ᠥᠪᠥᠷ ᠮᠣᠩᠭᠤᠯ ᠥᠷᠢ ᠰᠢᠷᠢ ᠶᠢ ᠢᠯᠭᠠᠷᠠᠭᠤᠯᠬᠤ ᠲᠥᠯᠥᠪᠯᠡᠭᠡ ᠲᠣᠭᠲᠠᠭᠠᠵᠤ ᠬᠦᠴᠦ ᠶᠠᠪᠤᠭᠴᠢ ᠮᠠᠯᠴᠢᠨ ᠲᠠᠷᠢᠶᠠᠴᠢᠳ ᠢ ᠬᠠᠪᠰᠤᠷᠴᠤ ᠴᠠᠭᠠᠨ ᠰᠠᠷ᠎ᠠ ᠠᠴᠠ ᠡᠮᠦᠨ᠎ᠡ ᠴᠠᠯᠢᠩ ᠢ ᠨᠢ ᠣᠯᠭᠤᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2016/1/22
     2015 ᠣᠨ ᠤ 11 ᠳ᠋ᠤᠭᠡᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ 8 ᠰᠠᠯᠠᠭ᠎ᠠ ᠮᠥᠴᠢᠷ ᠠᠴᠠ ᠬᠠᠮᠲᠤᠷᠠᠨ ᠥᠷᠨᠢᠭᠦᠯᠦᠭᠰᠡᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠣᠯᠭᠤᠭᠰᠠᠨ ᠪᠠᠶᠢᠳᠠᠯ ᠤᠨ ᠲᠤᠬᠠᠢ ᠲᠤᠰᠬᠠᠶ ᠵᠦᠢᠯ ᠤᠨ ᠪᠠᠶᠢᠴᠠᠭᠠᠯᠲᠠ ᠵᠢᠩᠬᠢᠨᠢ ᠪᠠᠷ ᠡᠬᠢᠯᠡᠵᠦ᠂ 2016 ᠣᠨ ᠤ 1 ᠳ᠋ᠤᠭᠡᠷ ᠰᠠᠷ᠎ᠠ ᠶᠢᠨ 10᠎ ᠤ ᠡᠳᠦᠷ ᠪᠣᠯᠲᠠᠯ᠎ᠠ᠂ ᠪᠦᠬᠦ ᠣᠷᠣᠨ ᠳᠤ ᠴᠠᠯᠢᠩ ᠢ ᠥᠷᠢᠲᠦᠵᠦ ᠪᠠᠶᠢᠭᠰᠠᠨ ᠨᠡᠶᠢᠲᠡ 222 ᠬᠡᠷᠡᠭ ᠢ ᠰᠢᠢᠳᠪᠦᠷᠢᠯᠡᠵᠦ᠂ 12231 ᠬᠥᠮᠦᠨ ᠳᠤ ᠬᠤᠯᠪᠤᠭᠳᠠᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 24923.71 ᠲᠥᠮᠡᠨ ᠲᠥᠭᠦᠷᠢᠭ ᠪᠠᠶᠢᠪᠠ︔ ᠰᠢᠢᠳᠪᠦᠷᠢᠯᠡᠵᠦ ᠳᠡᠶᠢᠯᠦᠭᠡ ᠦᠭᠡᠢ 233 ᠬᠡᠷᠡᠭ ᠨᠢ 13823 ᠬᠥᠮᠦᠨ ᠳᠤ ᠬᠤᠯᠪᠤᠭᠳᠠᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 31302.43 ᠲᠥᠮᠡᠨ ᠲᠥᠭᠦᠷᠢᠭ ᠪᠣᠯᠤᠨ᠎ᠠ᠃ ᠰᠢᠢᠳᠪᠦᠷᠢᠯᠡᠵᠦ ᠳᠡᠶᠢᠯᠦᠭᠡ ᠦᠭᠡᠢ ᠡᠨᠡ ᠬᠡᠰᠡᠭ ᠲᠤ᠂ ᠡᠯ᠎ᠡ ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠨᠢᠭᠡᠨᠲᠡ ᠪᠣᠳᠠᠲᠠᠶ ᠠᠷᠭ᠎ᠠ ᠬᠡᠮᠵᠢᠶ᠎ᠡ ᠪᠣᠯᠣᠨ ᠥᠷᠢ ᠰᠢᠷᠢ ᠶᠢ ᠢᠯᠭᠠᠷᠠᠭᠤᠯᠬᠤ ᠲᠥᠯᠥᠪᠯᠡᠭᠡ ᠲᠣᠭᠲᠠᠭᠠᠵᠤ᠂ ᠣᠳᠣ ᠶᠠᠭ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠴᠠᠭᠠᠨ ᠰᠠᠷ᠎ᠠ ᠠᠴᠠ ᠡᠮᠦᠨ᠎ᠡ ᠥᠷᠢ ᠰᠢᠷᠢ ᠶᠢ ᠢᠯᠭᠠᠷᠠᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠣᠶᠢᠯᠠᠭᠠᠭᠰᠠᠨ ᠢᠶᠠᠷ᠂ ᠪᠣᠳᠠᠲᠠᠶ ᠠᠵᠢᠯ ᠤᠨ ᠳᠤᠮᠳᠠ᠂ ᠮᠠᠨ ᠤ ᠣᠷᠣᠨ ᠡᠬᠢ ᠡᠭᠦᠰᠦᠯ ᠠᠴᠠ ᠰᠡᠷᠭᠡᠶᠢᠯᠡᠨ ᠬᠢᠵᠠᠭᠠᠷᠯᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠠᠯᠢᠩ ᠥᠷᠢᠲᠦᠭᠰᠡᠨ ᠬᠡᠷᠡᠭ ᠢ ᠲᠥᠷᠭᠡᠭᠡᠨ ᠰᠢᠢᠳᠪᠦᠷᠢᠯᠡᠪᠡ︔ ᠢᠯᠡᠴᠢᠯᠡᠨ ᠮᠡᠳᠡᠭᠦᠯᠬᠦ ᠵᠠᠭᠠᠯᠳᠣᠬᠤ ᠳᠤ 24 ᠴᠠᠭ ᠵᠢᠵᠢᠭᠦᠷᠯᠡᠬᠦ ᠲᠦᠷᠢᠮ ᠪᠣᠯᠣᠨ ᠠᠩᠬ᠎ᠠ ᠬᠠᠷᠢᠭᠤᠴᠠᠯᠭ᠎ᠠ ᠲᠤᠯᠭᠠᠬᠤ ᠳᠦᠷᠢᠮ ᠢ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠲᠤᠰᠬᠠᠭᠰᠠᠨ ᠴᠠᠯᠢᠩ ᠥᠷᠢᠲᠦᠬᠦ ᠠᠰᠠᠭᠤᠳᠠᠯ ᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠪᠡ︔ ᠲᠥᠪᠯᠡᠷᠡᠭᠦᠯᠦᠨ ᠪᠠᠶᠢᠴᠠᠭᠠᠬᠤ ᠪᠠ ᠢᠯᠡᠴᠢᠯᠡᠡᠨ ᠮᠡᠳᠡᠭᠦᠯᠦᠭᠰᠡᠨ ᠵᠠᠭᠠᠯᠳᠤᠭᠰᠠᠨ ᠬᠡᠷᠡᠭ ᠢ ᠪᠠᠶᠢᠴᠠᠭᠠᠬᠤ ᠳᠤᠮᠳᠠ ᠣᠯᠵᠤ ᠮᠡᠳᠡᠭᠰᠡᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠭᠰᠡᠨ ᠠᠵᠢᠯᠯᠠᠭ᠎ᠠ ᠳᠤ᠂ ᠠᠵᠤ ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠥᠭᠭᠦᠭᠦᠯᠪᠡ︔ ᠭᠠᠵᠠᠷ ᠣᠷᠣᠨ ᠠᠯᠤᠰᠯᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠢᠨᠵᠧᠨᠧᠷᠢᠩ ᠤᠨ ᠲᠥᠷᠥᠯ ᠵᠦᠢᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ︔ ᠵᠢᠵᠢᠭᠦᠷᠯᠡᠨ ᠠᠵᠢᠯᠯᠠᠬᠤ ᠪᠠ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠴᠢᠬᠤᠯᠡ ᠪᠠᠶᠢᠳᠠᠯ ᠢ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠴᠠᠭᠠᠨ ᠰᠠᠷ᠎ᠠ ᠠᠴᠠ ᠡᠮᠦᠨ᠎ᠡ ᠪᠠᠴᠢᠮ ᠪᠠᠶᠢᠳᠠᠯ ᠢ ᠠᠷᠭᠠᠴᠠᠬᠤ ᠠᠵᠢᠯᠲᠠᠳ ᠪᠣᠯᠣᠨ ᠲᠡᠷᠭᠡ ᠬᠥᠰᠭᠡ ᠤᠳ ᠴᠠᠭ ᠢᠮᠠᠭᠲᠠ ᠵᠠᠷᠯᠢᠭ ᠬᠦᠯᠢᠶᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠭᠰᠡᠨ ᠬᠡᠷᠡᠭ ᠢ ᠳᠠᠷᠤᠶᠢᠬᠠᠨ ᠲᠦᠷᠭᠡᠨ ᠰᠢᠢᠳᠪᠦᠷᠢᠯᠡᠪᠡ︔ ᠰᠠᠯᠠᠭ᠎ᠠ ᠮᠥᠴᠢᠷ ᠤᠳ ᠬᠤᠭᠤᠷᠣᠨᠳᠣ ᠪᠠᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠭᠠᠨ ᠰᠠᠷ᠎ᠠ ᠠᠴᠠ ᠡᠮᠦᠨ᠎ᠡ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠨᠳᠦᠰᠦᠨ ᠎ ᠳᠡᠭᠡᠨ ᠥᠷᠢᠳᠦᠬᠦ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃      ᠣᠶᠢᠯᠠᠭᠠᠭᠰᠠᠨ ᠢᠶᠠᠷ᠂ 2015 ᠣᠨ ᠳᠤ᠂ ᠪᠦᠬᠦ ᠣᠷᠣᠨ ᠤ ᠡᠯ᠎ᠡ ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠡᠳᠦᠷ ᠲᠤᠲᠤᠮ ᠤᠨ ᠴᠠᠭᠳᠠᠨ ᠪᠠᠶᠢᠴᠠᠭᠠᠬᠤ᠂ ᠪᠢᠴᠢᠭ ᠢᠶᠠᠷ ᠬᠢᠨᠠᠨ ᠪᠠᠶᠢᠴᠠᠭᠠᠬᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠣᠯᠣᠨ ᠵᠠᠭᠠᠯᠳᠤᠯᠭ᠎ᠠ ᠢᠯᠡᠴᠢᠯᠡᠯᠲᠡ ᠶᠢ ᠬᠦᠯᠢᠶᠡᠨ ᠠᠪᠴᠤ ᠰᠢᠢᠳᠪᠦᠷᠢᠯᠡᠬᠦ᠂ ᠲᠤᠰᠬᠠᠶ ᠵᠦᠢᠯ ᠤᠨ ᠪᠠᠶᠢᠴᠠᠭᠠᠯᠲᠠ ᠬᠢᠬᠦ ᠪᠠ ᠲᠣᠮᠣ ᠴᠢᠬᠤᠯᠠ ᠬᠡᠷᠡᠭ ᠢ ᠬᠢᠨᠠᠨ ᠪᠠᠶᠢᠴᠠᠭᠠᠬᠤ ᠵᠡᠷᠭᠡ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢᠶᠠᠷ ᠳᠠᠮᠵᠢᠭᠤᠯᠤᠨ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠠᠷᠢᠨ ᠬᠢᠨᠠᠮᠠᠭᠠᠶ ᠪᠠᠶᠢᠴᠠᠭᠠᠨ ᠰᠢᠢᠳᠪᠦᠷᠢᠯᠡᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ ᠪᠦᠬᠦ ᠵᠢᠯ ᠳᠤ ᠨᠡᠶᠢᠲᠡ ᠬᠥᠮᠦᠨ ᠬᠡᠷᠡᠭᠯᠡᠬᠦ ᠨᠢᠭᠡᠴᠡ ᠶᠢ 38578 ᠡᠷᠦᠬᠡ ᠪᠠᠶᠢᠴᠠᠭᠠᠵᠤ᠂ 4476 ᠡᠯ᠎ᠡ ᠲᠦᠷᠤᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 106864 ᠬᠥᠮᠦᠨ ᠤ ᠬᠥᠳᠡᠯᠮᠦᠷᠢ ᠶᠢᠨ ᠭᠡᠷ᠎ᠡ ᠶᠢ ᠨᠥᠬᠦᠨ ᠲᠣᠭᠲᠠᠵᠤ᠂ ᠬᠥᠳᠡᠯᠮᠦᠷᠢᠴᠢᠳ ᠤᠨ ᠴᠠᠯᠢᠩ ᠣᠯᠭᠤᠮᠵᠢ ᠶᠢ 166482.2 ᠲᠥᠮᠡᠨ ᠲᠥᠭᠦᠷᠢᠭ ᠤᠨ ᠨᠡᠬᠡᠮᠵᠢᠯᠡᠨ ᠣᠯᠭᠤᠵᠣ᠂ 110971 ᠬᠥᠮᠦᠨ ᠳᠤ ᠬᠤᠯᠪᠤᠭᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号