠷᠢᠭ | ᠪᠠᠶᠢᠵᠤ᠂ ︽11᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠲᠠᠢ ᠬᠠᠷᠢᠴᠠᠭᠤᠯᠪᠠᠯ 42.5 % ᠪᠠᠷ | ᠨᠡᠮᠡᠭᠳᠡᠵᠡᠢ᠃ ᠬᠥᠬᠡᠬᠤᠲᠠ ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ︽12᠂ 5︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠬᠠᠮᠤᠭ ᠬᠤᠷᠳᠤᠨ ᠵᠢᠯ ᠪᠣᠯ 2011 ᠣᠨ ᠪᠣᠯᠣᠨ᠎ᠠ᠂ ᠨᠡᠮᠡᠭᠳᠡᠯ ᠤᠨ | ᠬᠤᠷᠳᠤᠴᠠ ᠨᠢ 31.5 % ᠬᠦᠷᠴᠡᠢ᠃ 2015 ᠣᠨ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ | ᠭᠤᠣᠯ ᠬᠡᠯᠪᠡᠷᠢ ᠪᠣᠯ ᠡᠩ ᠤᠨ ᠠᠷᠠᠯᠵᠢᠶ᠎ᠠ ᠪᠠ ᠬᠢᠯᠢ ᠬᠢᠵᠠᠭᠠᠷ ᠤᠨ ᠪᠠᠭ᠎ᠠ ᠲᠣᠭᠠᠨ ᠤ ᠠᠷᠠᠯᠵᠢᠶ᠎ᠠ ᠪᠠᠶᠢᠵᠤ᠂ ᠭᠤᠣᠯ | ᠭᠠᠷᠭᠠᠯᠲᠠ ᠶᠢᠨ ᠲᠠᠸᠠᠷ ᠨᠢ ᠪᠣᠯᠣᠳ ᠮᠠᠲ᠋ᠧᠷᠢᠶᠠᠯ᠂ ᠬᠦᠴᠢᠯᠲᠥ᠋ᠷᠥᠭᠴᠢᠲᠦ ᠰᠠᠭᠤᠷᠢ ᠠᠮᠢᠨᠣ᠋ ᠨᠢᠭᠡᠳᠪᠦᠷᠢ᠂ | ᠲᠡᠮᠦᠷ ᠤᠨ ᠬᠠᠶᠢᠯᠤᠰᠢ᠂ ᠪᠠᠺᠲ᠋ᠧᠷᠢ ᠳᠠᠷᠤᠬᠤ ᠡᠳ᠋ ᠵᠡᠷᠭᠡ᠂ ᠣᠷᠣᠭᠤᠯᠤᠯᠲᠠ ᠶᠢᠨ ᠲᠠᠸᠠᠷ ᠨᠢ ᠡᠬᠢ ᠪᠠᠶᠠᠯᠢᠭ ᠤᠨ | ᠬᠡᠯᠪᠡᠷᠢ ᠪᠥᠬᠦᠢ ᠲᠠᠸᠠᠷ ᠢᠶᠠᠷ ᠭᠤᠣᠯᠳᠠᠵᠤ ᠪᠣᠢ᠃ ᠥᠪᠥᠷ ᠮᠣᠩᠭᠤᠯ ᠳᠤᠮᠳᠠᠳᠤ ᠤᠯᠤᠰ ᠤᠨ ᠤᠮᠠᠷᠠᠲᠤ ᠬᠢᠯᠢ ᠳᠤ | ᠪᠠᠶᠢᠷᠢᠯᠠᠵᠤ᠂ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠳᠡᠭᠡᠷᠡᠬᠢ ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠪᠦᠭᠡᠳ ᠥᠪᠥᠷ ᠮᠣᠩᠭᠤᠯ ᠤᠨ | ᠬᠢᠯᠢ ᠳᠠᠬᠢ ᠳᠤᠮᠳᠠᠳᠤ ᠮᠣᠩᠭᠤᠯ ᠤᠨ ᠬᠠᠮᠤᠭ ᠤᠨ ᠶᠡᠭᠡ ᠡᠬᠡ ᠬᠠᠭᠤᠷᠠᠢ ᠶᠢᠨ ᠪᠣᠭᠤᠮᠲᠠ ᠮᠠᠨᠵᠤᠤᠷ ᠨᠢ ᠠᠽᠢᠶ᠎ᠠ | ᠧᠦ᠋ᠷᠣᠫᠠ ᠶᠢᠨ ᠡᠬᠡ ᠬᠠᠭᠤᠷᠠᠶ ᠶᠢᠨ ᠬᠤᠭᠤᠷᠣᠨᠳᠣᠬᠢ ᠴᠢᠬᠤᠯᠠ ᠪᠠᠷᠠᠭ᠎ᠠ ᠲᠡᠭᠡᠭᠡᠪᠦᠷᠢ ᠶᠢᠨ ᠡᠭᠦᠷᠭᠡ ᠶᠢ ᠳᠠᠭᠠᠭᠠᠵᠤ | ᠪᠤᠢ᠃ |