1 ᠳ᠋ᠦ᠋ᠭᠡᠷ ᠰᠠᠷ᠎ᠠ ᠶᠢᠨ 24 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ | ᠠᠴᠠ ᠣᠶᠢᠯᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠳᠤᠷᠠᠳᠤᠭᠰᠠᠨ | 449 ᠬᠤᠪᠢ ᠰᠠᠨᠠᠭᠤᠯᠭ᠎ᠠ ᠰᠢᠭᠦᠮᠵᠢᠯᠡᠯ ᠪᠠ ᠰᠠᠨᠠᠯ ᠢ ᠴᠥᠮ ᠭᠦᠢᠴᠡᠳᠬᠡᠪᠡ᠃ | ᠣᠶᠢᠯᠠᠭᠠᠭᠰᠠᠨ ᠢᠶᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ 413 ᠬᠤᠪᠢ ᠰᠠᠨᠠᠭᠤᠯᠭ᠎ᠠ ᠶᠢ | ᠭᠦᠢᠴᠡᠳᠬᠡᠵᠦ᠂ ᠰᠠᠨᠠᠭᠤᠯᠭ᠎ᠠ ᠶᠢᠨ ᠶᠡᠷᠦᠩᠬᠡᠢ ᠲᠣᠭᠠᠨ ᠤ 90.8 % ᠶᠢ ᠡᠵᠡᠯᠡᠪᠡ᠃ ᠭᠦᠢᠴᠡᠳᠬᠡᠭᠰᠡᠨ ᠦᠷ᠎ᠡ | ᠳ᠋ᠦᠩ ᠠᠴᠠ ᠦᠵᠡᠪᠡᠯ᠂ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠪᠤᠶᠤ | ᠦᠨᠳᠦᠰᠦᠨ ᠳᠡᠭᠡᠨ ᠰᠢᠢᠳᠪᠦᠷᠢᠯᠡᠭᠰᠡᠨ ᠨᠢ ︵A ᠲᠥᠷᠥᠯ ︶ 172 ᠬᠤᠪᠢ ᠪᠠᠶᠢᠵᠤ᠂ ᠳᠠᠭᠠᠭᠠᠨ ᠠᠪᠴᠤ | ᠭᠦᠢᠴᠡᠳᠬᠡᠭᠰᠡᠨ ᠶᠡᠷᠦᠩᠬᠡᠶ ᠲᠣᠭᠠᠨ ᠤ 41.6 % ᠶᠢ ᠡᠵᠡᠯᠡᠵᠡᠢ︔ ᠰᠠᠨᠠᠭᠤᠯᠭ᠎ᠠ ᠶᠢ ᠬᠦᠯᠢᠶᠡᠨ ᠠᠪᠤᠭᠰᠠᠨ᠂ | ᠠᠰᠠᠭᠤᠳᠠᠯ ᠢ ᠶᠠᠭ ᠰᠢᠢᠳᠪᠦᠷᠢᠯᠡᠵᠦ ᠪᠠᠶᠢᠬᠤ ᠪᠤᠶᠤ ᠨᠢᠭᠡᠨᠲᠡ ᠲᠥᠯᠥᠪᠯᠡᠭᠡ ᠳᠤ ᠣᠷᠣᠭᠤᠯᠵᠤ ᠠᠯᠬᠤᠮ | ᠠᠯᠬᠤᠮ ᠢᠶᠠᠷ ᠰᠢᠢᠳᠪᠦᠷᠢᠯᠡᠵᠦ ᠪᠠᠶᠢᠭ᠎ᠠ ᠨᠢ ︵B ᠲᠥᠷᠥᠯ︶ 216 ᠬᠤᠪᠢ ᠪᠠᠶᠢᠵᠤ᠂ ᠳᠠᠭᠠᠭᠠᠨ ᠠᠪᠴᠤ | ᠭᠦᠢᠴᠡᠳᠬᠡᠭᠰᠡᠨ ᠪᠦᠬᠦ ᠲᠣᠭᠠᠨ ᠤ 52.3 % ᠶᠢ ᠡᠵᠡᠯᠡᠵᠡᠢ︔ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ | ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ ᠪᠤᠶᠤ ᠨᠥᠬᠦᠴᠡᠯ ᠤᠨ ᠬᠢᠵᠠᠭᠠᠷᠯᠠᠯ ᠠᠴᠠ ᠪᠤᠯᠵᠤ ᠲᠦᠷ | ᠰᠢᠢᠳᠪᠦᠷᠢᠯᠡᠵᠦ ᠴᠢᠳᠠᠬᠤ ᠦᠭᠡᠢ ᠪᠠᠶᠢᠭ᠎ᠠ ᠨᠢ ︵C ᠲᠥᠷᠥᠯ︶ 25 ᠬᠤᠪᠢ ᠪᠠᠶᠢᠵᠤ᠂ ᠳᠠᠭᠠᠭᠠᠨ ᠠᠪᠴᠤ | ᠭᠦᠢᠴᠡᠳᠬᠡᠭᠰᠡᠨ ᠶᠡᠷᠦᠩᠬᠡᠶ ᠲᠣᠭᠠᠨ ᠤ 61 % ᠶᠢ ᠡᠵᠡᠯᠡᠵᠡᠢ᠃ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠦᠨ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ | ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ᠂ ᠠᠷᠠᠳ ᠤᠨ ᠲᠥᠯᠥᠭᠡᠯᠡᠭᠴᠢᠳ ᠤᠨ ᠰᠡᠳᠬᠢᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ | ᠠᠰᠠᠭᠤᠳᠠᠯ ᠪᠣᠯᠤᠨ᠎ᠠ᠃ ᠪᠦᠬᠦ ᠰᠠᠨᠠᠭᠤᠯᠭ᠎ᠠ ᠶᠢᠨ ᠳᠣᠲᠣᠷ᠎ᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ | ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ︽ᠠᠷᠪᠠ ᠶᠢ ᠪᠦᠷᠢᠨ ᠪᠦᠷᠬᠦᠭᠦᠯᠬᠦ︾ ︽ᠭᠤᠷᠪᠠᠨ ᠨᠢᠭᠡ︾ | ᠠᠷᠠᠳ ᠤᠨ ᠠᠮᠢᠳᠤᠷᠠᠯ ᠤᠨ ᠪᠣᠳᠠᠲᠤ ᠣᠷᠤᠭᠤᠯᠤᠯᠲᠠ ᠳᠤ ᠬᠤᠯᠪᠣᠭᠳᠠᠬᠤ ᠰᠠᠨᠠᠭᠤᠯᠭ᠎ᠠ 157 ᠬᠤᠪᠢ ᠪᠠᠶᠢᠵᠤ᠂ | ᠰᠠᠨᠠᠭᠤᠯᠭ᠎ᠠ ᠶᠢᠨ ᠪᠦᠬᠦ ᠲᠣᠭᠠᠨ ᠤ 34.5 % ᠶᠢ ᠡᠵᠡᠯᠡᠪᠡ᠃ 2015 ᠣᠨ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ | ᠰᠠᠨᠠᠭᠤᠯᠭ᠎ᠠ ᠶᠢ ᠰᠢᠮᠳᠠᠭᠤᠯᠤᠨ ᠭᠦᠢᠴᠡᠳᠬᠡᠬᠦ ᠠᠵᠢᠯ ᠤᠨ ᠳᠤᠮᠳᠠ ᠪᠠᠨ ᠠᠷᠭ᠎ᠠ ᠮᠠᠶ᠋ᠢᠭ ᠢᠶᠠᠨ ᠰᠢᠨᠡᠴᠢᠯᠡᠵᠦ᠂ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠳᠠᠭᠠᠭᠠᠨ ᠭᠦᠢᠴᠡᠳᠬᠡᠬᠦ ᠨᠢᠭᠡᠴᠢ ᠶᠢᠨ ᠬᠠᠷᠢᠭᠤᠴᠠᠯᠭᠠᠲᠠᠨ ᠲᠠᠢ ᠪᠣᠯᠵᠣᠨ | ᠠᠭᠤᠯᠵᠠᠭᠰᠠᠨ ᠤ ᠬᠠᠮᠲᠤ ᠲᠥᠯᠥᠭᠡᠯᠡᠭᠴᠢᠳ ᠤᠨ ᠰᠠᠨᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠤᠳᠤᠷᠢᠳᠤᠯᠭ᠎ᠠ ᠵᠥᠪᠰᠢᠶᠡᠷᠡᠨ ᠭᠦᠢᠴᠡᠳᠬᠡᠯᠭᠡᠬᠦ ᠳᠦᠷᠢᠮ ᠢ ᠬᠡᠷᠡᠭᠵᠢᠭᠦᠯᠵᠦ᠂ ᠰᠠᠨᠠᠭᠤᠯᠭ᠎ᠠ ᠳᠤ | ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠭᠰᠠᠨ ᠤ ᠬᠠᠮᠲᠤ ᠵᠠᠰᠠᠭ ᠤᠨ ᠣᠷᠳᠣᠨ ᠤ | ᠬᠤᠯᠪᠣᠭᠳᠠᠯ ᠪᠦᠭᠦᠢ ᠠᠵᠢᠯ ᠢ ᠦᠨᠡᠨ ᠬᠦ ᠠᠬᠢᠭᠤᠯᠤᠭᠰᠠᠨ ᠪᠠᠶᠢᠨ᠎ᠠ᠃ |