ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ 23᠎ ᠤ ᠡᠳᠦᠷ ᠠᠴᠠ ᠡᠬᠢᠯᠡᠨ ᠬᠤᠷᠠᠯᠳᠤᠨ᠎ᠠ
ᠨᠡᠶᠢᠲᠡᠯᠡᠭᠰᠡᠨ ᠴᠠᠭ᠄
2016/1/22
      1 ᠳ᠋ᠦ᠋ᠭᠡᠷ ᠰᠠᠷ᠎ᠠ ᠶᠢᠨ 21᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠂ ᠲᠤᠰ ᠤᠳᠠᠭᠠᠨ ᠤ ᠶᠡᠭᠡ ᠬᠤᠷᠠᠯ 23᠎ ᠤ ᠡᠳᠦᠷ ᠠᠴᠠ ᠡᠬᠢᠯᠡᠨ ᠬᠤᠷᠠᠯᠳᠤᠨ᠎ᠠ᠂ ᠣᠳᠣᠬᠠᠨ ᠳᠤ᠂ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡᠨᠲᠡ ᠲᠥᠪᠬᠢᠨᠡᠭᠦᠯᠪᠡ᠃ ᠲᠣᠰ ᠤᠳᠠᠭᠠᠨ ᠤ ᠶᠡᠭᠡ ᠬᠤᠷᠠᠯ ᠪᠣᠯ ︽12᠂ 5︾᠎ ᠶᠢᠨ ᠬᠤᠭᠤᠴᠠᠭᠠᠨ ᠤ ᠲᠥᠯᠥᠪᠵᠢᠭᠦᠯᠭᠡ ᠶᠢ ᠲᠡᠭᠦᠰ ᠠᠮᠵᠢᠯᠲᠠᠲᠠᠢ ᠪᠠᠷ  ᠪᠡᠶᠡᠯᠡᠭᠦᠯᠵᠦ᠂ ︽13᠂ 5︾᠎ ᠶᠢᠨ ᠬᠤᠭᠤᠴᠠᠭᠠᠨ ᠤ ᠠᠶᠠᠯᠠᠯ ᠡᠬᠢᠯᠡᠬᠦ ᠲᠠᠰᠢᠷᠠᠮ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠠᠪᠤᠳᠠᠯ ᠰᠢᠢᠳᠪᠦᠷᠢᠲᠦ ᠱᠠᠲᠤᠨ ᠳᠤ ᠣᠷᠣᠭᠰᠠᠨ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠣᠨ᠎ᠠ᠃ ᠡᠨᠡ ᠤᠳᠠᠭᠠᠨ ᠤ ᠶᠡᠭᠡ ᠬᠤᠷᠠᠯ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠯ᠎ᠡ ᠢᠯᠡᠳᠬᠡᠯ ᠮᠡᠳᠡᠭᠦᠯᠦᠯᠲᠡ ᠶᠢ ᠬᠢᠨᠠᠨ ᠵᠥᠪᠯᠡᠵᠦ᠂ ᠬᠠᠮᠢᠶ᠎ᠠ ᠪᠦᠬᠦᠢ ᠰᠢᠢᠳᠪᠦᠷᠢ ᠭᠠᠷᠭᠠᠵᠤ᠂ ᠥᠨᠥ ᠵᠢᠯ ᠪᠠ ︽13᠂ 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠪᠣᠯᠣᠨ᠎ᠠ᠃ ᠲᠤᠰ ᠤᠳᠠᠭᠠᠨ ᠤ ᠶᠡᠭᠡ ᠬᠤᠷᠠᠯ ᠳᠤ 10 ᠭᠤᠣᠯ ᠵᠥᠪᠯᠡᠬᠦ ᠵᠦᠢᠯ ᠪᠤᠢ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂  ︽13᠂ 5︾᠎ ᠶᠢᠨ ᠲᠥᠯᠥᠪᠵᠢᠭᠦᠯᠭᠡ ᠶᠢᠨ ᠲᠥᠰᠥᠯ᠂ ᠲᠥᠯᠥᠪᠯᠡᠭᠡᠨ ᠤ ᠮᠡᠳᠡᠭᠦᠯᠦᠯᠲᠡ᠂ ᠲᠥᠰᠦᠪ ᠤᠨ ᠮᠡᠳᠡᠭᠦᠯᠦᠯᠲᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠲᠡ ᠵᠡᠷᠭᠡ 7 