| ᠬᠤᠶᠠᠳᠤᠭᠠᠷ ᠶᠠᠷᠢᠯᠴᠠᠬᠤ ᠳᠤᠭᠤᠶᠢᠯᠠᠩ ᠤᠨ ᠭᠡᠰᠢᠭᠦᠳ ᠥᠪᠡᠷ ᠥᠪᠡᠷ ᠤᠨ ᠰᠠᠨᠠᠯ ᠢᠶᠠᠨ ᠶᠠᠷᠢᠵᠤ᠂ | ᠲᠦᠷᠦᠭᠳᠡᠯ ᠢᠶᠠᠨ ᠰᠣᠯᠢᠯᠴᠠᠪᠠ᠃ | | 1 ᠳ᠋ᠦ᠋ᠭᠡᠷ ᠰᠠᠷ᠎ᠠ ᠶᠢᠨ 22 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ | ᠲᠦᠷᠦ ᠶᠢᠨ ᠵᠥᠪᠯᠡᠯᠭᠡᠨ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠭ᠎ᠠ ᠶᠢᠨ ᠳᠤᠭᠤᠶᠢᠯᠠᠩ ᠤᠨ ᠬᠤᠷᠠᠯ | ᠬᠤᠷᠠᠯᠳᠤᠭᠤᠯᠪᠠ᠃ 33 ᠡᠲᠡᠭᠡᠳ ᠤᠨ ᠢᠯᠭᠠᠯ ᠤᠨ ᠠᠵᠢᠯᠯᠠᠭ᠎ᠠ ᠶᠢᠨ ᠳᠤᠭᠤᠶᠢᠯᠠᠩ ᠨᠢ ᠲᠣᠰᠪᠣᠷᠢ ᠬᠤᠷᠠᠯ ᠬᠢᠵᠦ᠂ | ᠡᠯ᠎ᠡ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠳᠠᠷᠤᠭ᠎ᠠ ᠬᠤᠷᠠᠯ ᠡᠷᠬᠢᠯᠡᠵᠦ᠂ | ᠬᠤᠷᠠᠯ ᠳᠡᠭᠡᠷ᠎ᠡ ᠲᠦᠷᠦᠭᠳᠡᠯ ᠢᠶᠠᠨ ᠰᠣᠯᠢᠯᠴᠠᠨ᠂ 2015 ᠣᠨ ᠤ ᠡᠲᠡᠭᠡᠳ ᠤᠨ ᠢᠯᠭᠠᠯ ᠤᠨ ᠠᠵᠢᠯᠯᠠᠭ᠎ᠠ ᠶᠢᠨ | ᠪᠠᠶᠢᠳᠠᠯ ᠢᠶᠠᠨ ᠮᠡᠳᠡᠭᠳᠡᠵᠦ᠂ 2016 ᠣᠨ ᠤ ᠡᠲᠡᠭᠡᠳ ᠤᠨ ᠢᠯᠭᠠᠯ ᠤᠨ ᠠᠵᠢᠯᠯᠠᠭ᠎ᠠ ᠶᠢᠨ ᠲᠦᠯᠦᠪᠯᠡᠯᠭᠡ ᠶᠢ | ᠶᠠᠷᠢᠯᠴᠠᠵᠤ᠂ ᠡᠲᠡᠭᠡᠳ ᠤᠨ ᠢᠯᠭᠠᠯ ᠤᠨ ᠳᠤᠷᠠᠳᠤᠯᠭ᠎ᠠ ᠪᠣᠯᠤᠨ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠭᠴᠢ ᠶᠢ | ᠲᠠᠨᠢᠯᠴᠠᠭᠤᠯᠪᠠ᠃ | ᠡᠨᠡ ᠵᠢᠯ ᠠᠴᠠ ᠨᠠᠰᠢ᠂ ᠡᠯ᠎ᠡ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠭᠠᠨ ᠤ ᠳᠤᠭᠤᠶᠢᠯᠠᠩ | ᠦᠨᠢᠷ ᠪᠠᠶᠠᠯᠢᠭ ᠠᠵᠢᠯᠯᠠᠭ᠎ᠠ ᠦᠷᠨᠢᠭᠦᠯᠬᠦ ᠪᠠᠷ ᠳᠠᠮᠵᠢᠨ᠂ ᠭᠡᠰᠢᠭᠦᠳ ᠤᠨ ᠴᠤᠭ ᠵᠢᠪᠬᠤᠭ᠎ᠠ ᠪᠠᠨ ᠮᠠᠰᠢ ᠰᠠᠶᠢᠨ | ᠬᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠨᠡᠩ ᠰᠠᠶᠢᠨ ᠪᠠᠳᠠᠷᠠᠭᠤᠯᠪᠠ᠃ | ᠡᠯ᠎ᠡ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠭ᠎ᠠ ᠶᠢᠨ ᠳᠤᠭᠤᠶᠢᠯᠠᠩ ᠨᠢ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠭᠡᠰᠢᠭᠦᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠢᠨᠠᠮᠠᠭᠠᠶ ᠰᠤᠷᠤᠯᠴᠠᠭᠤᠯᠵᠤ᠂ | ᠡᠯ᠎ᠡ ᠵᠦᠢᠯ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ | ᠠᠵᠤ ᠠᠬᠤᠶᠢᠯᠠᠯ ᠳᠤ ᠦᠢᠯᠡᠴᠢᠯᠡᠨ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠰᠡᠳᠭᠢᠯ ᠲᠠᠯᠪᠢᠵᠤ᠂ | ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠠᠵᠢᠯ ᠢ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠮᠠᠰᠢ ᠰᠠᠶᠢᠨ ᠭᠦᠢᠴᠡᠳᠬᠡᠪᠡ᠃ ᠰᠢᠨ᠎ᠡ ᠨᠢᠭᠡᠨ ᠵᠢᠯ ᠳᠤ᠂ ᠠᠵᠢᠯᠯᠠᠭᠠᠨ ᠤ | ᠳᠤᠭᠤᠶᠢᠯᠠᠩ ᠨᠤᠭᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ | ᠠᠵᠢᠯ ᠤᠨ ᠲᠣᠭᠤᠷᠢᠨ ᠳᠤ ᠠᠮᠢᠳᠤᠯᠢᠭ ᠪᠥᠭᠡᠳ ᠤᠯᠠᠨ ᠶᠠᠩᠵᠤ ᠶᠢᠨ ᠪᠠᠶᠢᠴᠠᠭᠠᠨ ᠰᠤᠳᠤᠯᠤᠯᠲᠠ᠂ ᠪᠠᠶᠢᠴᠠᠭᠠᠨ | ᠦᠵᠡᠬᠦ᠂ ᠪᠠᠶᠢᠴᠠᠭᠠᠨ ᠰᠢᠨᠵᠢᠯᠡᠬᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠠᠷᠠᠳ ᠤᠨ ᠪᠠᠶᠢᠳᠠᠯ ᠢ | ᠥᠢᠯᠠᠭᠠᠨ᠂ ᠮᠡᠳᠡᠭᠡ ᠵᠠᠩᠭᠢ ᠴᠤᠭᠯᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠨ᠂ ᠥᠪᠥᠷ | ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠨᠠᠯ ᠵᠥᠪᠯᠡᠯᠭᠡ ᠠᠷᠭ᠎ᠠ ᠤᠬᠠᠭᠠᠨ ᠳᠤᠷᠠᠳᠬᠤ | ᠪᠣᠯᠤᠨ᠎ᠠ᠃ |