| 1 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ ᠤᠯᠠᠭᠠᠨᠬᠠᠳᠠ | ᠬᠤᠳᠠ ᠶᠢᠨ ᠲᠦᠯᠦᠭᠡᠯᠡᠭᠴᠢᠳ ᠤᠨ ᠪᠦᠯᠭᠦᠮ ᠤᠨ ᠲᠦᠯᠦᠭᠡᠯᠡᠭᠴᠢᠳ ᠲᠠᠢ ᠬᠠᠮᠳᠤ ᠵᠠᠰᠠᠭ ᠤᠨ ᠤᠷᠳᠤᠨ ᠤ ᠠᠵᠢᠯ | ᠤᠨ ᠢᠯᠡᠳᠭᠡᠯ ᠢ ᠬᠢᠨᠠᠨ ᠵᠦᠪᠯᠡᠪᠡ᠃ | | 1 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ ᠤᠯᠠᠭᠠᠨᠬᠠᠳᠠ | ᠬᠤᠳᠠ ᠶᠢᠨ ᠲᠦᠯᠦᠭᠡᠯᠡᠭᠴᠢᠳ ᠤᠨ ᠪᠦᠯᠭᠦᠮ ᠤᠨ ᠲᠦᠯᠦᠭᠡᠯᠡᠭᠴᠢᠳ ᠲᠠᠢ ᠬᠠᠮᠳᠤ ᠵᠠᠰᠠᠭ ᠤᠨ ᠤᠷᠳᠤᠨ ᠤ ᠠᠵᠢᠯ | ᠤᠨ ᠢᠯᠡᠳᠭᠡᠯ ᠢ ᠬᠢᠨᠠᠨ ᠵᠦᠪᠯᠡᠬᠦ ᠳᠡᠭᠡᠨ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ | ᠪᠠᠶᠢᠳᠠᠯ ᠳᠤ ᠵᠣᠬᠢᠴᠠᠬᠤ ᠡᠵᠡᠮᠳᠡᠬᠦ ᠪᠠ ᠬᠦᠳᠦᠯᠦᠨ ᠳᠠᠭᠠᠭᠤᠯᠵᠣ᠂ ᠠᠵᠤ ᠦᠢᠯᠡᠰ ᠤᠨ ᠲᠡᠰ ᠳᠡᠪᠰᠢᠭᠦᠯᠬᠦ ᠶᠢ | ᠠᠬᠢᠭᠤᠯᠵᠤ᠂ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠵᠦ᠂ ᠠᠷᠠᠳ ᠤᠨ ᠠᠮᠢᠳᠤᠷᠠᠯ ᠢ ᠪᠠᠳᠤᠯᠠᠠ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽13᠂ 5︾ ᠶᠢᠨ ᠳᠦᠯᠦᠪᠵᠢᠬᠦᠯᠬᠡ ᠶᠢᠨ ᠰᠠᠶᠢᠨ ᠰᠠᠶᠢᠬᠠᠨ | ᠡᠬᠢᠯᠡᠯᠳᠡ ᠶᠢ ᠪᠠᠳᠤᠯᠠᠵᠤ᠂ ᠨᠡᠩ ᠶᠡᠭᠡ ᠰᠢᠨ᠎ᠡ ᠬᠦᠭᠵᠢᠯᠳᠡ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ ᠬᠡᠪᠡ᠃ | ᠲᠦᠯᠦᠭᠡᠯᠡᠭᠴᠢᠳ ᠰᠠᠨᠠᠯ ᠨᠢᠭᠡᠳᠡᠢ ᠦᠵᠡᠭᠰᠡᠨ ᠨᠢ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠨᠢ | ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠲᠠ ᠤᠶᠠᠯᠳᠤᠭᠤᠯᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ | ᠪᠠ ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠪᠦᠷᠢᠨ ᠲᠤᠤᠱᠯᠠᠭᠤᠯᠵᠤ᠂ ᠨᠠᠷᠢᠨ ᠪᠤᠳᠠᠳᠠᠢ | ᠲᠤᠭ᠎ᠠ ᠪᠠᠷᠢᠮᠳᠠ ᠪᠠᠷ ︽12᠂ 5︾ ᠶᠢᠨ ᠬᠤᠭᠤᠴᠠᠭ᠎ᠠ ᠪᠠ 2015 ᠤᠨ ᠤ ᠠᠵᠢᠯ ᠢ ᠳ᠋ᠦᠩᠨᠡᠵᠦ᠂ | ᠬᠡᠷᠡᠭᠵᠢᠬᠦᠯᠦᠬᠦᠰᠢᠳᠡᠢ ᠰᠡᠳᠬᠢᠴᠡ ᠶᠢᠨ ᠠᠷᠭ᠎ᠠ ᠬᠡᠮᠵᠢᠶ᠎ᠡ ᠪᠠᠷ ︽13᠂ 5︾ ᠶᠢᠨ ᠬᠤᠭᠤᠴᠠᠭᠠᠨ ᠤ ᠪᠠ 2016 | ᠤᠨ ᠤ ᠡᠯ᠎ᠡ ᠵᠦᠢᠯ ᠤᠨ ᠠᠵᠢᠯ ᠢ ᠪᠠᠶᠢᠷᠢᠯᠠᠭᠤᠯᠵᠦ᠂ ᠬᠦᠮᠦᠰ ᠢ ᠤᠷᠮᠠᠰᠢᠭᠤᠯᠤᠨ ᠵᠤᠷᠢᠬᠵᠢᠭᠤᠯᠵᠤ᠂ ᠪᠦᠬᠦ | ᠤᠷᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ | ᠨᠡᠶᠢᠴᠡᠭᠦᠯᠦᠭᠰᠡᠨ ᠪᠠᠶᠢᠨ᠎ᠠ᠃ ᠤᠷᠤᠰᠢᠵᠤ ᠪᠠᠶᠢᠭ᠎ᠠ ᠠᠰᠠᠭᠤᠳᠠᠯ ᠠᠴᠠ ᠵᠠᠶᠢᠯᠠᠬᠤ ᠦᠭᠡᠢ ᠪᠦᠭᠡᠳ ᠨᠢᠭᠤᠵᠤ | ᠳᠠᠯᠳᠠᠯᠠᠬᠤ ᠦᠭᠡᠢ ᠪᠠᠶᠢᠵᠤ᠂ ᠪᠡᠷᠭᠡ ᠶᠢ ᠳᠠᠪᠠᠵᠣ ᠬᠦᠴᠢᠷ ᠢ ᠳᠣᠭᠤᠯᠬᠤ ᠢᠳᠡᠭᠡᠯ ᠵᠤᠷᠢᠭ ᠢᠶᠠᠨ ᠢᠯᠡᠷᠡᠬᠦᠯᠪᠡ ᠭᠡᠵᠡᠢ᠃ | ᠲᠦᠯᠦᠭᠡᠯᠡᠭᠴᠢᠳ ᠪᠠᠰᠠ ᠦᠪᠡᠷ ᠦᠪᠡᠷ ᠤᠨ ᠠᠵᠢᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠯᠡᠭᠦᠳᠡᠯ | ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠠᠵᠤ ᠠᠬᠤᠢᠢᠯᠠᠯ ᠦᠪᠡᠷ ᠤᠨ ᠦᠷᠲᠡᠭ ᠢ ᠪᠠᠭᠤᠷᠠᠭᠤᠯᠬᠤ᠂ | ᠠᠵᠤ ᠦᠢᠯᠡᠰ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠮᠠᠯᠵᠢᠬᠤ ᠲᠠᠷᠢᠶᠠᠯᠠᠬᠤ ᠤᠷᠤᠨ ᠤ ︽ | ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ᠂ ᠰᠤᠷᠭᠠᠨ ᠬᠦᠮᠦᠵᠢᠯ ᠡᠮ ᠡᠮᠨᠡᠯᠭᠡ ᠨᠠᠰᠤᠵᠢᠯ ᠤᠨ ᠲᠠᠭᠠᠳᠬᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠦᠭᠡᠷᠡᠴᠢᠯᠡᠯᠳᠡ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ | ᠲᠤᠷᠠᠳᠪᠠ᠃ | ᠲᠦᠯᠦᠭᠡᠯᠡᠭᠴᠢᠳ ᠤᠨ ᠬᠢᠨᠠᠨ ᠵᠦᠪᠯᠡᠬᠦ ᠶᠢ ᠰᠤᠨᠤᠰᠤᠭᠰᠠᠨ ᠤ ᠲᠠᠷᠠᠭ᠎ᠠ᠂ ᠪᠠᠭᠠᠳᠤᠷ ᠬᠡᠯᠡᠭᠰᠡᠨ ᠨᠢ᠂ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠳᠡᠭᠡᠷ ᠰᠠᠨᠠᠯ ᠰᠠᠨᠠᠭᠤᠯᠭ᠎ᠠ ᠶᠢ ᠬᠢᠨᠠᠮᠠᠭᠠᠢ ᠰᠢᠩᠭᠡᠭᠡᠨ ᠠᠪᠴᠤ᠂ | ᠵᠠᠰᠠᠭ ᠤᠨ ᠤᠷᠳᠤᠨ ᠤ ᠡᠯ᠎ᠡ ᠵᠦᠢᠯ ᠤᠨ ᠠᠵᠢᠯ ᠢᠶᠠᠨ ᠨᠡᠩ ᠰᠠᠶᠢᠳᠤᠷ ᠴᠢᠷᠮᠠᠶᠢᠨ ᠬᠢᠬᠦ ᠬᠡᠷᠡᠭᠳᠠᠢ᠃ ︽12᠂ 5︾ | ᠶᠢᠨ ᠬᠤᠭᠤᠴᠠᠭ᠎ᠠ ᠪᠠ 2015 ᠤᠨ ᠤ ᠠᠵᠢᠯ ᠢ ᠡᠷᠬᠢᠴᠡᠬᠦᠯᠵᠦ᠂ ︽13᠂ 5︾ ᠶᠢᠨ ᠬᠤᠭᠤᠴᠠᠭ᠎ᠠ ᠪᠠ | 2016 ᠤᠨ ᠤ ᠬᠦᠭᠵᠢᠯᠳᠡ ᠶᠢ ᠪᠠᠷᠠᠯᠠᠬᠤ ᠳᠤ᠂ ᠰᠡᠳᠬᠢᠯ ᠪᠠᠶᠠᠷᠳᠠᠢ ᠪᠠᠶᠢᠬᠤ ᠪᠦᠭᠡᠳ ᠡᠬᠦᠷᠭᠡ ᠬᠠᠳᠠᠭᠤ | ᠪᠡᠷᠭᠡᠰᠢᠶᠡᠯᠳᠡᠢ ᠪᠠᠶᠢᠨ᠎ᠠ ᠬᠡᠪᠡ᠃ ᠲᠡᠷᠡ ᠤᠯᠠᠭᠠᠨᠬᠠᠳᠠ ᠬᠤᠳᠠ ᠶᠢᠨ ︽12᠂ 5︾ ᠶᠢᠨ ᠬᠤᠭᠤᠴᠠᠭ᠎ᠠ ᠪᠠ | 2015 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠠᠯ᠎ᠠ ᠪᠠᠷ ᠤᠯᠤᠭᠰᠠᠨ ᠠᠮᠵᠢᠯᠳᠠ ᠶᠢ ᠬᠦᠢᠴᠡᠳ | ᠨᠤᠳᠠᠯᠠᠭᠰᠠᠨ ᠤ ᠳᠠᠷᠠᠭ᠎ᠠ ᠬᠡᠯᠡᠭᠰᠡᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠤᠭᠤᠷᠢᠨ ᠳᠤ | ᠬᠦᠴᠦᠯᠡᠨ ᠴᠢᠷᠮᠠᠶᠢᠵᠤ᠂ ᠬᠦᠭᠵᠢᠬᠦᠯᠬᠦ ᠶᠢ ᠪᠠᠷᠢᠮᠳᠠᠯᠠᠬᠤ ᠪᠠᠷ ᠲᠡᠷᠢᠬᠦᠨ ᠴᠢᠬᠤᠯᠠ ᠡᠬᠦᠷᠭᠡ ᠪᠤᠯᠭᠠᠵᠤ᠂ ᠠᠵᠤ | ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠢ ᠢᠳᠡᠪᠬᠢᠳᠡᠢ ᠬᠦᠳᠦᠯᠦᠨ ᠳᠠᠭᠠᠭᠤᠯᠵᠣ᠂ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠣ ᠬᠤᠭᠤᠴᠠᠭᠠᠨ ᠤ ᠠᠭᠤᠯᠠᠭᠳᠠᠬᠤᠨ ᠤ ᠬᠤᠪᠢᠷᠠᠯᠳᠠ ᠶᠢ | ᠤᠨᠤᠪᠴᠢᠳᠠᠢ ᠡᠵᠡᠮᠳᠡᠵᠦ᠂ ᠢᠳᠡᠭᠡᠯ ᠵᠤᠷᠢᠭ ᠢᠶᠠᠨ ᠴᠢᠨᠠᠭᠰᠢᠳᠠ ᠬᠦᠪᠴᠢᠯᠡᠵᠦ᠂ ᠠᠵᠠ ᠳᠣᠬᠢᠶᠠᠯ ᠢ ᠵᠠᠪᠳᠤᠨ ᠡᠯ᠎ᠡ | ᠵᠦᠢᠯ ᠤᠨ ᠠᠵᠢᠯ ᠢᠶᠠᠨ ᠰᠠᠶᠢᠳᠤᠷ ᠬᠢᠵᠦ᠂ ᠦᠪᠡᠷᠳᠡᠭᠡᠨ ᠵᠠᠰᠬᠠᠤ ᠤᠷᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠪᠡ᠃ | ᠲᠦᠯᠦᠭᠡᠯᠡᠭᠴᠢᠳ ᠤᠨ ᠲᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠬᠦᠯᠦᠨ ᠪᠠᠭᠠᠳᠤᠷ ᠵᠢᠭᠠᠵᠤ | ᠭᠠᠷᠭᠠᠭᠰᠠᠨ ᠨᠢ᠂ ᠤᠯᠠᠭᠠᠨᠬᠠᠳᠠ ᠬᠤᠳᠠ ᠲᠤᠰ ᠪᠡᠶ᠎ᠡ ᠶᠢᠨ ᠬᠠᠷᠢᠴᠠᠩᠭᠤᠢ ᠲᠠᠪᠠᠭᠤᠯᠢᠭ ᠢᠶᠠᠨ ᠬᠦᠢᠴᠡᠳ | ᠪᠠᠳᠠᠷᠠᠭᠤᠯᠵᠤ᠂ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠬᠠᠳᠠᠭᠠᠯᠠᠮᠵᠢ ᠶᠢ ᠦᠭᠡᠶᠢᠰᠭᠡᠬᠦ᠂ | ᠬᠦᠰᠢᠬᠦᠷᠭᠡ ᠶᠢ ᠦᠭᠡᠶᠢᠰᠭᠡᠬᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠭᠤᠳᠠᠯ ᠢᠶᠠᠨ ᠨᠦᠬᠦᠪᠦᠷᠢᠯᠡᠬᠦ ᠵᠡᠷᠭᠡ | ᠠᠵᠢᠯ ᠢ ᠰᠠᠶᠢᠳᠤᠷ ᠬᠢᠬᠦ ᠬᠡᠷᠡᠭᠳᠡᠢ᠃ ᠲᠤᠳᠤᠭᠠᠳᠤ ᠬᠦᠳᠡᠯᠭᠡᠬᠦ ᠬᠦᠴᠦᠨ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ | ᠬᠦᠴᠦᠨ ᠢ ᠲᠠᠶᠢᠴᠢᠯᠠᠨ ᠪᠠᠳᠠᠷᠠᠭᠤᠯᠵᠤ᠂ ᠤᠯᠤᠰ ᠤᠨ ᠲᠡᠮᠵᠢᠯᠭᠡ ᠶᠢ ᠢᠳᠡᠪᠬᠢᠳᠡᠢ ᠲᠡᠮᠡᠴᠡᠨ ᠤᠯᠵᠤ᠂ | ᠰᠠᠨᠠᠭᠠᠴᠢᠯᠠᠭ᠎ᠠ ᠠᠴᠠ ᠪᠠᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠶᠢ ᠵᠣᠬᠢᠴᠠᠭᠤᠯᠣᠨ | ᠬᠦᠭᠵᠢᠭᠦᠯᠬᠦ ᠪᠠ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠲᠠᠢ ᠵᠤᠯᠭᠠᠭᠤᠯᠵᠣ᠂ | ᠴᠡᠪᠡᠷ ᠡᠨᠧᠷᠬᠢ ᠶᠢᠨ ᠰᠤᠷᠪᠤᠯᠵᠢ ᠵᠡᠷᠭᠡ ᠰᠢᠨ᠎ᠡ ᠮᠠᠨᠳᠤᠭᠰᠠᠠ ᠠᠵᠤ ᠦᠢᠯᠡᠰ ᠤᠨ ᠰᠠᠭᠤᠷᠢᠨ ᠤ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠦ᠂ ᠦᠩᠭᠡᠳᠦ ᠲᠡᠮᠦᠷᠯᠢᠭ ᠵᠡᠷᠭᠡ ᠤᠯᠠᠮᠵᠢᠯᠠᠯᠳᠤ ᠠᠵᠤ | ᠦᠢᠯᠡᠰ ᠤᠨ ᠲᠡᠰ ᠳᠡᠪᠰᠢᠭᠦᠯᠬᠦ ᠶᠢ ᠲᠦᠷᠭᠡᠳᠭᠡᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠪᠠ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠬᠦ ᠬᠡᠷᠡᠭᠳᠡᠢ᠃ ᠤᠯᠠᠭᠠᠨᠬᠠᠳᠠ ᠬᠤᠳᠠ ᠶᠢᠨ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠠᠮᠠ ᠤᠯᠠᠨ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠪᠠ ᠪᠠᠶᠢᠭᠠᠯᠢ ᠶᠢᠨ ᠠᠶᠢᠯ | ᠤᠯᠠᠨ ᠲᠤᠯᠠ᠂ ︽ᠠᠷᠪᠠ ᠶᠢ ᠪᠦᠷᠢᠨ ᠪᠦᠷᠬᠦᠬᠦᠯᠬᠦ︾ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠡᠬᠦᠷᠭᠡ ᠬᠦᠨᠳᠦ ᠪᠠᠶᠢᠨ᠎ᠠ᠂ ᠦᠨᠡᠨ ᠢ ᠪᠠᠷᠢᠮᠳᠠᠯᠠᠨ ᠪᠤᠳᠠᠳᠠᠢ ᠠᠴᠠ ᠡᠭᠦᠰᠬᠦ ᠶᠢ ᠪᠠᠷᠢᠮᠳᠠᠯᠠᠵᠤ᠂ ᠲᠦᠢᠯ ᠤᠨ | ᠣᠨᠤᠪᠴᠢᠲᠠᠢ ᠪᠠᠷ ᠶᠠᠳᠠᠭᠤ ᠶᠢ ᠲᠡᠳᠬᠦᠬᠦ ᠶᠢ ᠪᠠᠷᠢᠮᠳᠠᠯᠠᠵᠤ᠂ ᠵᠠᠰᠠᠭ ᠤᠨ ᠤᠷᠳᠤᠨ ᠤ ᠭᠤᠣᠯᠯᠠᠬᠤ ᠦᠢᠯᠡᠳᠦᠯ ᠪᠠ | ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠪᠠ ᠶᠢ ᠪᠦᠷᠢᠨ | ᠪᠦᠷᠬᠦᠭᠦᠯᠬᠦ︾ ᠰᠢᠪᠲᠤᠯᠤᠯᠲᠠ ᠶᠢᠨ ᠲᠠᠶᠢᠨ ᠪᠠ ᠤᠳᠠᠭᠠᠨ ᠳᠠᠭᠠᠭᠠᠮᠠᠭᠠᠶ ᠳᠠᠶᠢᠨ ᠢ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠵᠤ᠂ ᠨᠢᠭᠡ ᠭᠠᠴᠠᠭ᠎ᠠ | ᠲᠤᠰᠬᠤᠨ ᠂ ᠨᠢᠭᠡ ᠬᠦᠮᠦᠨ ᠢ ᠴᠦ ᠤᠷᠬᠢᠭᠳᠠᠭᠤᠯᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ ᠤᠯᠠᠭᠠᠨᠬᠠᠳᠠ | ᠬᠤᠳᠠ ᠶᠢᠨ ᠨᠡᠶᠢᠭᠡᠮ ᠤᠨ ᠠᠵᠤ ᠦᠢᠯᠡᠰ ᠤᠨ ᠰᠠᠭᠤᠷᠢ ᠨᠡᠯᠢᠶᠡᠳ ᠰᠠᠶᠢᠨ ᠪᠠᠶᠢᠳᠠᠭ ᠲᠠᠪᠠᠭᠤᠯᠢᠭ ᠢᠶᠠᠨ | ᠪᠠᠳᠠᠷᠠᠭᠤᠯᠵᠤ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠶᠢ ᠦᠷᠬᠦᠯᠵᠢᠯᠡᠨ | ᠲᠦᠷᠭᠡᠳᠭᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠬᠤ ᠬᠡᠷᠡᠭᠳᠡᠢ᠃ ᠤᠯᠠᠨ | ᠲᠦᠮᠡᠨ ᠤ ᠬᠠᠮᠳᠤ ᠶᠢᠨ ᠴᠢᠷᠮᠠᠶᠢᠯᠭ᠎ᠠ ᠪᠠᠷ ᠲᠠᠮᠵᠢᠭᠤᠯᠵᠤ᠂ 2016 ᠤᠨ ᠤ ᠡᠯ᠎ᠡ ᠵᠦᠢᠯ ᠤᠨ ᠬᠠᠷᠠᠯᠳᠠ ᠶᠢᠨ | ᠡᠬᠦᠷᠭᠡ ᠪᠠᠨ ᠪᠡᠶᠡᠯᠡᠬᠦᠯᠬᠦ ᠶᠢ ᠪᠠᠳᠤᠯᠠᠵᠤ᠂ ︽13᠂ 5︾ ᠶᠢᠨ ᠬᠤᠭᠤᠴᠠᠭ᠎ᠠ ᠶᠢ ᠰᠠᠶᠢᠨ ᠰᠠᠶᠢᠬᠠᠨ ᠡᠬᠢᠯᠡᠭᠦᠯᠬᠦ ᠶᠢ | ᠪᠠᠳᠤᠯᠠᠬᠤ ᠬᠡᠷᠡᠭᠳᠡᠢ ᠬᠡᠪᠡ᠃ |