ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠲᠣᠬᠤᠨᠢᠭᠤᠯᠬᠤ ᠪᠦᠯᠬᠦᠮ ᠢ ᠳᠠᠭᠠᠭᠤᠯᠤᠨ ᠤᠯᠠᠭᠠᠨᠬᠠᠳᠠ ᠬᠤᠲᠠ ᠳᠤ ᠬᠦᠷᠴᠦ ᠲᠤᠬᠤᠨᠢᠭᠤᠯᠪᠠ
ᠨᠡᠶᠢᠲᠡᠯᠡᠭᠰᠡᠨ ᠴᠠᠭ᠄
2016/1/22
     1 ᠳ᠋ᠤᠭᠡᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠲᠣᠬᠤᠨᠢᠭᠤᠯᠬᠤ ᠪᠦᠯᠬᠦᠮ ᠢ ᠳᠠᠭᠠᠭᠤᠯᠤᠨ ᠤᠯᠠᠭᠠᠨᠬᠠᠳᠠ ᠬᠤᠲᠠ ᠳᠤ ᠬᠦᠷᠴᠦ᠂ ᠬᠦᠴᠢᠷᠳᠡᠯᠲᠡᠶ ᠤᠯᠠᠨ ᠲᠦᠮᠡᠨ ᠪᠤᠯᠤᠨ ᠬᠥᠳᠡᠯᠮᠦᠷᠢ ᠶᠢᠨ ᠵᠢᠱᠢᠶᠡᠴᠢᠳ ᠤᠨ ᠲᠥᠯᠥᠭᠡᠯᠡᠭᠴᠢᠳ ᠢ ᠰᠤᠷᠪᠤᠯᠵᠢᠯᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩ ᠰᠡᠳᠬᠢᠯ ᠤᠨ ᠮᠡᠨᠳᠦᠴᠢᠯᠡᠯ ᠪᠣᠯᠤᠨ ᠳᠣᠲᠣᠨᠣ ᠬᠠᠯᠠᠮᠵᠢᠯᠠᠯ ᠢ ᠬᠦᠷᠭᠡᠨ᠂ ᠠᠷᠠᠳ ᠤᠯᠠᠨ ᠳᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃      ᠪᠦ᠋ ᠰᠢᠶᠤᠤ ᠯᠢᠨ ᠨᠠᠷ ᠲᠡᠰᠬᠢᠮ᠎ᠡ ᠬᠦᠢᠲᠡᠨ ᠴᠠᠰᠤ ᠮᠦᠰᠦ ᠶᠢ ᠲᠡᠰᠪᠦᠷᠢᠯᠡᠨ᠂ ᠤᠷᠢᠳ ᠬᠤᠵᠢᠳ ᠬᠠᠷᠠᠴᠢᠨ ᠬᠤᠰᠢᠭᠤ᠂ ᠰᠦᠩᠱᠠᠨ ᠲᠣᠭᠤᠷᠢᠭ ᠪᠤᠯᠤᠨ ᠬᠤᠩᠱᠠᠨ ᠲᠣᠭᠤᠷᠢᠭ ᠲᠤ ᠬᠦᠨᠵᠡᠭᠡᠶᠢᠷᠡᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠠᠰᠠᠷᠠᠨ ᠬᠠᠷᠠᠭᠠᠯᠵᠠᠯ ᠬᠦᠷᠲᠡᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠨᠠᠰᠤᠨ ᠤ ᠠᠮᠠᠷᠠᠯᠲᠠ ᠠᠪᠤᠭᠰᠠᠨ ᠴᠡᠷᠢᠭ ᠠᠴᠠ ᠠᠵᠢᠯ ᠰᠢᠯᠵᠢᠭᠰᠡᠨ ᠺᠠᠳ᠋ᠷ᠂ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ᠂ ᠬᠥᠯᠥᠰᠥᠨ ᠠᠵᠢᠯᠴᠢᠨ ᠪᠤᠯᠤᠨ ᠬᠥᠳᠡᠯᠮᠦᠷᠢ ᠶᠢᠨ ᠵᠢᠱᠢᠶᠡᠴᠢ ᠨᠠᠷ ᠤᠨ ᠬᠡᠷ ᠲᠤ ᠬᠦᠷᠴᠦ᠂ ᠤᠯᠠᠨ ᠤ ᠠᠮᠢᠳᠤᠷᠠᠯ ᠤᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠴᠠᠭᠠᠨ ᠰᠠᠷ᠎ᠠ ᠶᠢᠨ ᠮᠡᠨᠳᠦᠴᠢᠯᠡᠯ ᠢᠶᠠᠨ ᠳᠡᠪᠰᠢᠬᠦᠯᠵᠤ ᠲᠣᠬᠤᠨᠢᠭᠤᠯᠬᠤ ᠮᠦᠡᠭᠭᠦ ᠭᠠᠷᠳᠠᠭᠤᠯᠪᠠ᠃      ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠶᠠᠩ ᠴᠦᠨ ᠶᠦᠨ ᠤ ᠭᠡᠷ ᠲᠤ᠂ ᠲᠡᠭᠦᠨ ᠤ ᠬᠤᠶᠠᠷ ᠲᠠᠯ᠎ᠠ ᠶᠢᠨ ᠳᠤᠮᠳᠠ ᠴᠢᠮᠥᠭᠡᠨ ᠤ ᠲᠣᠯᠣᠭᠠᠶ ᠶᠢᠨ ᠶᠠᠰᠤ ᠮᠡᠳᠡᠷᠡᠯ ᠢᠶᠠᠨ ᠠᠯᠳᠠᠭᠠᠳ ᠨᠢᠭᠡᠨᠲᠡ 5 ᠵᠢᠯ ᠪᠤᠯᠵᠦ᠂ ᠠᠵᠤ ᠠᠮᠢᠳᠤᠷᠠᠯ ᠨᠢ ᠬᠦᠴᠢᠷᠳᠡᠯ ᠲᠠᠢ ᠪᠠᠶᠢᠬᠤ ᠶᠢ ᠮᠡᠳᠡᠭᠡᠳ᠂ ᠪᠦ᠋ ᠰᠢᠶᠤᠤ ᠯᠢᠨ ᠰᠠᠨᠠᠭᠠᠴᠢᠯᠠᠭ᠎ᠠ ᠠᠴᠠ ᠪᠠᠨ ᠲᠡᠭᠦᠨ ᠢ ᠬᠠᠪᠰᠤᠷᠬᠤ ᠠᠷᠭ᠎ᠠ ᠪᠤᠳᠤᠭᠰᠠᠨ ᠤ ᠬᠠᠮᠲᠤ᠂ ᠲᠡᠭᠦᠨ ᠤ ᠡᠷᠲᠡᠬᠡᠨ ᠡᠷᠡᠭᠦᠯᠵᠢᠬᠦ ᠶᠢ ᠬᠦᠰᠡᠪᠡ᠃ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠯᠢᠦ ᠵᠢᠶᠠᠨ ᠹᠸᠡᠭ ᠤᠯᠠᠨ ᠵᠦᠢᠯ ᠤᠨ ᠡᠪᠡᠳᠴᠢᠨ ᠳᠤ ᠨᠡᠷᠪᠡᠭᠳᠡᠭᠡᠳ᠂ ᠡᠪᠡᠳᠴᠢᠨ ᠢᠶᠠᠨ ᠦᠵᠡᠬᠦᠯᠬᠦ ᠶᠢᠨ ᠲᠦᠯᠦᠭᠡ ᠪᠤᠶ ᠪᠦᠬᠦᠢ ᠬᠠᠳᠠᠭᠠᠯᠠᠮᠵᠢ ᠪᠠᠨ ᠵᠠᠷᠤᠵᠤ ᠳᠠᠭᠤᠰᠬᠠᠪᠠ᠂ ᠣᠳᠣ ᠡᠳᠦᠷ ᠪᠦᠷᠢ ᠪᠠᠰᠠ 200 ᠭᠠᠷᠤᠶ ᠲᠥᠭᠦᠷᠢᠭ ᠤᠨ ᠡᠮ ᠢᠶᠠᠷ ᠠᠮᠢ ᠨᠠᠰᠤ ᠪᠠᠨ ᠦᠷᠭᠦᠯᠵᠢᠯᠡᠭᠦᠯᠵᠤ᠂ ᠰᠤᠷᠭᠠᠭᠤᠯᠢ ᠳᠤ ᠪᠠᠶᠢᠭ᠎ᠠ ᠬᠡᠦᠬᠡᠳ ᠨᠢ ᠬᠡᠳᠦ ᠤᠳᠠᠭ᠎ᠠ ᠰᠤᠷᠤᠯᠭ᠎ᠠ ᠪᠠᠨ ᠵᠤᠭᠰᠤᠭᠠᠬᠤ ᠠᠰᠠᠭᠤᠳᠠᠯ ᠲᠤᠯᠭᠠᠷᠠᠪᠠ᠃ ᠪᠦ᠋ ᠰᠢᠶᠤᠤ ᠯᠢᠨ ᠲᠡᠭᠦᠨ ᠳᠤ᠄ ︽ᠰᠠᠭᠠᠳ ᠪᠡᠷᠬᠡᠰᠢᠶᠡᠯ ᠪᠣᠯ ᠲᠦᠷ ᠴᠠᠭ ᠤᠨ ᠬᠡᠷᠡᠭ ᠶᠤᠮ᠂ ᠵᠠᠪᠠᠯ ᠬᠡᠦᠬᠡᠳ ᠢᠶᠠᠨ ᠰᠤᠷᠤᠯᠴᠠᠭᠤᠯᠬᠤ ᠬᠡᠷᠡᠭᠲᠠᠢ︾ ᠬᠡᠪᠡ᠃ ᠪᠦ᠋ ᠰᠢᠶᠤᠤ ᠯᠢᠨ ᠪᠠᠷ᠎ᠠ ᠪᠤᠯᠵᠤ ᠶᠠᠪᠤᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠱᠠᠭᠠᠷᠳᠠᠨ᠂ ᠶᠠᠳᠠᠭᠤ ᠬᠦᠴᠢᠷᠳᠡᠯᠲᠡᠶ ᠬᠥᠮᠦᠰ ᠤᠨ ᠠᠮᠢᠳᠤᠷᠠᠯ ᠢ ᠢᠯᠡᠭᠦᠭᠡᠨ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ᠂ ᠲᠡᠳᠡᠨ ᠢ ᠬᠠᠪᠰᠤᠷᠤᠨ ᠬᠦᠴᠢᠷᠳᠡᠯᠲᠠᠢ ᠪᠠᠶᠢᠳᠠᠯ ᠠᠴᠠ ᠨᠢ ᠲᠦᠷᠭᠡᠬᠡᠨ ᠠᠩᠬᠢᠵᠢᠷᠠᠭᠤᠯᠬᠤ ᠬᠡᠷᠡᠭᠲᠠᠢ ᠬᠡᠪᠡ᠃      ᠲᠡᠳᠭᠦᠮᠵᠢ ᠬᠦᠷᠲᠡᠵᠤ ᠪᠠᠶᠢᠭ᠎ᠠ ᠶᠠᠨ ᠬᠦᠸᠧ ᠸᠧᠨ᠂ ᠨᠠᠰᠤᠨ ᠤ ᠠᠮᠠᠷᠠᠯᠲᠠ ᠠᠪᠤᠭᠰᠠᠨ ᠴᠡᠷᠢᠭ ᠠᠴᠠ ᠠᠵᠢᠯ ᠰᠢᠯᠵᠢᠭᠰᠡᠨ ᠺᠠᠳ᠋ᠷ ᠰᠢᠤᠢ ᠴᠢ ᠰᠦᠡᠭ ᠤᠨ ᠭᠡᠷ ᠲᠤ᠂ ᠪᠦ᠋ ᠰᠢᠶᠤᠤ ᠯᠢᠨ ᠬᠤᠶᠠᠷ ᠨᠠᠰᠤᠲᠠᠨ ᠲᠠᠢ ᠵᠤᠭᠤᠭᠳᠠᠬᠤ ᠳᠤ ᠪᠠᠨ᠂ ᠲᠠ ᠨᠠᠷ ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠯᠤᠲᠤ ᠶᠡᠭᠡ ᠬᠤᠪᠢ ᠨᠡᠮᠡᠷᠢ ᠪᠠᠨ ᠦᠵᠡᠭᠦᠯᠦᠭᠰᠡᠨ ᠶᠤᠮ᠂ ᠤᠳᠤ ᠪᠡᠶ᠎ᠡ ᠮᠠᠬᠠᠪᠤᠳ ᠢᠶᠠᠨ ᠨᠡᠩ ᠢᠯᠡᠭᠦᠦ ᠠᠩᠬᠠᠷᠠᠭᠠᠷᠠᠢ᠃ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠤ᠂ ᠠᠬᠠᠮᠠᠳ ᠨᠠᠰᠤᠲᠠᠶᠢᠴᠤᠳ ᠤᠨ ᠥᠲᠡᠯᠦᠭᠡ ᠨᠠᠰᠤ ᠶᠢ ᠎ ᠨᠢ ᠠᠮᠤᠷ ᠵᠢᠷᠭᠠᠯᠲᠠᠶ ᠦᠡᠭᠭᠡᠷᠡᠬᠦᠯᠬᠦ ᠬᠡᠷᠡᠭᠲᠠᠢ ᠬᠡᠪᠡ᠃      ᠬᠥᠳᠡᠯᠮᠦᠷᠢ ᠶᠢᠨ ᠵᠢᠱᠢᠶᠡᠴᠢ ᠤᠯᠠᠭᠠᠨᠲᠤᠶᠠᠭ᠎ᠠ ᠶᠢᠨ ᠭᠡᠷ ᠲᠤ᠂ ᠪᠦ᠋ ᠰᠢᠶᠤᠤ ᠯᠢᠨ ᠲᠡᠭᠦᠨ ᠲᠠᠢ ᠳᠣᠲᠣᠨᠣ ᠶᠠᠷᠢᠯᠴᠠᠵᠤ᠂ ᠲᠡᠭᠦᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ ᠤᠶᠢᠯᠠᠭᠠᠪᠠ᠃ ᠤᠯᠠᠭᠠᠨᠲᠤᠶᠠᠭ᠎ᠠ ᠪᠣᠯ ᠨᠢᠭᠡᠨ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠶᠤᠮ᠃ ᠲᠡᠷᠡ 2015 ᠣᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠳᠡᠯᠮᠦᠷᠢ ᠶᠢᠨ ᠵᠢᠱᠢᠶᠡᠴᠢ ᠪᠠᠷ ᠴᠤᠯᠠᠯᠠᠭᠳᠠᠵᠠᠢ᠃ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠬᠥᠳᠡᠯᠮᠦᠷᠢ ᠶᠢᠨ ᠵᠢᠱᠢᠶᠡᠴᠢ ᠨᠠᠷ ᠠᠵᠤ ᠠᠬᠤᠶ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠪᠤᠯᠬᠤᠷ᠂ ᠲᠡᠳᠡᠨᠠᠷ ᠪᠤᠯ ᠡᠯ᠎ᠡ ᠠᠵᠢᠯ ᠲᠦᠷᠦᠯ ᠤᠨ ᠳᠣᠲᠣᠷᠠᠬᠢ ᠰᠢᠯᠢᠳᠡᠭ ᠲᠥᠯᠥᠭᠡᠯᠡᠭᠴᠢ ᠪᠣᠯᠤᠨ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠦᠢᠯᠡ ᠶᠠᠪᠤᠳᠠᠯ ᠢ ᠤᠬᠠᠭᠤᠯᠵᠤ᠂ ᠠᠯᠢ ᠴᠢᠳᠠᠬᠤ ᠪᠠᠷ ᠲᠡᠳᠡᠨ ᠤ ᠬᠦᠴᠢᠷᠳᠡᠯ ᠢ ᠰᠢᠢᠳᠪᠦᠷᠢᠯᠡᠨ᠂ ᠪᠣᠳᠠᠲᠠᠶ ᠠᠵᠢᠯ ᠬᠢᠵᠦ᠂ ᠲᠡᠳᠡᠨ ᠳᠤ ᠨᠠᠮ ᠪᠤᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠢ ᠦᠨᠡᠨ ᠬᠦ ᠬᠦᠷᠲᠡᠭᠡᠬᠦ ᠬᠡᠷᠡᠭᠲᠠᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号