| 2016 ᠤᠨ ᠤ 1 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠣᠷᠣᠨ ᠤ | ᠭᠠᠳᠠᠭᠠᠳᠤ ᠠᠷᠠᠯᠵᠢᠶᠠᠨ ᠤ ᠠᠵᠢᠯ ᠤᠨ ᠲᠢᠩᠬᠢᠮ ᠤᠨ ᠬᠤᠭᠤᠷᠤᠨᠳᠤᠬᠢ ᠬᠤᠯᠪᠤᠭᠠᠲᠤ ᠬᠤᠷᠠᠯ ᠤᠨ ᠠᠩᠬᠠᠳᠤᠭᠠᠷ | ᠬᠤᠷᠠᠯᠳᠤᠭᠠᠨ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠥᠬᠡᠬᠤᠲᠠ ᠳᠤ | ᠬᠤᠷᠠᠯᠳᠤᠪᠠ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠧᠢ ᠳ᠋ᠦᠡᠭ ᠬᠤᠷᠠᠯ ᠡᠷᠬᠢᠯᠡᠵᠤ᠂ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠬᠢᠯᠢ ᠪᠠᠷ ᠤᠷᠤᠵᠤ ᠭᠠᠷᠬᠤ ᠶᠢ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠰᠠᠯᠪᠤᠷᠢ ᠪᠠᠩᠬᠢ᠂ ᠤᠯᠤᠰ ᠤᠨ | ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠬᠤᠪᠢᠶᠠᠷᠢ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠤᠯᠤᠨ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠤᠯᠤᠨ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠬᠡᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠤ᠂ ᠵᠥᠩ | ᠰᠢᠨ ᠳᠠᠭᠠᠳᠬᠠᠯ ᠤᠨ ᠺᠤᠮᠫᠠᠨᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠬᠤᠷᠠᠯ ᠳᠤ | 2015 ᠣᠨ ᠤ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯᠯᠠᠭᠠᠨ ᠤ ᠪᠠᠶᠢᠳᠠᠯ ᠢ ᠮᠡᠳᠡᠭᠳᠡᠵᠤ᠂ 9 | ᠭᠠᠳᠠᠭᠠᠳᠤ ᠠᠷᠠᠯᠵᠢᠶᠠᠨ ᠤ ᠠᠵᠢᠯ ᠲᠥᠷᠥᠯ ᠤᠨ ᠨᠡᠶᠢᠭᠡᠮᠯᠢᠭ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠶᠢᠨ | ᠳᠤᠷᠠᠳᠤᠭᠰᠠᠨ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠵᠢᠴᠢ ᠬᠠᠮᠢᠶ᠎ᠠ | ᠪᠦᠬᠦᠢ ᠰᠠᠨᠠᠭᠤᠯᠭ᠎ᠠ ᠶᠢ ᠰᠣᠨᠣᠰᠴᠤ᠂ ᠲᠢᠩᠬᠢᠮ ᠤᠨ ᠬᠤᠭᠤᠷᠣᠨᠳᠣᠬᠢ ᠬᠤᠯᠪᠤᠭᠠᠲᠤ ᠬᠤᠷᠠᠯ ᠤᠨ ᠠᠵᠢᠯ ᠢ | ᠳ᠋ᠦᠩᠨᠡᠵᠦ᠂ ᠡᠯ᠎ᠡ ᠪᠦᠷᠢᠯᠳᠦᠬᠦᠨ ᠨᠢᠭᠡᠴᠡ ᠨᠦᠭᠦᠳ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠰᠠᠨᠠᠯ ᠪᠤᠯᠤᠨ ᠰᠠᠨᠠᠭᠤᠯᠭ᠎ᠠ ᠳᠤᠷᠠᠳᠴᠤ᠂ 2016 | ᠣᠨ ᠤ ᠭᠠᠳᠠᠭᠠᠳᠤ ᠠᠷᠠᠯᠵᠢᠶᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠤᠨ | ᠲᠡᠭᠦᠰᠭᠡᠯ ᠳᠤ᠂ ᠲᠢᠩᠬᠢᠮ ᠤᠨ ᠳᠠᠷᠤᠭ᠎ᠠ ᠰᠦᠨ ᠸᠧᠢ ᠳ᠋ᠦᠡᠭ ᠪᠦᠬᠦ ᠤᠯᠤᠰ ᠤᠨ ᠭᠠᠳᠠᠭᠠᠳᠤ ᠠᠴᠠ ᠣᠷᠣᠭᠤᠯᠬᠤ | ᠪᠠ ᠭᠠᠳᠠᠭᠠᠳᠤ ᠳᠤ ᠭᠠᠷᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2016 ᠣᠨ ᠤ | ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠰᠡᠳᠬᠢᠴᠡ ᠶᠢ ᠲᠤᠲᠤᠷᠬᠠᠶᠢᠯᠠᠭᠰᠠᠨ ᠤ ᠬᠠᠮᠲᠤ ᠠᠵᠢᠯ ᠤᠨ | ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃ |