ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/25
     1 ᠳ᠋ᠦ᠋ᠭᠡᠷ ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠪᠠ᠃      1 ᠳ᠋ᠦ᠋ᠭᠡᠷ ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠪᠠ᠃      ᠲᠡᠷᠢᠭᠦᠯᠡᠭᠴᠢᠳ ᠤᠨ ᠪᠦᠯᠬᠦᠮ ᠤᠨ ᠤᠷᠤᠯᠴᠠᠬᠤ ᠶᠤᠰᠤᠲᠠᠢ ᠪᠦᠷᠢᠯᠳᠦᠬᠦᠨ ᠨᠢ 61 ᠬᠥᠮᠦᠨ᠂ ᠪᠣᠳᠠᠲᠠᠶ 59 ᠬᠥᠮᠦᠨ ᠤᠷᠤᠯᠴᠠᠪᠠ᠂ ᠬᠠᠤᠯᠢ ᠳᠤ ᠲᠣᠭᠲᠠᠭᠠᠭᠰᠠᠨ‌‍ᠲ᠋ᠡᠰ ᠳᠠᠷᠠᠭᠠᠯᠠᠯ ᠳᠤ ᠨᠡᠶᠢᠴᠡᠪᠡ᠃      ᠬᠤᠷᠠᠯ ᠳᠤ ᠨᠡᠶᠢᠲᠡ ᠳᠣᠯᠣᠭᠠᠨ ᠵᠦᠢᠯ ᠢ ᠵᠦᠪᠯᠡᠪᠡ᠃ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ ᠢ ᠪᠠᠲᠤᠯᠠᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠦᠪᠯᠡᠬᠦ ᠵᠦᠢᠯ᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠢ ᠪᠠᠲᠤᠯᠠᠪᠠ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠵᠥᠪᠯᠡᠯᠭᠡ ᠳᠤᠷᠠᠳᠬᠤ ᠴᠠᠭ ᠤᠨ ᠬᠢᠵᠠᠭᠠᠷᠯᠠᠯ ᠤᠨ ᠲᠤᠬᠠᠶ ᠲᠤᠭᠲᠠᠭᠠᠯ ᠢ ᠪᠠᠲᠤᠯᠠᠪᠠ ︵ᠬᠢᠵᠠᠭᠠᠷᠲᠤ ᠴᠠᠭ 2016 ᠤᠨ ᠤ1 ᠳ᠋ᠦ᠋ᠭᠡᠷ ᠰᠠᠷ᠎ᠠ ᠶᠢᠨ 25᠎ ᠤ ᠡᠳᠦᠷ ᠤᠨ 18 ᠴᠠᠭ ᠪᠣᠯᠲᠠᠯ᠎ᠠ︶᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠶᠢᠨ ᠲᠦᠰᠦᠯ ᠢ ᠪᠠᠲᠤᠯᠠᠪᠠ᠂ ᠪᠠᠲᠤᠯᠠᠭᠰᠠᠨ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠰᠠᠨ ᠤ ᠳᠠᠷᠠᠭ᠎ᠠ᠂ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠬᠤ ᠪᠠᠷ ᠲᠤᠭᠲᠠᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号