ᠦᠪᠦᠷ ᠮᠣᠩᠭᠤᠯ ᠤᠨ ᠬᠤᠶᠠᠷ ᠬᠤᠷᠠᠯ᠄ ︽ᠬᠦᠰᠢᠭᠦᠷᠠᠯ ᠠᠵᠤ ᠠᠬᠤᠶᠢᠯᠠᠯ︾᠎ ᠢ ᠠᠷᠢᠯᠭᠠᠬᠤ ᠲᠥᠷᠦ ᠶᠢᠨ ᠪᠣᠳᠤᠯᠭ᠎ᠠ ᠤᠯᠠᠨ ᠤ ᠰᠠᠶᠢᠰᠢᠶᠠᠯ ᠢ ᠣᠯᠪᠠ
ᠨᠡᠶᠢᠲᠡᠯᠡᠭᠰᠡᠨ ᠴᠠᠭ᠄
2016/1/25
      ᠣᠳᠣ ᠶᠠᠭ ᠬᠤᠷᠠᠯᠳᠤᠵᠤ ᠪᠠᠶᠢᠭ᠎ᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ︾ ᠳᠡᠭᠡᠷ᠎ᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ︽ᠬᠦᠰᠢᠭᠦᠷᠠᠯ ᠠᠵᠤ ᠠᠬᠤᠶᠢᠯᠠᠯ︾᠎ ᠢ ᠠᠷᠢᠯᠭᠠᠬᠤ ᠪᠠᠷ ᠲᠣᠭᠲᠠᠭᠰᠠᠨ ᠲᠥᠷᠦ ᠶᠢᠨ ᠪᠣᠳᠤᠯᠭ᠎ᠠ ᠨᠢ ᠬᠤᠷᠠᠯ ᠳᠤ ᠣᠷᠤᠯᠴᠠᠭᠰᠠᠨ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠮᠠᠭᠲᠠᠭᠠᠯ ᠰᠠᠶᠢᠰᠢᠶᠠᠯ ᠢ ᠣᠯᠪᠠ᠃     ︽ᠬᠦᠰᠢᠭᠦᠷᠠᠯ ᠠᠵᠤ ᠠᠬᠤᠶᠢᠯᠠᠯ︾ ᠲᠤᠰ ᠤᠳᠠᠭᠠᠨ ᠤ ᠬᠤᠶᠠᠷ ᠬᠤᠷᠠᠯ ᠳᠡᠭᠡᠷ᠎ᠡ ᠤᠯᠠᠨ ᠤ ᠠᠩᠬᠠᠷᠤᠯ ᠢ ᠲᠠᠲᠠᠭᠰᠠᠨ ᠨᠢ 23᠎ ᠤ ᠡᠳᠦᠷ ᠡᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠡᠭᠡᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠪᠤᠨ ᠶᠡᠭᠡ ᠡᠭᠦᠷᠭᠡ ᠶᠢᠨ ᠳᠣᠲᠤᠷᠠᠬᠢ ︽ᠨᠢᠭᠡᠳᠦᠭᠡᠷ ᠡᠭᠦᠷᠭᠡ︾᠎ ᠶᠢ ᠥᠭᠦᠯᠡᠨ ᠲᠣᠳᠤᠷᠬᠠᠶᠢᠯᠠᠬᠤ ᠦᠶ᠎ᠡ ᠳᠤ ᠳᠤᠷᠠᠳᠤᠨ ᠭᠠᠷᠭᠠᠭᠰᠠᠨ ︽ᠬᠦᠰᠢᠭᠦᠷᠡᠭᠰᠡᠨ ᠠᠵᠤ ᠠᠬᠤᠶᠢᠯᠠᠯ︾᠎ ᠢ ᠠᠷᠢᠯᠭᠠᠬᠤ ᠲᠦᠷᠦ ᠶᠢᠨ ᠪᠤᠳᠤᠯᠭ᠎ᠠ ᠠᠴᠠ ᠢᠷᠡᠯᠲᠡ ᠲᠠᠢ ᠶᠤᠮ᠃      ᠪᠠᠭᠠᠲᠤᠷ ᠬᠡᠯᠡᠬᠦ ᠳᠡᠭᠡᠨ᠂ ᠥᠪᠥᠷ ᠮᠣᠩᠭᠤᠯ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠡᠷᠡᠰ ᠬᠦᠴᠦᠲᠡᠶ ᠦᠭᠡᠶᠢᠰᠬᠡᠵᠦ᠂ ᠭᠦᠷᠦᠩᠭᠡ ᠨᠢ ᠥᠷᠢ ᠳᠡᠭᠡᠨ ᠦᠯᠦ ᠭᠦᠷᠭᠦ᠂ ᠵᠢᠯ ᠳᠠᠷᠠᠭᠠᠯᠠᠨ ᠠᠯᠳᠠᠭᠳᠠᠯ ᠲᠠᠢ᠂ ᠬᠤᠷᠣᠭᠳᠠᠯ ᠢᠶᠠᠨ ᠬᠤᠪᠢᠷᠠᠭᠤᠯᠬᠤ ᠳᠡᠶᠢᠯᠬᠦ ᠦᠭᠡᠢ ︽ᠬᠦᠰᠢᠭᠦᠷᠡᠭᠰᠡᠨ ᠠᠵᠤ ᠠᠬᠤᠶᠢᠯᠠᠯ︾᠎ ᠢ᠂ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠪᠤᠶᠤ ᠬᠠᠤᠯᠢ ᠶᠣᠰᠣᠭᠠᠷ ᠲᠠᠮᠫᠤᠷᠠᠭᠤᠯᠤᠨ ᠢᠯᠭᠠᠷᠠᠭᠤᠯᠤᠨ ᠪᠣᠳᠤᠵᠦ᠂ ᠵᠠᠬ᠎ᠠ ᠳᠡᠯᠭᠡᠭᠦᠷ ᠠᠴᠠ ᠭᠠᠷᠭᠠᠨ᠎ᠠ ᠭᠡᠵᠡᠢ᠃      ᠳᠤᠮᠳᠠᠳᠤ ᠤᠯᠤᠰ ᠤᠨ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠠᠩᠬᠠᠷᠠᠭᠰᠠᠨ ᠢᠶᠠᠷ᠂ ᠬᠤᠷᠠᠯ ᠳᠤ ᠣᠷᠣᠯᠴᠠᠭᠰᠠᠳ ᠲᠤ ︽ᠬᠦᠰᠢᠭᠦᠷᠡᠭᠰᠡᠨ ᠠᠵᠤ ᠠᠬᠤᠶᠢᠯᠠᠯ︾᠎ ᠢ ᠨᠠᠩ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠲᠤᠰ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠰᠡᠭᠦᠯ ᠳᠤᠨᠢ ᠪᠠᠰᠠ ︽ᠬᠦᠰᠢᠭᠦᠷᠠᠯ ᠠᠵᠤ ᠠᠬᠤᠶᠢᠯᠠᠯ︾ ᠭᠡᠳᠡᠭ ᠨᠡᠷ᠎ᠡ ᠶᠢᠨ ᠲᠠᠶᠢᠯᠪᠤᠷᠢᠯᠠᠯᠲᠠ ︵ᠨᠢᠭᠡᠨᠲᠡ ᠦᠢᠯᠡᠳᠪᠦᠷᠢᠯᠡᠯ ᠵᠣᠭᠰᠣᠭᠰᠠᠨ ᠪᠤᠶᠤ ᠵᠣᠭᠰᠤᠩᠬᠢᠷᠠᠭᠰᠠᠨ᠂ ᠵᠢᠯ ᠳᠠᠷᠠᠭᠠᠯᠠᠨ ᠠᠯᠳᠠᠭᠳᠠᠯ ᠲᠠᠢ᠂ ᠭᠦᠷᠦᠩᠭᠡ ᠨᠢ ᠥᠷᠢ ᠳᠡᠭᠡᠨ ᠦᠯᠦ ᠭᠦᠷᠭᠦ᠂ ᠵᠠᠰᠠᠭ ᠤᠨ ᠣᠷᠳᠣᠨ ᠤ ᠨᠥᠬᠦᠪᠥᠷᠢ ᠮᠦᠩᠭᠦ ᠪᠠ ᠪᠠᠩᠬᠢ ᠶᠢᠨ ᠦᠷᠭᠦᠯᠵᠢᠯᠡᠨ ᠵᠢᠭᠡᠯᠡᠯᠭᠡ ᠳᠤ ᠲᠦᠰᠢᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠣᠢ︶᠎ ᠶᠢ ᠬᠠᠳᠠᠭᠰᠠᠨ ᠪᠠᠶᠢᠨ᠎ᠠ᠃      ᠥᠪᠥᠷ ᠮᠣᠩᠭᠤᠯ ᠤᠨ ︽ᠬᠦᠰᠢᠭᠦᠷᠠᠯ ᠠᠵᠤ ᠠᠬᠤᠶᠢᠯᠠᠯ︾᠎ ᠢ ᠠᠷᠢᠯᠭᠠᠬᠤ ᠨᠢ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠯᠢ ᠶᠢᠨ ᠬᠤᠲᠠ ᠶᠢᠨ ᠳᠠᠷᠤᠭ᠎ᠠ ᠵᠠᠩ ᠎ ᠶᠢᠨ ᠮᠢᠩ ᠤᠨ ᠰᠠᠶᠢᠰᠢᠶᠠᠯ ᠢ ᠣᠯᠪᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠪᠥᠷ ᠮᠣᠩᠭᠤᠯ ᠤᠨ ᠰᠢᠯᠢ ᠶᠢᠨ ᠬᠤᠲᠠ ᠶᠢᠨ ᠠᠵᠤ ᠦᠢᠯᠡᠰ ᠤᠨ ᠪᠦᠲᠦᠴᠡ ᠪᠠᠨ ᠤᠯᠠᠮ ᠰᠢᠯᠢᠳᠡᠭᠵᠢᠭᠦᠯᠵᠦ᠂ ᠠᠵᠤ ᠠᠬᠤᠶ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠦᠰᠢᠭᠦᠷᠠᠯ ᠠᠵᠤ ᠠᠬᠤᠶᠢᠯᠠᠯ︾᠎ ᠢ ᠵᠣᠷᠢᠭ ᠰᠢᠭᠤᠳᠤᠨ ᠠᠷᠢᠯᠭᠠᠨ ᠰᠢᠢᠳᠪᠦᠷᠢᠯᠡᠬᠦ ᠶᠢᠨ ᠬᠠᠮᠲᠤ ᠲᠡᠷᠢᠭᠦᠨ ᠤ ᠮᠡᠷᠭᠡᠵᠢᠯ ᠲᠠᠢ᠂ ᠣᠷᠴᠢᠨ ᠠᠬᠤᠶ ᠶᠢᠨ ᠬᠠᠮᠠᠭᠠᠯᠠᠯᠲᠠ ᠨᠢ ᠪᠠᠷᠢᠮᠵᠢᠶ᠎ᠠ ᠳᠤ ᠬᠦᠷᠦᠭᠰᠡᠨ᠂ ᠵᠠᠬ᠎ᠠ ᠳᠡᠯᠭᠡᠭᠦᠷ ᠰᠠᠶᠢᠲᠠᠢ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠭᠡᠪᠡ᠃       ︽ᠬᠦᠰᠢᠭᠦᠷᠠᠯ ᠠᠵᠤ ᠠᠬᠤᠶᠢᠯᠠᠯ︾᠎ ᠤᠨ ᠰᠡᠳᠦᠪ ᠤᠨ ᠲᠣᠭᠤᠷᠢᠨ ᠳᠤ᠂ ᠨᠡᠯᠢᠶᠡᠳ ᠬᠡᠳᠦᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠭᠰᠡᠨ ᠨᠢ᠂ ᠥᠪᠥᠷ ᠮᠣᠩᠭᠤᠯ ᠤᠨ ᠵᠠᠰᠠᠭ ᠤᠨ ᠣᠷᠳᠣᠨ ᠤ ︽ᠬᠦᠰᠢᠭᠦᠷᠠᠯ ᠠᠵᠤ ᠠᠬᠤᠶᠢᠯᠠᠯ︾᠎ ᠢ ᠠᠷᠢᠯᠭᠠᠨ ᠰᠢᠢᠳᠪᠦᠷᠢᠯᠡᠬᠦ ᠪᠣᠯ ᠨᠢᠭᠡᠨ ᠬᠥᠮᠦᠨ ᠤ ᠰᠡᠳᠬᠢᠯ ᠢ ᠣᠯᠤᠭᠰᠠᠨ ᠶᠠᠪᠤᠳᠠᠯ ᠮᠥᠨ᠃ ︽ᠬᠦᠰᠢᠭᠦᠷᠠᠯ ᠠᠵᠤ ᠠᠬᠤᠶᠢᠯᠠᠯ︾᠎ ᠢ ᠠᠷᠢᠯᠭᠠᠪᠠᠯ ᠤᠯᠤᠰ ᠤᠨ ᠦᠮᠴᠢᠯᠡᠯᠲᠦ ᠬᠦᠷᠦᠩᠭᠡ ᠶᠢ ᠲᠣᠬᠢᠷᠠᠭᠤᠯᠬᠤ ᠪᠠ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠯᠬᠤ ᠰᠠᠶᠢᠨ ᠶᠠᠪᠤᠳᠠᠯ ᠮᠦᠨ ᠭᠡᠪᠡ᠃      ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠡᠳ᠋ ᠨᠠᠷᠢᠨ ᠪᠢᠴᠢᠭ ᠤᠨ ᠳᠠᠷᠤᠭ᠎ᠠ ᠺᠠᠩ ᠶᠥᠩ ᠾᠧᠩ ᠬᠡᠯᠡᠭᠰᠡᠨ ᠨᠢ᠂ ︽ᠬᠦᠰᠢᠭᠦᠷᠠᠯ ᠠᠵᠤ ᠠᠬᠤᠶᠢᠯᠠᠯ︾᠎ ᠨᠢ ᠤᠯᠤᠰ ᠪᠠ ᠨᠡᠶᠢᠭᠡᠮ ᠳᠤ ᠶᠠᠮᠠᠷ ᠴᠤ ︽ᠵᠥᠪ ᠡᠨᠧᠷᠬᠢ︾ ᠠᠪᠴᠢᠷᠠᠵᠤ ᠴᠢᠳᠠᠬᠤ ᠦᠭᠡᠢ ᠮᠦᠷᠲᠡᠭᠡᠨ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠤᠶᠢᠰᠢ ᠲᠠᠲᠠᠬᠤ ᠪᠣᠯᠤᠨ᠎ᠠ᠂ ᠠᠯᠪᠠᠨ ᠤ ᠲᠠᠯ᠎ᠠ ᠠᠴᠠ ︽ᠬᠦᠰᠢᠭᠦᠷᠠᠯ ᠠᠵᠤ ᠠᠬᠤᠶᠢᠯᠠᠯ︾᠎ ᠤᠨ ᠪᠣᠢ ᠪᠣᠯᠤᠭᠰᠠᠨ ᠤᠴᠢᠷ ᠰᠢᠯᠲᠠᠭᠠᠨ ᠢ ᠬᠢᠨᠠᠮᠠᠭᠠᠶ ᠪᠠᠶᠢᠴᠠᠭᠠᠨ ᠰᠣᠳᠤᠯᠬᠤ ᠶᠢᠨ ᠬᠠᠮᠲᠤ ᠪᠣᠳᠠᠲᠠᠢ ᠠᠷᠢᠯᠭᠠᠬᠤ ᠠᠷᠭ᠎ᠠ ᠬᠡᠮᠵᠢᠶ᠎ᠡ ᠲᠣᠭᠲᠠᠭᠠᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号