ᠢᠯᠡᠳᠬᠡᠯ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠪᠠᠲᠤᠯᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ ᠳᠤ ᠵᠠᠰᠠᠪᠤᠷᠢ ᠣᠷᠣᠭᠤᠯᠬᠤ᠂ ᠬᠤᠯᠪᠣᠭᠳᠠᠯ ᠪᠦᠬᠦᠢ ᠲᠤᠰᠬᠠᠶ ᠵᠥᠪᠯᠡᠯ ᠪᠠᠶᠢᠭᠤᠯᠬᠤ ᠪᠠ ᠠᠵᠢᠯᠳᠠᠨ ᠤ ᠳᠤᠬᠢᠷᠠᠭᠤᠯᠤᠯᠲᠠ ᠵᠢᠴᠢ ᠰᠣᠩᠭᠤᠭᠤᠯᠢ ᠪᠠᠭᠲᠠᠨ᠎ᠠ᠃ ᠶᠡᠭᠡ ᠬᠤᠷᠠᠯ ᠤᠨ ᠵᠥᠪᠯᠡᠬᠦ ᠵᠦᠢᠯ ᠢ ᠦᠨᠳᠦᠰᠦᠯᠡᠪᠡᠯ᠂ ᠬᠤᠷᠠᠯ ᠤᠨ ᠬᠤᠭᠤᠴᠠᠭ᠎ᠠ 6 ᠡᠳᠦᠷ ᠬᠠᠭᠠᠰ ᠶᠠᠪᠤᠭᠳᠠᠵᠤ᠂ 29᠎ ᠤ ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠲᠡᠭᠦᠰᠦᠨ᠎ᠡ᠃ ᠶᠡᠭᠡ ᠬᠤᠷᠠᠯ ᠠᠴᠠ᠂ ᠲᠥᠪ ᠤᠨ ᠨᠠᠢᠮᠠᠨ ᠵᠤᠷᠪᠤᠰ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠠᠯ ᠤᠨ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠣᠮᠬᠠᠨ ᠪᠥᠭᠡᠳ ᠥᠨᠳᠥᠷ ᠪᠦᠲᠦᠮᠵᠢᠲᠡᠢ ᠬᠤᠷᠠᠯ ᠤᠨ ᠰᠤᠷᠲᠠᠯ ᠢ ᠢᠯᠡᠷᠡᠭᠦᠯᠬᠦ ᠶᠢ ᠱᠠᠭᠠᠷᠳᠠᠪᠠ ᠡᠭᠦᠨ ᠤ ᠬᠠᠮᠲᠤ᠂ ᠶᠡᠭᠡ ᠬᠤᠷᠠᠯ ᠠᠴᠠ ᠬᠤᠷᠠᠯ ᠳᠤ ᠣᠷᠣᠯᠴᠠᠬᠤ᠂ ᠰᠤᠯᠠ ᠣᠷᠣᠯᠴᠠᠭᠴᠢ ᠶᠡᠭᠡ ᠬᠤᠷᠠᠯ ᠤᠨ ᠬᠤᠯᠪᠣᠭᠳᠠᠯ ᠪᠦᠬᠦᠢ ᠬᠤᠷᠠᠯ ᠎ ᠳᠤ ᠣᠷᠣᠯᠴᠠᠵᠤ᠂ ᠬᠢᠨᠠᠨ ᠵᠥᠪᠯᠡᠬᠦ ᠶᠠᠷᠢᠶ᠎ᠠ ᠢᠯᠡᠳᠬᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠣᠳᠣᠷᠬᠠᠢ ᠱᠠᠭᠠᠷᠳᠠᠵᠤ᠂ ᠲᠥᠯᠥᠭᠡᠯᠡᠭᠴᠢ ᠪᠠ ᠰᠤᠯᠠ ᠣᠷᠣᠯᠴᠠᠭᠴᠢ ᠬᠤᠯᠪᠣᠭᠳᠠᠯ ᠪᠦᠬᠦᠢ ᠬᠤᠷᠠᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ︔ ︽ᠵᠠᠰᠠᠭ ᠤᠨ ᠣᠷᠳᠣᠨ ᠪᠣᠯᠣᠨ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ︾᠎ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠡᠯ᠎ᠡ ᠲᠥᠯᠥᠭᠡᠯᠡᠭᠴᠢᠳ ᠤᠨ ᠪᠦᠯᠬᠦᠮ ᠳᠤ ᠬᠦᠷᠴᠦ ᠰᠠᠨᠠᠯ ᠰᠣᠨᠣᠰᠴᠤ᠂ ᠠᠰᠠᠭᠤᠨ ᠯᠠᠪᠯᠠᠭᠰᠠᠨ ᠵᠦᠢᠯ ᠳᠤ ᠬᠠᠷᠢᠭᠤᠯᠲᠠ ᠥᠭᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号