2015 ᠣᠨ ᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠡ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/1/25
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ 1 ᠳ᠋ᠤᠭᠡᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠠᠴᠠ 2015 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠬᠤᠷᠠᠯ ᠢ ᠬᠠᠮᠲᠤᠷᠠᠨ ᠬᠤᠷᠠᠯᠳᠤᠭᠤᠯᠪᠠ᠃ ᠬᠤᠷᠠᠯ ᠨᠢ 16 ᠶᠡᠭᠡ ᠳᠡᠭᠡᠳᠦ ᠰᠤᠷᠭᠠᠭᠤᠯᠢ ᠪᠣᠯᠣᠨ 5 ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠣᠭᠰᠠᠨ ᠪᠥᠭᠡᠳ ᠬᠢᠨᠠᠨ ᠲᠣᠭᠲᠠᠭᠠᠨ ᠰᠢᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧᠦ ᠶᠣᠸᠠᠨ ᠬᠤᠷᠠᠯ ᠢ ᠡᠷᠭᠢᠯᠡᠭᠰᠡᠨ ᠪᠥᠭᠡᠳ ᠰᠢᠨ᠎ᠡ ᠪᠠᠶᠢᠳᠠᠯ ᠤᠨ ᠳᠣᠣᠷ᠎ᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠨᠠᠮ ᠢ ᠬᠠᠮᠢᠶᠠᠷᠤᠨ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠴᠢᠩᠭᠠᠳᠬᠠᠬᠤ ᠲᠣᠬᠠᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠠᠨ ᠲᠥᠡᠭ ᠢ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠤᠨ ᠬᠤᠯᠪᠣᠭᠳᠠᠯ ᠪᠥᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠢᠩᠬᠢᠮ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠲᠤᠰᠢᠶᠠᠯ ᠤᠨ ᠮᠡᠳᠡᠭᠦᠯᠦᠯᠲᠡ ᠬᠢᠭᠰᠡᠨ 16 ᠵᠢᠩᠭᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ 5 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠬᠡᠰᠡᠭ ᠨᠠᠮ ᠤᠨ ᠲᠥᠯᠥᠭᠡᠯᠡᠭᠴᠢᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠥᠬᠡᠬᠤᠲᠠ ᠳᠤ ᠰᠠᠭᠤᠭ᠎ᠠ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢᠳ ᠵᠡᠷᠭᠡ ᠬᠥᠮᠦᠰ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号