ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2016/1/22
     1 ᠳ᠋ᠦ᠋ᠭᠡᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ ᠶᠢᠨ 9 ᠴᠠᠭ ᠤᠨ 30 ᠮᠢᠨᠦ᠋ᠲ ᠲᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃      ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠵᠢᠩᠬᠢᠨᠢ ᠪᠠᠷ ᠡᠬᠢᠯᠡᠪᠡ᠃ ᠬᠤᠷᠠᠯ ᠳᠤ ᠣᠷᠣᠯᠴᠠᠬᠤ ᠶᠣᠰᠣᠲᠠᠶ 525 ᠭᠡᠰᠢᠭᠦᠨ᠂ ᠪᠣᠳᠠᠲᠠᠶ ᠣᠷᠣᠯᠴᠠᠭᠰᠠᠨ ᠨᠢ 472 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠥᠨᠥᠳᠦᠷ ᠤᠨ ᠬᠤᠷᠠᠯ ᠳᠤ ᠨᠡᠶᠢᠲᠡ ᠭᠤᠷᠪᠠᠨ ᠠᠭᠤᠯᠭ᠎ᠠ ᠪᠠᠷ ᠶᠠᠪᠤᠭᠳᠠᠪᠠ᠄ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ︵ᠲᠥᠰᠦᠯ︶᠎ ᠢ ᠬᠢᠨᠠᠨ ᠵᠥᠪᠯᠡᠨ᠎ᠡ︔ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠠᠵᠢᠯ ᠤᠨ ᠢᠯᠡᠳᠬᠡᠯ ᠰᠣᠨᠣᠰᠴᠤ ᠬᠢᠨᠠᠨ ᠵᠥᠪᠯᠡᠨ᠎ᠡ︔ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠮᠡᠳᠡᠭᠦᠯᠦᠯᠲᠡ ᠶᠢ ᠰᠤᠨᠤᠰᠴᠣ ᠬᠢᠨᠠᠨ ᠵᠥᠪᠯᠡᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号