ᠥᠪᠥᠷ ᠮᠣᠩᠭᠤᠯ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ᠄ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠡᠯᠪᠠᠶᠢᠯᠭᠡᠬᠦ ᠳᠥᠷᠥ ᠶᠢᠨ ᠪᠤᠳᠤᠯᠭ᠎ᠠ
ᠨᠡᠶᠢᠲᠡᠯᠡᠭᠰᠡᠨ ᠴᠠᠭ᠄
2016/1/22
     ᠮᠠᠨ ᠤ ᠣᠷᠣᠨ ᠡᠨᠡ ᠵᠢᠯ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠳᠤ ︽ᠬᠤᠶᠠᠷ ᠶᠢ ᠳᠡᠭᠡᠭᠰᠢᠯᠡᠭᠦᠯᠵᠦ᠂ ᠬᠤᠶᠠᠷ ᠶᠢ ᠪᠠᠭᠤᠷᠠᠭᠤᠯᠬᠤ︾ ᠬᠡᠯᠪᠡᠶᠢᠯᠲᠡ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠪᠤᠢ᠃ ᠲᠠᠨᠢᠯᠴᠠᠭᠤᠯᠤᠭᠰᠠᠨ ᠢᠶᠠᠷ᠂ ︽ᠬᠤᠶᠠᠷ ᠶᠢ ᠳᠡᠭᠡᠭᠰᠢᠯᠡᠭᠦᠯᠵᠦ᠂ ᠬᠤᠶᠠᠷ ᠶᠢ ᠪᠠᠭᠤᠷᠠᠭᠤᠯᠬᠤ︾ ᠭᠡᠳᠡᠭ ᠨᠢ  ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠲᠥᠷᠥ  ᠶᠢᠨ ᠪᠤᠳᠤᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ ᠨᠢ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ  ᠎ ᠶᠢ 5  ᠵᠠᠭᠤᠨ ᠤ ᠴᠡᠭ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ︔ ᠡᠪᠡᠳᠴᠢᠨ ᠲᠠᠢ ᠪᠤᠶᠤ ᠵᠡᠮᠳᠡᠭ ᠬᠡᠦᠬᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠵᠢᠴᠢ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠡᠬᠢᠯᠡᠯᠲᠡ ᠶᠢᠨ ᠱᠤᠭᠤᠮ ᠢ ᠨᠢ ᠪᠠᠭᠤᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ ᠡᠪᠡᠳᠴᠢᠨ ᠤ ᠵᠠᠷᠤᠳᠠᠯ ᠤᠨ ᠬᠤᠪᠢ ᠬᠥᠮᠦᠨ ᠤ ᠪᠣᠳᠠᠲᠠᠶ ᠵᠠᠷᠤᠯᠭ᠎ᠠ ᠢ ᠨᠢ ᠪᠠᠭᠤᠷᠠᠭᠤᠯᠬᠤ ᠶᠢ ᠵᠢᠭᠠᠵᠤ ᠪᠤᠢ᠃ ᠡᠭᠦᠨ ᠤ ᠬᠠᠮᠲᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠶᠠᠳᠠᠭᠤ ᠣᠷᠣᠨ ᠤ ᠬᠤᠰᠢᠭᠤ ᠰᠢᠶᠠᠨ ᠱᠠᠲᠤᠨ ᠤ ᠡᠮᠨᠡᠯᠭᠡ ᠶᠢᠨ ᠬᠤᠷᠢᠶ᠎ᠠ ᠶᠢ ᠨᠢᠭᠡᠨ ᠤ ᠨᠢᠭᠡ ᠪᠠᠷ ᠳᠠᠭᠠᠭᠠᠨ ᠠᠪᠴᠤ ᠳᠡᠳᠬᠦᠬᠦ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠰᠢᠰᠲ᠋ᠧᠮᠴᠢᠯᠡᠨ ᠳᠡᠳᠬᠦᠬᠦ ᠬᠠᠪᠰᠤᠷᠤᠯᠭ᠎ᠠ ᠶᠢᠨ ᠬᠠᠷᠢᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠶᠢ ᠵᠢᠭᠠᠵᠤ ᠪᠤᠢ ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ᠂ ᠤᠷᠢᠨ ᠬᠡᠷᠡᠭᠯᠡᠬᠦ ᠳᠤ ᠬᠡᠯᠪᠠᠶᠢᠬᠦ ᠳᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠ ᠴᠢᠬᠤᠯᠠ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠦᠢᠯ  ᠤᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠷᠡᠭᠦᠯ  ᠮᠡᠨᠳᠦ ᠪᠠᠷ ᠶᠠᠳᠠᠭᠤ ᠶᠢ ᠳᠡᠳᠬᠦᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠠᠬᠢᠭᠠᠳ ᠶᠠᠳᠠᠭᠤᠷᠠᠬᠤ ᠠᠰᠠᠭᠤᠳᠠᠯ ᠢ ᠢᠳᠡᠭ ᠢᠳᠡᠭ ᠢᠶᠠᠷ ᠰᠢᠢᠳᠪᠦᠷᠢᠯᠡᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号