| | | | | | 1 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠬᠥᠬᠡᠬᠤᠲᠠ ᠳᠤ ᠪᠦᠬᠦ ᠣᠷᠣᠨ ᠤ ᠠᠵᠦ ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠬᠤ ᠠᠵᠢᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠼᠤᠤ ᠰᠢᠶᠣᠤ ᠪᠢᠠ | ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠢᠶᠧ ᠠᠵᠢᠯ ᠤᠨ ᠢᠯᠡᠳᠬᠡᠯ | ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠾᠥᠸᠧ ᠡᠦ | ᠬᠤᠷᠠᠯ ᠤᠨ ᠪᠠᠭ᠎ᠠ ᠳ᠋ᠦᠩᠨᠡᠯᠲᠡ ᠬᠢᠪᠡ᠃ ᠬᠥᠬᠡᠬᠤᠲᠠ᠂ ᠤᠯᠠᠭᠠᠨᠬᠠᠳᠠ ᠬᠤᠳᠠ᠂ ᠤᠷᠳᠤᠰ ᠬᠤᠳᠠ ᠶᠢᠨ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠠᠶᠢᠮᠠᠭ ᠬᠤᠲᠠ ᠶᠢᠨ ᠳᠠᠷᠤᠭ᠎ᠠ ᠪᠣᠯᠤᠨ ᠦᠪᠦᠷ | ᠮᠤᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠤ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ | 50 ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠶᠢᠨ ᠬᠤᠪᠢᠳᠠᠨ | ᠬᠠᠮᠢᠶᠠᠷᠴᠤ ᠪᠦᠬᠦᠢ ᠳᠡᠳ᠋ ᠠᠶᠢᠮᠠᠭ ᠬᠤᠲᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠭᠡᠷ | ᠪᠠ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠶᠢᠨ ᠠᠵᠦ ᠦᠢᠯᠡᠳᠪᠦᠷᠢ | ᠬᠤᠳᠠᠯᠳᠤᠭ᠎ᠠ ᠪᠤᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠵᠢᠴᠢ ᠠᠯᠪᠠᠨ ᠭᠡᠷ ᠤᠨ ᠡᠷᠬᠢᠯᠡᠭᠴᠢ ᠨᠠᠷ ᠬᠤᠷᠠᠯ ᠳᠤ ᠣᠷᠣᠯᠴᠠᠵᠠᠶ᠃ | ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠶᠠᠷᠢᠶᠠᠨ ᠳᠠᠭᠠᠨ 2015 ᠣᠨ ᠤ ᠪᠦᠬᠦ ᠣᠷᠣᠨ ᠤ ᠠᠵᠤ | ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠢᠴᠡᠳ | ᠨᠤᠨᠳᠠᠭᠯᠠᠭᠰᠠᠨ ᠤ ᠬᠠᠮᠲᠤ ᠲᠡᠷᠡᠭᠠᠴᠢ ᠶᠢᠨ ᠠᠯᠬᠤᠮ ᠤᠨ ᠠᠵᠢᠯ ᠤᠨ ᠲᠤᠬᠠᠶ ᠭᠤᠷᠪᠠᠨ ᠵᠦᠢᠯ ᠤᠨ ᠱᠠᠭᠠᠷᠳᠠᠯᠭ᠎ᠠ | ᠳᠤᠷᠠᠳᠪᠠ᠄ ᠨᠢᠭᠡ ᠳᠤ᠂ ᠠᠵᠦ ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃ | ᠬᠤᠶᠠᠷ ᠲᠤ᠂ ︽ᠦᠷᠭᠡᠨ ᠢᠶᠠᠷ ᠤᠷᠤᠭᠤᠯᠬᠤ᠂ ᠴᠢᠩᠭ᠎ᠠ ᠬᠠᠮᠢᠶᠠᠷᠬᠤ᠂ ᠰᠢᠯᠢᠳᠡᠭ ᠦᠢᠯᠡᠴᠢᠯᠡᠬᠦ︾ ᠭᠤᠷᠪᠠᠨ | ᠭᠤᠣᠯᠳᠠᠯᠭ᠎ᠠ ᠶᠢ ᠪᠠᠲᠤ ᠴᠢᠩᠭ᠎ᠠ ᠠᠳᠬᠤᠵᠤ᠂ ᠠᠵᠦ ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠤᠳᠤᠷᠢᠳᠤᠯᠭ᠎ᠠ ᠪᠠᠨ | ᠴᠢᠩᠭᠠᠳᠬᠠᠵᠤ᠂ ᠵᠣᠬᠢᠴᠠᠯᠳᠤᠨ ᠤᠶᠠᠯᠳᠤᠵᠤ᠂ ᠠᠵᠦ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠰᠢᠨ᠎ᠡ ᠨᠢᠭᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ | ᠭᠡᠵᠡᠢ᠃ | ᠲᠣᠪᠴᠢᠶᠠᠨ ᠳᠠᠷᠤᠭ᠎ᠠ ᠴᠧᠨ ᠵᠢᠶᠧ ᠠᠵᠢᠯ ᠤᠨ ᠢᠯᠡᠳᠬᠡᠯ ᠳᠡᠭᠡᠨ 2015 ᠣᠨ ᠤ ᠪᠦᠬᠦ ᠣᠷᠣᠨ ᠤ ᠠᠵᠦ | ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠠᠵᠢᠯ ᠤᠨ ᠣᠯᠤᠭᠰᠠᠨ ᠠᠮᠵᠢᠯᠲᠠ ᠶᠢ | ᠳ᠋ᠦᠩᠨᠡᠵᠦ᠂ 2016 ᠣᠨ ᠤ ᠠᠵᠢᠯ ᠤᠨ ᠭᠤᠣᠯᠳᠠᠯᠭ᠎ᠠ ᠶᠢ ᠲᠤᠳᠤᠷᠬᠠᠶᠢᠯᠠᠪᠠ᠄ ᠨᠢᠭᠡ ᠳᠤ᠂ ᠪᠦᠷᠢᠳᠬᠡᠨ | ᠳᠠᠩᠰᠠᠯᠠᠭᠤᠯᠬᠤ ᠶᠢ ᠳᠦᠬᠦᠮᠴᠢᠯᠡᠬᠦ ᠪᠠᠷ ᠬᠠᠷᠠᠯᠲᠠ ᠪᠤᠯᠭᠠᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠮᠡᠳᠡᠭᠡ ᠵᠠᠩᠭᠢ ᠶᠢ ᠨᠡᠶᠢᠲᠡᠯᠡᠨ ᠵᠠᠷᠯᠠᠬᠤ ᠪᠠᠷ ᠰᠠᠭᠤᠷᠢ ᠪᠤᠯᠭᠠᠵᠤ᠂ ᠬᠡᠷᠡᠭ ᠶᠠᠪᠤᠳᠠᠯ ᠤᠨ ᠲᠤᠮᠳᠠ ᠪᠠ | ᠬᠡᠷᠡᠭ ᠶᠠᠪᠤᠳᠠᠯ ᠤᠨ ᠳᠠᠷᠠᠭ᠎ᠠ ᠬᠢᠨᠠᠵᠤ ᠬᠠᠮᠢᠶᠠᠷᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ᠂ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠪᠠᠷ ᠳᠠᠶᠢᠴᠢᠯᠠᠯᠲᠠ ᠪᠣᠯᠭᠠᠵᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠬᠦ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠲᠦᠷᠪᠡ ᠳᠤ᠂ | ᠬᠡᠷᠡᠭᠯᠡᠭᠡ ᠶᠢᠨ ᠰᠠᠭᠤᠷᠢ ᠦᠢᠯᠡᠳᠦᠯ ᠢ ᠪᠠᠳᠠᠷᠠᠭᠤᠯᠬᠤ ᠪᠠᠷ ᠶᠡᠷᠦᠩᠬᠡᠶᠢᠯᠡᠨ ᠵᠠᠬᠢᠷᠴᠤ᠂ ᠬᠡᠷᠡᠭᠯᠡᠭᠡᠨ ᠤ ᠡᠷᠬᠡ ᠶᠢ | ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠲᠠᠪᠤ ᠳᠤ᠂ ᠰᠠᠯᠠᠭ᠎ᠠ | ᠮᠥᠴᠢᠷ ᠤᠨ ᠦᠨᠳᠦᠰᠦᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠷ ᠭᠠᠷᠳᠠᠴᠠ ᠪᠣᠯᠭᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠤᠬᠠᠮᠰᠠᠷ ᠠᠴᠠ ᠪᠠᠨ ᠦᠢᠯᠡᠴᠢᠯᠡᠬᠦ ᠬᠡᠷᠡᠭᠲᠡᠶ ᠭᠡᠵᠡᠢ᠃ | | |